︽ᠬᠦᠯᠦᠨ ᠪᠤᠶᠢᠷ ᠬᠤᠳᠠ ᠶᠢᠨ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠠᠷᠭ᠎ᠠ ︵ᠳᠤᠷᠰᠢᠨ ᠬᠡᠷᠡᠭᠵᠢᠬᠦᠯᠬᠦ︶︾ ᠶᠢᠨ ᠳᠦᠷᠦ ᠶᠢᠨ ᠪᠤᠳᠤᠯᠭ᠎ᠠ ᠶᠢᠨ ᠳᠠᠶᠢᠯᠤᠮᠵᠢ
ᠨᠡᠶᠢᠲᠡᠯᠡᠭᠰᠡᠨ ᠴᠠᠭ᠄
2020/6/4
   ︽ᠬᠤᠳᠠ ᠶᠢᠨ ᠨᠠᠶᠢᠳᠠ ᠶᠢᠨ ᠵᠠᠮ ᠬᠠᠷᠢᠯᠴᠠᠭ᠎ᠠ ᠶᠢ ᠲᠡᠷᠢᠬᠦᠨ ᠳᠤ ᠬᠦᠭᠵᠢᠬᠦᠯᠬᠦ ᠲᠤᠬᠠᠢ ᠳᠦᠷᠦ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠦᠷᠦ ᠳᠠᠷᠬᠠᠭᠠᠭᠰᠠᠨ ﹇2012﹈ 64 ᠲᠤᠭᠠᠲᠤ︶᠂ ︽ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠳᠡᠷᠢᠬᠦᠨ ᠳᠤ ᠬᠦᠭᠵᠢᠬᠦᠯᠬᠦ ᠲᠤᠬᠠᠢ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠰᠠᠨᠠᠯ︾ ︵ᠦᠪᠦᠷ ᠵᠠᠰᠠᠭ ᠲᠠᠷᠬᠠᠭᠠᠭᠰᠠᠨ ﹇2013﹈ 108 ᠲᠤᠭᠠᠳᠤ︶ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢ ᠴᠢᠩᠭᠠᠳᠬᠠᠵᠤ᠂ ᠬᠤᠳᠠ ᠶᠢᠨ ᠨᠠᠶᠢᠲᠡ ᠶᠢᠨ ᠵᠠᠮ ᠬᠠᠷᠢᠯᠴᠠᠭᠠᠨ ᠤ ᠨᠦᠬᠦᠴᠡᠯ ᠢ ᠰᠠᠶᠢᠵᠢᠷᠠᠭᠤᠯᠵᠤ ᠂ ᠨᠡᠶᠢᠲᠠ ᠶᠢᠨ ᠵᠠᠮ ᠬᠠᠷᠢᠯᠴᠠᠭᠠᠨ ᠤ ᠦᠢᠯᠡᠴᠢᠯᠡᠬᠡᠨ ᠤ ᠬᠢᠷᠢ ᠳᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠶᠠᠪᠤᠵᠤ ᠰᠠᠭᠤᠬᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠬᠦᠯᠬᠦ ᠶᠢᠨ ᠳᠦᠯᠦᠬᠡ᠂ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠴᠠ ᠬᠦᠯᠦᠨ ᠪᠤᠶᠢᠷ ᠬᠤᠲᠠ ᠶᠢᠨ ᠬᠤᠳᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠠᠷᠭ᠎ᠠ ᠶᠢ ᠲᠤᠭᠲᠠᠭᠠᠬᠤ ᠪᠠᠷ ᠰᠢᠢᠳᠴᠦ᠂ ᠬᠦᠯᠦᠨ ᠪᠤᠶᠢᠷ ᠬᠤᠳᠠ ᠶᠢᠨ ᠵᠠᠮ ᠳᠡᠭᠡᠭᠡᠪᠦᠷᠢ ᠶᠢᠨ ᠲᠤᠪᠴᠢᠶᠠᠨ ᠳᠤ ᠨᠠᠶᠢᠷᠠᠭᠤᠯᠤᠨ ᠵᠤᠬᠢᠶᠠᠬᠤ ᠡᠬᠦᠷᠬᠡ ᠳᠤᠬᠢᠷᠠᠭᠤᠯᠪᠠ᠃    ᠨᠢᠭᠡ᠂ ᠬᠠᠮᠢᠶᠠᠷᠤᠯᠳᠠ ᠶᠢᠨ ᠠᠷᠭ᠎ᠠ ᠶᠢ ᠨᠠᠶᠢᠷᠠᠭᠤᠯᠤᠨ ᠵᠤᠬᠢᠶᠠᠬᠤ ᠰᠡᠳᠬᠢᠮᠵᠢ    ᠨᠢᠭᠡ ᠳᠤ ᠬᠤᠳᠠ ᠶᠢᠨ ᠨᠠᠶᠢᠲᠡ ᠶᠢᠨ ᠵᠠᠮ ᠬᠠᠷᠢᠯᠴᠠᠭᠠᠨ ᠤ ᠡᠷᠡᠬᠦᠯ ᠢᠶᠠᠷ ᠬᠦᠭᠵᠢᠬᠦ ᠶᠢ ᠠᠬᠢᠭᠤᠯᠬᠤ ᠠᠴᠠ ᠪᠤᠳᠤᠯᠬᠢᠯᠠᠨ᠂ ᠬᠤᠲᠠ ᠶᠢᠨ ᠨᠡᠶᠢᠲᠠ ᠶᠢᠨ ᠵᠠᠮ ᠬᠠᠷᠢᠯᠴᠠᠭ᠎ᠠ ᠶᠢ ᠳᠡᠷᠢᠬᠦᠨ ᠳᠤ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠨᠡᠶᠢᠲᠡ ᠶᠢᠨ ᠵᠠᠮ ᠬᠠᠷᠢᠯᠴᠠᠭᠠᠨ ᠤ ᠲᠦᠯᠦᠪᠵᠢᠬᠦᠯᠬᠡ ᠶᠢᠨ ᠪᠦᠲᠦᠬᠡᠨ ᠪᠠᠶᠢᠭᠤᠯᠤᠯᠳᠠ᠂ ᠳᠡᠭᠡᠭᠡᠪᠦᠷᠢᠯᠡᠨ ᠡᠵᠡᠩᠨᠡᠬᠦ ᠬᠠᠮᠢᠶᠠᠷᠤᠯᠲᠠ᠂ ᠪᠢᠯᠧᠲ ᠤᠨ ᠦᠨ᠎ᠡ ᠲᠤᠭᠳᠠᠭᠠᠯ᠂ ᠡᠳ᠋ ᠤᠨ ᠵᠠᠰᠠᠭ ᠤᠨ ᠨᠦᠬᠦᠪᠦᠷᠢ ᠵᠡᠷᠬᠡ ᠲᠠᠯ᠎ᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠬᠤᠶᠠᠷ ᠲᠤ ᠤᠯᠠᠨ ᠲᠦᠮᠡᠨ ᠤ ᠶᠠᠪᠤᠵᠤ ᠰᠠᠭᠤᠬᠤ ᠦᠨᠳᠦᠰᠦᠨ ᠬᠡᠷᠡᠭᠴᠡᠭᠡ ᠶᠢ ᠬᠠᠩᠭᠠᠬᠤ ᠠᠴᠠ ᠪᠤᠳᠤᠯᠬᠢᠯᠠᠨ᠂ ᠡᠯ᠎ᠡ ᠵᠦᠢᠯ ᠤᠨ ᠶᠠᠪᠤᠵᠤ ᠰᠠᠭᠤᠬᠤ ᠠᠷᠭ᠎ᠠ ᠬᠡᠯᠪᠡᠷᠢ᠂ ᠠᠳᠠᠯᠢ ᠪᠤᠰᠤ ᠨᠡᠶᠢᠳᠠ ᠶᠢᠨ ᠵᠠᠮ ᠬᠠᠷᠢᠯᠴᠠᠭᠠᠨ ᠤ ᠠᠷᠭ᠎ᠠ ᠬᠡᠯᠪᠡᠷᠢ ᠶᠢᠨ ᠬᠤᠭᠤᠷᠤᠨᠳᠤᠬᠢ ᠨᠢᠬᠡᠳᠦᠯᠳᠡᠢ ᠵᠤᠬᠢᠴᠠᠭᠤᠯᠭ᠎ᠠ ᠶᠢ ᠴᠢᠬᠤᠯᠠᠴᠢᠯᠠᠵᠤ᠂ ᠬᠤᠳᠠ ᠶᠢᠨ ᠨᠡᠶᠢᠳᠠ ᠶᠢᠨ ᠵᠠᠮ ᠳᠡᠭᠡᠭᠡᠪᠦᠷᠢ ᠶᠢᠨ ᠦᠢᠯᠡᠴᠢᠯᠡᠬᠡᠨ ᠤ ᠶᠡᠷᠦᠩᠭᠡᠢ ᠬᠢᠷᠢ ᠲᠦᠪᠰᠢᠨ ᠢ ᠳᠡᠭᠡᠭᠰᠢᠯᠡᠬᠦᠯᠵᠦ᠂ ᠤᠯᠠᠨ ᠳᠦᠮᠡᠨ ᠤ ᠶᠠᠪᠤᠵᠤ ᠰᠠᠭᠤᠬᠤ ᠳᠤ ᠳᠦᠬᠦᠮ ᠦᠵᠡᠬᠦᠯᠦᠨ᠂ ᠬᠤᠳᠠ ᠶᠢᠨ ᠵᠠᠮ ᠬᠠᠷᠢᠯᠴᠠᠭᠠᠨ ᠤ ᠲᠦᠭᠵᠢᠷᠡᠯ ᠢ ᠨᠠᠮᠳᠠᠭᠤᠯᠤᠨ᠎ᠠ᠃ ᠭᠤᠷᠪᠠ ᠳᠤ ᠬᠤᠳᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠡᠵᠡᠩᠨᠡᠯᠲᠡ ᠶᠢ ᠪᠤᠳᠤᠯᠬᠢᠯᠠᠨ᠂ ᠡᠳᠦᠷ ᠳᠤᠲᠤᠮ ᠤᠨ ᠪᠠ ᠪᠠᠴᠢᠮ ᠪᠠᠶᠢᠳᠠᠯ ᠢ ᠠᠷᠭᠠᠴᠠᠭᠠᠬᠤ ᠬᠤᠶᠠᠷ ᠲᠠᠯ᠎ᠠ ᠠᠴᠠ ᠭᠠᠷᠳᠠᠨ᠂ ᠵᠠᠰᠠᠭ ᠤᠨ ᠤᠷᠳᠤᠨ᠂ ᠡᠵᠡᠩᠨᠡᠯᠲᠡ ᠶᠢᠨ ᠠᠵᠤ ᠠᠬᠤᠶᠢᠯᠠᠯ ᠪᠠ ᠨᠠᠶᠢᠬᠡᠮ ᠤᠯᠠᠨ ᠳᠦᠮᠡᠨ ᠤ ᠠᠮᠤᠷ ᠲᠦᠪᠰᠢᠨ ᠤ ᠬᠠᠷᠢᠭᠤᠴᠠᠯᠭ᠎ᠠ᠂ ᠡᠬᠦᠷᠬᠡ ᠶᠢ ᠲᠤᠳᠤᠷᠬᠠᠶᠢᠯᠠᠬᠤ ᠶᠢᠨ ᠬᠠᠮᠲᠤ ᠠᠮᠤᠷ ᠳᠦᠪᠰᠢᠨ ᠬᠠᠮᠢᠶᠠᠷᠤᠯᠲᠠ ᠶᠢᠨ ᠤᠨᠤᠯᠵᠢᠬᠤᠨ ᠢ ᠳᠦᠯᠦᠪᠵᠢᠬᠦᠯᠬᠡ᠂ ᠪᠦᠲᠦᠬᠡᠨ ᠪᠠᠶᠢᠭᠤᠯᠤᠯᠳᠠ ᠪᠠ ᠡᠵᠡᠩᠨᠡᠯᠳᠡ ᠶᠢᠨ ᠡᠯ᠎ᠡ ᠬᠦᠷᠢᠶ᠎ᠠ ᠴᠠᠷᠠᠭᠠᠨ ᠳᠤ ᠨᠡᠪᠳᠡᠷᠡᠬᠦᠯᠵᠤ᠂ ᠤᠯᠠᠨ ᠳᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠳᠤᠯᠠᠨ᠎ᠠ᠃    ᠬᠤᠶᠠᠷ᠂ ᠬᠠᠮᠢᠶᠠᠷᠤᠯᠳᠠ ᠶᠢᠨ ᠠᠷᠭ᠎ᠠ ᠶᠢ ᠨᠠᠶᠢᠷᠠᠭᠤᠯᠤᠨ ᠵᠤᠬᠢᠶᠠᠬᠤ ᠵᠠᠷᠴᠢᠮ    1. ᠵᠤᠬᠢᠴᠠᠩᠭᠤᠢ ᠴᠢᠨᠠᠷ ᠤᠨ ᠵᠠᠷᠴᠢᠮ     ᠬᠤᠳᠠ ᠶᠢᠨ ᠨᠡᠶᠢᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ᠶᠢ ᠨᠠᠶᠢᠷᠠᠭᠤᠯᠤᠨ ᠵᠤᠬᠢᠶᠠᠬᠤ ᠳᠤ ᠬᠤᠳᠠ ᠶᠢᠨ ᠵᠠᠮ ᠳᠡᠭᠡᠭᠡᠪᠦᠷᠢ ᠶᠢᠨ ᠡᠵᠡᠩᠨᠡᠯᠳᠡ ᠶᠢᠨ ᠠᠷᠭ᠎ᠠ ᠮᠠᠶ᠋ᠢᠭ᠂ ᠱᠤᠭᠤᠮ ᠤᠨ ᠰᠦᠯᠵᠢᠶᠡᠨ ᠤ ᠪᠦᠲᠦᠴᠡ᠂ ᠨᠡᠶᠢᠲᠡ ᠶᠢᠨ ᠵᠠᠮ ᠬᠠᠷᠢᠯᠴᠠᠭᠠᠨ ᠤ ᠪᠦᠷᠬᠦᠯᠲᠡ ᠶᠢᠨ ᠤᠷᠤᠨ ᠪᠦᠰᠡ ᠶᠢᠨ ᠦᠷᠭᠡᠴᠡ ᠪᠠ ᠬᠦᠨᠴᠡ ᠠᠴᠠ ᠶᠡᠷᠦᠩᠭᠡᠶᠢᠯᠡᠨ ᠪᠤᠳᠤᠯᠬᠢᠯᠠᠵᠤ᠂ ᠬᠤᠲᠠ ᠶᠢᠨ ᠶᠡᠷᠦᠩᠭᠡᠶᠢᠯᠡᠭᠰᠡᠨ ᠵᠠᠮ ᠬᠠᠷᠢᠯᠴᠠᠭ᠎ᠠ ᠨᠢ ᠬᠤᠳᠠ ᠶᠢᠨ ᠶᠡᠷᠦᠩᠭᠡᠶᠢᠯᠡᠭᠰᠡᠨ ᠨᠡᠶᠢᠲᠡ ᠶᠢᠨ ᠵᠠᠮ ᠬᠠᠷᠢᠯᠴᠠᠭ᠎ᠠ ᠲᠠᠢ ᠬᠠᠷᠢᠯᠴᠠᠨ ᠵᠤᠬᠢᠴᠠᠩᠭᠤᠢ ᠪᠠᠶᠢᠬᠤ ᠬᠡᠷᠡᠭᠳᠡᠢ᠃     2. ᠰᠢᠰᠲ᠋ᠧᠮᠵᠢ ᠴᠢᠨᠠᠷ ᠤᠨ ᠵᠠᠷᠴᠢᠮ     ᠬᠤᠳᠠ ᠶᠢᠨ ᠨᠡᠶᠢᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠠᠷᠭ᠎ᠠ ᠶᠢ ᠨᠠᠶᠢᠷᠠᠭᠤᠯᠤᠨ ᠵᠤᠬᠢᠶᠠᠬᠤ ᠳᠤ ᠬᠤᠲᠠ ᠶᠢᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ᠂ ᠬᠦᠭᠵᠢᠯᠳᠡ ᠶᠢᠨ ᠨᠦᠬᠦᠴᠡᠯ᠂ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠪᠠ ᠳᠦᠷᠦ ᠶᠢᠨ ᠪᠤᠳᠤᠯᠭ᠎ᠠ ᠶᠢᠨ ᠲᠤᠭᠳᠠᠯᠴᠠᠭ᠎ᠠ ᠵᠡᠷᠬᠡ ᠠᠭᠤᠯᠭ᠎ᠠ ᠶᠢ ᠶᠡᠷᠦᠩᠭᠡᠶᠢᠯᠡᠨ ᠪᠤᠳᠤᠯᠬᠢᠯᠠᠵᠤ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠪᠠ ᠪᠤᠰᠤᠳ ᠠᠶᠠᠨᠴᠢᠨ ᠤ ᠳᠡᠬᠡᠬᠡᠪᠦᠷᠢ ᠶᠢᠨ ᠠᠷᠭ᠎ᠠ ᠬᠡᠯᠪᠡᠷᠢ ᠶᠢ ᠬᠠᠷᠢᠯᠴᠠᠨ ᠵᠤᠯᠭᠠᠭᠤᠯᠬᠤ ᠶᠢ ᠴᠢᠩᠭᠠᠳᠬᠠᠬᠤ ᠬᠡᠷᠡᠭᠳᠡᠢ᠃     3. ᠬᠡᠷᠡᠭᠯᠡᠬᠡᠨ ᠳᠤ ᠲᠤᠬᠢᠷᠠᠯᠴᠠᠬᠤ ᠴᠢᠨᠠᠷ ᠤᠨ ᠵᠠᠷᠴᠢᠮ     ᠬᠤᠳᠠ ᠶᠢᠨ ᠨᠡᠶᠢᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠠᠷᠭ᠎ᠠ ᠶᠢ ᠨᠠᠶᠢᠷᠠᠭᠤᠯᠤᠨ ᠵᠤᠬᠢᠶᠠᠬᠤ ᠳᠤ ᠬᠤᠳᠠ ᠶᠢᠨ ᠭᠦᠮᠦᠨ ᠠᠮᠠ ᠶᠢᠨ ᠬᠡᠪᠴᠢᠶᠡᠵᠢᠯ ᠪᠠ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠠᠶᠢᠳᠠᠯ ᠢ ᠶᠡᠷᠦᠩᠭᠡᠶᠢᠯᠡᠨ ᠪᠤᠳᠤᠯᠬᠢᠯᠠᠵᠤ᠂ ᠬᠤᠳᠠ ᠶᠢᠨ ᠵᠠᠮ ᠬᠠᠷᠢᠯᠴᠠᠭᠠᠨ ᠤ ᠬᠦᠭᠵᠢᠯᠳᠡ ᠶᠢᠨ ᠤᠨᠴᠠᠯᠢᠭ ᠲᠠᠢ ᠤᠶᠠᠯᠳᠤᠭᠤᠯᠤᠨ᠂ ᠭᠠᠵᠠᠷ ᠬᠡᠷᠡᠭᠯᠡᠬᠦ ᠨᠦᠬᠦᠴᠡᠯ᠂ ᠪᠡᠯᠡ ᠤᠷᠤᠭᠤᠯᠬᠤ ᠴᠢᠳᠠᠪᠤᠷᠢ ᠵᠡᠷᠬᠡ ᠬᠦᠴᠦᠨ ᠵᠦᠢᠯ ᠢ ᠬᠦᠢᠴᠡᠳ ᠪᠤᠳᠤᠯᠬᠢᠯᠠᠨ᠂ ᠭᠠᠵᠠᠷ ᠤᠷᠤᠨ ᠤ ᠪᠠᠶᠢᠳᠠᠯ ᠳᠤ ᠪᠠᠨ ᠳᠤᠬᠢᠷᠠᠭᠤᠯᠤᠨ ᠰᠢᠨᠵᠢᠯᠡᠬᠦ ᠤᠬᠠᠭᠠᠨᠴᠢ ᠵᠦᠢ ᠶᠤᠰᠤᠨ ᠤ᠂ ᠦᠨᠡᠨ ᠬᠦ ᠬᠡᠷᠡᠭᠵᠢᠬᠦᠯᠦᠬᠦᠰᠢᠳᠡᠢ᠂ ᠵᠤᠬᠢᠬᠤ ᠬᠡᠮᠵᠢᠶ᠎ᠠ ᠪᠠᠷ ᠤᠷᠢᠳᠴᠢᠯᠠᠭᠰᠠᠨ ᠬᠠᠮᠢᠶᠠᠷᠤᠯᠳᠠ ᠶᠢᠨ ᠲᠦᠰᠦᠯ ᠲᠤᠭᠲᠠᠭᠠᠬᠤ ᠬᠡᠷᠡᠭᠳᠡᠢ᠃     4. ᠨᠡᠬᠡᠬᠡᠯᠳᠡᠳᠤ ᠴᠢᠨᠠᠷ ᠤᠨ ᠵᠠᠷᠴᠢᠮ     ᠬᠤᠳᠠ ᠶᠢᠨ ᠨᠡᠶᠢᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠠᠷᠭ᠎ᠠ ᠶᠢ ᠨᠠᠶᠢᠷᠠᠭᠤᠯᠬᠤ ᠳᠤ ᠠᠵᠢᠯ ᠲᠦᠷᠦᠯ ᠤᠨ ᠲᠤᠰᠬᠠᠢ ᠮᠡᠷᠬᠡᠵᠢᠯᠳᠡᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠰᠠᠨᠠᠯ ᠢ ᠦᠷᠬᠡᠨ ᠢᠶᠠᠷ ᠬᠤᠷᠢᠶᠠᠨ ᠂ ᠰᠠᠨᠠᠯ ᠵᠦᠪᠯᠡᠯᠬᠡ ᠶᠢ ᠬᠦᠢᠴᠡᠳ ᠬᠦᠯᠢᠶᠡᠨ ᠠᠪᠴᠤ᠂ ᠨᠠᠷᠢᠨ ᠬᠢᠨᠠᠮᠠᠭᠠᠢ ᠰᠤᠳᠤᠯᠤᠨ ᠨᠤᠳᠠᠯᠠᠵᠤ᠂ ᠬᠠᠮᠢᠶᠠᠷᠤᠯᠳᠠ ᠶᠢᠨ ᠲᠦᠰᠦᠯ ᠢ ᠪᠦᠷᠢᠯᠳᠦᠭᠦᠯᠬᠦ ᠬᠡᠷᠡᠭᠲᠡᠢ᠃    ᠭᠤᠷᠪᠠ᠂ ᠬᠠᠮᠢᠶᠠᠷᠣᠯᠲᠠ ᠶᠢᠨ ᠠᠷᠭ᠎ᠠ ᠶᠢ ᠨᠠᠶᠢᠷᠠᠭᠤᠯᠤᠨ ᠵᠤᠬᠢᠶᠠᠬᠤ ᠦᠨᠳᠦᠰᠦᠯᠡᠯ     ︵ᠨᠢᠭᠡ︶ ᠤᠯᠤᠰ ᠤᠨ ᠬᠠᠮᠢᠶ᠎ᠠ ᠪᠦᠬᠦᠢ ᠬᠠᠤᠯᠢ ᠲᠥᠷᠢᠮ᠂ ᠰᠠᠯᠠᠭ᠎ᠠ ᠮᠦᠴᠢᠷ ᠤᠨ ᠲᠥᠷᠢᠮ ᠲᠤᠭᠲᠠᠭᠠᠯ᠂ ᠠᠯᠪᠠᠳᠠᠯᠭ᠎ᠠ ᠶᠢᠨ ᠴᠢᠨᠠᠷ ᠲᠠᠢ ᠣᠯᠣᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠵᠡᠷᠭᠡ ᠶᠢᠨ ᠱᠠᠭᠠᠷᠳᠠᠯᠭ᠎ᠠ︔     ︵ᠬᠤᠶᠠᠷ︶ ︽ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠲᠡᠷᠢᠭᠦᠨ ᠳᠤ ᠬᠦᠭᠵᠢᠭᠦᠯᠬᠦ ᠲᠤᠬᠠᠢ ᠲᠥᠷᠥ ᠶᠢᠨ ᠶᠠᠪᠤᠲᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2012﹈ 64 ᠲᠤᠭᠠᠳᠤ︶᠂ ︽ᠬᠤᠲᠠ ᠶᠢᠨ ᠨᠡᠶᠢᠲᠡ ᠶᠢᠨ ᠵᠠᠮ ᠤᠨ ᠬᠠᠷᠢᠯᠴᠠᠭ᠎ᠠ ᠶᠢ ᠤᠷᠢᠳ ᠢᠶᠠᠷ ᠬᠦᠭᠵᠢᠭᠦᠯᠬᠦ ᠲᠤᠬᠠᠢ ᠥᠪᠦᠷ ᠮᠣᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠠᠨᠠᠯ︾ ︵ᠥᠪᠦᠷ ᠵᠠᠰᠠᠭ ᠲᠠᠷᠬᠠᠭᠠᠭᠰᠠᠨ ﹇2013﹈ 108 ᠳ᠋ᠤᠭᠠᠷ ᠨᠣᠮᠧᠷ︶᠂ ︽ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠦᠯᠦᠪᠯᠡᠯᠭᠡ ᠨᠠᠶᠢᠷᠠᠭᠤᠯᠤᠨ ᠵᠤᠬᠢᠶᠠᠬᠤ ᠵᠦᠭᠯᠡᠭᠦᠷ︾ ︵ᠵᠠᠮ ᠲᠡᠭᠡᠭᠡᠪᠦᠷᠢ ᠲᠠᠷᠬᠠᠭᠠᠭᠰᠠᠨ ﹇2014﹈ 236 ᠲᠤᠭᠠᠳᠤ︶᠂ ᠵᠠᠮ ᠲᠡᠭᠡᠭᠡᠪᠦᠷᠢ ᠶᠢᠨ ᠬᠡᠯᠲᠡᠰ ᠤᠨ ︽ᠬᠤᠲᠠ ᠶᠢᠨ ᠨᠡᠶᠢᠲᠡ ᠶᠢᠨ ᠮᠠᠰᠢᠨ ᠪᠠ ᠴᠠᠬᠢᠯᠭᠠᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠣᠯᠲᠠ ᠶᠢᠨ ᠲᠤᠭᠳᠠᠭᠠᠯ︾ ︵ᠵᠠᠮ ᠲᠡᠭᠡᠭᠡᠪᠦᠷᠢ ᠶᠢᠨ ᠬᠡᠯᠲᠡᠰ ᠤᠨ ᠵᠠᠷᠯᠢᠭ 2017 ᠣᠨ ᠤ 5 ᠲᠤᠭᠠᠳᠤ︶ ᠵᠡᠷᠭᠡ᠃     ᠲᠥᠷᠪᠡ᠂ ᠭᠤᠣᠯ ᠨᠠᠶᠢᠷᠠᠭᠤᠯᠤᠨ ᠵᠤᠬᠢᠶᠠᠬᠤ ᠶᠠᠪᠤᠴᠠ     ︵ᠨᠢᠭᠡ︶ 5 ᠰᠠᠷ᠎ᠠ ᠶᠢᠨ 5 ᠤ ᠡᠳᠦᠷ ᠬᠦᠯᠦᠨ ᠪᠤᠶᠢᠷ ᠬᠤᠲᠠ ᠶᠢᠨ ᠵᠠᠮ ᠲᠡᠭᠡᠭᠡᠪᠦᠷᠢ ᠶᠢᠨ ᠲᠤᠪᠴᠢᠶ᠎ᠠ ︽ᠬᠦᠯᠦᠨ ᠪᠤᠶᠢᠷ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠨᠤᠤᠷᠠᠭ ᠢ ᠪᠠᠶᠡᠯᠡᠭᠦᠯᠪᠡ᠃     ︵ᠬᠤᠶᠠᠷ︶ 5 ᠰᠠᠷ᠎ᠠ ᠶᠢᠨ 16 ᠤ ᠡᠳᠦᠷ ᠬᠦᠯᠦᠨ ᠪᠤᠶᠢᠷ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠠᠨᠠᠯ ᠬᠤᠷᠢᠶᠠᠬᠤ ᠵᠠᠬᠢᠲᠠᠯ ᠵᠢᠴᠢ ᠨᠤᠤᠷᠠᠭ ᠲᠠᠷᠬᠠᠭᠠᠪᠠ᠂ 5 ᠰᠠᠷ᠎ᠠ ᠶᠢᠨ 16 ᠤ ᠡᠳᠦᠷ - 5 ᠰᠠᠷ᠎ᠠ ᠶᠢᠨ 30 ᠡᠳᠦᠷ ᠪᠤᠯᠲᠠᠯ᠎ᠠ ᠬᠦᠯᠦᠨ ᠪᠤᠶᠢᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠬᠢᠭᠡᠳ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠦᠴᠢᠷ ᠬᠠᠷᠢᠭᠤ ᠲᠤᠰᠬᠠᠭᠰᠠᠨ ᠰᠠᠨᠠᠯ ᠳᠤᠷᠠᠳᠪᠠ᠃ ᠬᠤᠲᠠ ᠶᠢᠨ ᠵᠠᠮ ᠲᠡᠭᠡᠭᠡᠪᠦᠷᠢ ᠶᠢᠨ ᠲᠤᠪᠴᠢᠶ᠎ᠠ ᠬᠠᠷᠢᠭᠤ ᠲᠤᠰᠬᠠᠭᠰᠠᠨ ᠰᠠᠨᠠᠯ ᠳᠤ ᠬᠠᠨᠳᠤᠭᠤᠯᠤᠨ ᠨᠤᠤᠷᠠᠭ ᠲᠤ ᠵᠠᠰᠠᠯᠲᠠ ᠬᠢᠬᠦ ᠶᠢᠨ ᠬᠠᠮᠳᠤ ᠡᠯ᠎ᠠ ᠬᠠᠮᠵᠢᠯᠴᠠᠭᠰᠠᠨ ᠨᠢᠭᠡᠴᠡ ᠳᠤ ᠰᠠᠨᠠᠯ ᠬᠦᠯᠢᠶᠠᠨ ᠠᠪᠤᠭᠰᠠᠨ ᠪᠠᠶᠢᠳᠠᠯ ᠢᠶᠠᠨ ᠮᠡᠳᠡᠭᠳᠡᠪᠡ᠃ ᠮᠦᠨᠴᠦ ᠬᠤᠲᠠ ᠶᠢᠨ ᠵᠠᠰᠠᠭ ᠤᠨ ᠤᠷᠳᠤᠨ ᠤ ᠨᠠᠷᠢᠨ ᠪᠢᠴᠢᠭᠡᠴᠢ ᠶᠢᠨ 8 ᠳ᠋ᠤᠭᠠᠷ ᠰᠠᠯᠠᠭᠠᠨ ᠳᠤ ᠮᠡᠳᠡᠭᠦᠯᠦᠨ ᠬᠦᠷᠭᠡᠪᠡ᠃     ︵ᠭᠤᠷᠪᠠ︶ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠱᠠᠭᠠᠷᠳᠠᠯᠭ᠎ᠠ ᠶᠢ ᠦᠨᠳᠦᠰᠦᠯᠡᠨ᠂ 9 ᠰᠠᠷ᠎ᠠ 9 ᠤ ᠡᠳᠦᠷ ᠬᠠᠶᠢᠯᠠᠷ ᠲᠤᠭᠤᠷᠢᠭ ᠤᠨ ᠵᠠᠰᠠᠭ ᠤᠨ ᠣᠷᠳᠣᠨ ᠳᠤ ᠰᠠᠨᠠᠯ ᠬᠤᠷᠢᠶᠠᠬᠤ ᠵᠠᠬᠢᠲᠠᠯ ᠵᠢᠴᠢ ᠵᠠᠰᠠᠭᠰᠠᠨ ᠨᠤᠤᠷᠠᠭ ᠶᠠᠪᠤᠭᠤᠯᠪᠠ᠃ 9 ᠰᠠᠷ᠎ᠠ ᠶᠢᠨ 16 ᠤ ᠡᠳᠦᠷ ᠬᠠᠶᠢᠯᠠᠷ ᠲᠤᠭᠤᠷᠢᠭ ᠤᠨ ᠵᠠᠰᠠᠭ ᠤᠨ ᠣᠷᠳᠣᠨ ᠤ ᠬᠠᠷᠢᠭᠤ ᠲᠤᠰᠬᠠᠭᠰᠠᠨ ᠰᠠᠨᠠᠯ ᠢ ᠬᠦᠯᠢᠶᠡᠨ ᠠᠪᠴᠤ᠂ ᠵᠠᠮ ᠲᠡᠭᠡᠭᠡᠪᠦᠷᠢ ᠶᠢᠨ ᠲᠤᠪᠴᠢᠶ᠎ᠠ ᠬᠠᠷᠢᠭᠤ ᠲᠤᠰᠬᠠᠭᠰᠠᠨ ᠰᠠᠨᠠᠯ ᠤᠨ ᠠᠭᠤᠯᠭ᠎ᠠ ᠳᠤ ᠬᠠᠨᠳᠤᠭᠤᠯᠤᠨ ᠬᠡᠰᠡᠭ ᠬᠡᠮᠵᠢᠶᠡᠨ ᠤ ᠵᠠᠰᠠᠯᠲᠠ ᠬᠢᠬᠦ ᠶᠢᠨ ᠬᠠᠮᠳᠤ ᠰᠠᠨᠠᠯ ᠬᠦᠯᠢᠶᠡᠨ ᠠᠪᠤᠭᠰᠠᠨ ᠪᠠᠶᠢᠳᠠᠯ ᠢᠶᠠᠨ ᠮᠡᠳᠡᠭᠳᠡᠪᠡ᠃    ᠲᠠᠪᠤ᠂ ᠵᠢᠱᠢᠯᠲᠠ ᠶᠢᠨ ᠦᠷ᠎ᠡ ᠳ᠋ᠦᠩ     ᠨᠢᠭᠡ ᠳᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠦᠷᠢᠨ ᠲᠦᠬᠦᠷ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠤᠭᠳᠠᠯᠴᠠᠭ᠎ᠠ ᠶᠢ ᠪᠠᠶᠢᠭᠤᠯᠵᠤ᠂ ᠣᠯᠠᠨ ᠲᠦᠮᠡᠨ ᠳᠤ ᠠᠮᠤᠷ ᠲᠦᠪᠰᠢᠨ ᠨᠠᠶᠢᠳᠠᠪᠤᠷᠢᠲᠠᠶ᠂ ᠲᠦᠭᠦᠮ ᠲᠦᠲᠡ ᠦᠨᠳᠦᠷ ᠠᠰᠢᠭᠯᠠᠮᠵᠢᠲᠠᠢ᠂ ᠬᠢᠮᠳᠠ ᠲᠤᠬᠢᠯᠢᠭ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠭᠰᠠᠨ ᠬᠤᠲᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠨᠡᠶᠢᠲᠡ ᠶᠢᠨ ᠵᠠᠮ ᠬᠠᠷᠢᠯᠴᠠᠭᠠᠨ ᠤ ᠬᠡᠯᠪᠡᠷᠢ ᠶᠢ ᠡᠩ ᠲᠡᠷᠢᠭᠦᠨ ᠳᠤ ᠰᠤᠩᠭᠤᠨ ᠬᠡᠷᠡᠭᠯᠡᠬᠦ ᠶᠢ ᠬᠦᠳᠦᠯᠦᠨ ᠵᠢᠯᠤᠭᠤᠳᠤᠨ᠎ᠠ᠃ ᠬᠤᠶᠠᠷ ᠲᠤ ᠡᠯ᠎ᠡ ᠲᠦᠷᠦᠯ ᠤᠨ ᠪᠡᠯᠡ ᠣᠷᠣᠭᠤᠯᠬᠤ ᠭᠤᠤᠯ ᠴᠤᠭᠴᠠ ᠶᠢ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠪᠠ ᠲᠡᠭᠡᠭᠡᠪᠦᠷᠢᠯᠡᠨ ᠡᠵᠡᠩᠨᠡᠬᠦ ᠦᠶ᠋ᠯᠡᠴᠢᠯᠡᠭᠡ ᠳᠤ ᠣᠷᠣᠯᠴᠠᠭᠤᠯᠤᠨ᠎ᠠ᠃ ᠭᠤᠷᠪᠠ ᠳᠤ ᠰᠢᠨ᠎ᠡ ᠮᠡᠷᠭᠡᠵᠢᠯ᠂ ᠰᠢᠨ᠎ᠡ ᠡᠨᠧᠷᠭᠢ᠂ ᠰᠢᠨ᠎ᠡ ᠲᠤᠨᠤᠭᠯᠠᠯ ᠲᠡᠯᠭᠡᠷᠡᠭᠦᠯᠦᠨ ᠬᠡᠷᠡᠭᠵᠢᠭᠦᠯᠦᠭᠳᠡᠵᠦ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠤᠶᠤᠨᠴᠢᠯᠠᠭᠰᠠᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠠᠭ ᠵᠠᠩᠭᠢ ᠶᠢᠨ ᠮᠡᠷᠭᠡᠵᠢᠯ ᠢ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢᠯᠡᠨ ᠡᠵᠡᠩᠨᠡᠬᠦ ᠦᠢᠯᠡᠴᠢᠯᠡᠭᠡ ᠬᠢᠭᠡᠳ ᠠᠮᠤᠷ ᠲᠦᠪᠰᠢᠨ ᠬᠠᠮᠢᠶᠠᠷᠤᠯᠲᠠ ᠶᠢᠨ ᠲᠠᠯ᠎ᠠ ᠳᠤ ᠦᠷᠭᠡᠨ ᠢᠶᠠᠷ ᠬᠡᠷᠡᠭᠯᠡᠨ᠎ᠡ᠃ ᠲᠥᠷᠪᠡ ᠳᠤ ᠬᠤᠲᠠ ᠬᠦᠳᠡᠭᠡ ᠶᠢᠨ ᠨᠡᠶᠢᠲᠡ ᠶᠢᠨ ᠵᠠᠮ ᠬᠠᠷᠢᠯᠴᠠᠭᠠᠨ ᠤ ᠡᠬᠢ ᠪᠠᠶᠠᠯᠢᠭ ᠰᠢᠯᠢᠳᠡᠭᠵᠢᠭᠦᠯᠦᠨ ᠲᠦᠬᠦᠷᠵᠢᠭᠦᠯᠦᠭᠳᠡᠵᠦ᠂ ᠬᠤᠲᠠ ᠬᠦᠳᠡᠭᠡ ᠶᠢᠨ ᠨᠡᠶᠢᠲᠡ ᠶᠢᠨ ᠵᠠᠮ ᠬᠠᠷᠢᠯᠴᠠᠭ᠎ᠠ ᠵᠤᠬᠢᠴᠠᠩᠭᠤᠢ ᠬᠦᠭᠵᠢᠵᠦ᠂ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠶᠢᠨ ᠬᠦᠷᠢᠶ᠎ᠡ ᠬᠡᠪᠴᠢᠶ᠎ᠡ ᠠᠭᠠᠵᠢᠮ ᠢᠶᠠᠷ ᠶᠡᠬᠡᠰᠦᠨ᠎ᠡ᠃    ᠬᠠᠮᠢᠶ᠎ᠠ ᠪᠦᠬᠦᠢ ᠮᠠᠲ᠋ᠧᠷᠢᠶᠠᠯ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠡᠪᠯᠡᠨ ᠲᠠᠷᠬᠠᠭᠠᠭᠰᠠᠨ ︽ᠬᠦᠯᠦᠨ ᠪᠤᠶᠢᠷ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠮᠡᠲᠡᠭᠳᠡᠯ᠃    
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号