2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020/6/5
                     2020 ᠣᠨ ᠤ 6 ᠰᠠᠷ᠎ᠠ ᠶᠢᠨ 2 ᠤᠨ ᠡᠳᠦᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ  ᠬᠤᠰᠢᠭᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨᠲᠥᠯᠥᠭᠡᠯᠡᠭᠴᠢᠳ ᠡ᠄     ᠣᠳᠣ᠂ ᠪᠢ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠣ᠃     ᠵᠢᠯ ᠤᠨ ᠡᠬᠢᠨ ᠠᠴᠠ ᠨᠠᠰᠢ᠂ ᠭᠡᠨᠡᠳᠲᠡ ᠡᠭᠦᠰᠦᠭᠰᠡᠨ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠣᠣᠱᠯᠠᠭᠤᠯᠵᠣ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠣᠷᠢᠵᠢᠭᠤᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠷᠢᠭᠦᠨ ᠴᠢᠬᠤᠯᠠ ᠤᠯᠤᠰ ᠲᠥᠷᠥ ᠶᠢᠨ ᠡᠬᠦᠷᠬᠡ ᠪᠣᠯᠤᠨ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠣᠭᠠᠨ ᠢ ᠪᠦᠬᠦ ᠲᠠᠯ᠎ᠠ ᠪᠠᠷ ᠬᠢᠪᠡ᠃ ᠪᠢᠳᠡ ᠪᠦᠭᠦᠳᠡᠭᠡᠷ ᠰᠡᠳᠬᠢᠯ ᠨᠢᠬᠡᠳᠦᠨ᠂ ᠨᠢᠳᠣᠨ ᠡᠮᠦᠨᠡᠬᠢ ᠬᠦᠴᠢᠷ ᠪᠡᠷᠬᠡ ᠶᠢ ᠬᠠᠮᠲᠤ ᠪᠠᠷ ᠲᠤᠭᠤᠯᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠣᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠡᠮᠴᠢ ᠰᠣᠪᠢᠯᠠᠭᠴᠢᠳ᠂ ᠨᠡᠶᠢᠭᠡᠮ ᠲᠣᠭᠤᠷᠢᠭ ᠤᠨ ᠠᠵᠢᠯᠲᠠᠨ᠂ ᠨᠠᠮ ᠤᠨ ᠭᠡᠰᠢᠭᠦᠨ ᠤ ᠭᠠᠪᠰᠢᠭᠠᠶ ᠠᠩᠭᠢ ᠵᠠᠷᠯᠢᠭ ᠢ ᠰᠣᠨᠣᠰᠣᠨ ᠬᠥᠳᠡᠯᠦᠯᠴᠡᠵᠦ᠂ ᠣᠨᠣᠪᠴᠢᠲᠠᠶ ᠰᠡᠷᠭᠡᠶᠢᠯᠡᠨ ᠡᠵᠡᠮᠳᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠰᠠᠶᠢᠳᠣᠷ ᠬᠠᠮᠠᠭᠠᠯᠠᠪᠠ᠃ ᠡᠯ᠎ᠡ ᠲᠥᠷᠥᠯ ᠤᠨ ᠠᠵᠤ ᠠᠬᠤᠶᠢᠯᠠᠯ᠂ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠡᠯ᠎ᠡ ᠡᠳᠡᠬᠡᠳ᠂ ᠥᠷᠭᠡᠨ ᠣᠯᠠᠨ ᠲᠦᠮᠡᠨ ᠬᠦᠴᠦᠯᠡᠨ ᠳᠠᠮᠵᠢᠵᠤ᠂ ᠬᠠᠲᠠᠭᠤ ᠪᠡᠷᠬᠡᠰᠢᠶᠡᠯ ᠢ ᠬᠠᠮᠲᠤᠪᠠᠷ ᠳᠤᠭᠤᠯᠵᠤ᠂ ᠬᠢᠵᠢᠭ ᠤᠨ ᠪᠠᠶᠢᠳᠠᠯ ᠢ ᠡᠰᠡᠷᠭᠦᠴᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠪᠦᠬᠦ ᠬᠤᠰᠢᠭᠤᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠬᠠᠷᠪᠢᠨ ᠬᠤᠲᠠ ᠠᠴᠠ ᠮᠠᠨ ᠤ ᠬᠤᠰᠢᠭᠤᠨ ᠳᠤ ᠢᠷᠡᠭᠰᠡᠨ ᠬᠤᠶᠠᠷ ᠣᠨᠣᠰᠢᠯᠠᠭᠰᠠᠨ ᠡᠪᠡᠳᠴᠢᠳᠡᠨ ᠪᠦᠬᠦ ᠲᠠᠯ᠎ᠠ ᠪᠠᠷ ᠡᠳᠡᠭᠡᠷᠡᠨ ᠡᠮᠨᠡᠯᠭᠡ ᠠᠴᠠ ᠭᠠᠷᠴᠣ᠂ ᠨᠢᠭᠲᠠ ᠣᠶᠢᠷᠠᠲᠤᠭᠰᠠᠨ ᠬᠥᠮᠦᠰ ᠲᠤ ᠪᠦᠬᠦᠨ ᠢ ᠲᠣᠰᠠᠭᠠᠷᠯᠠᠬᠤ ᠠᠷᠭ᠎ᠠ ᠬᠡᠮᠵᠢᠶ᠎ᠡ ᠠᠪᠴᠣ᠂ ᠬᠢᠵᠢᠭ ᠤᠨ ᠪᠠᠶᠢᠳᠠᠯ ᠤᠨ ᠳᠣᠲᠣᠭᠠᠳᠤ ᠳᠠᠭᠠᠨ ᠥᠷᠭᠡᠵᠢᠨ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠣᠭᠠᠨ ᠤ ᠱᠠᠳᠣᠴᠢ ᠴᠢᠨᠠᠷᠲᠠᠶ ᠢᠯᠠᠯᠲᠠ ᠶᠢ ᠣᠯᠵᠠᠶ᠃   ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠪᠣᠯ ᠵᠠᠰᠠᠭ ᠤᠨ ᠣᠷᠳᠣᠨ ᠤ ᠲᠥᠷᠥ ᠪᠠᠷᠢᠬᠤ ᠴᠢᠳᠠᠪᠤᠷᠢ᠂ ᠨᠠᠮ ᠤᠨ ᠭᠡᠰᠢᠭᠦᠨ ᠺᠠᠳ᠋ᠷᠴᠣᠳ ᠤᠨ ᠦᠢᠯᠡᠴᠢᠯᠡᠬᠡᠨ ᠤ ᠴᠢᠳᠠᠪᠣᠷᠢ ᠶᠢᠨ ᠨᠢᠬᠡᠨ ᠤᠳᠠᠭᠠᠨ ᠤ ᠶᠡᠭᠡ ᠰᠢᠯᠭᠠᠯᠲᠠ ᠪᠣᠯᠤᠨ᠎ᠠ᠂ ᠪᠢᠳᠡ ᠬᠡᠨᠡᠳᠳᠡ ᠡᠬᠦᠰᠦᠭᠰᠡᠨ ᠬᠦᠨᠳᠦ ᠶᠡᠭᠡ ᠣᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠬᠡᠷᠡᠭ ᠢ ᠠᠷᠭᠠᠴᠠᠬᠤ ᠲᠣᠷᠰᠢᠯᠭ᠎ᠠ ᠶᠢ ᠬᠦᠢᠴᠡᠳ ᠬᠤᠷᠠᠮᠳᠣᠭᠤᠯᠵᠣ᠂ ᠰᠢᠨ᠎ᠡ ᠪᠠᠶᠢᠳᠠᠯ ᠳᠣᠣᠷᠠᠬᠢ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠪᠦᠲᠦᠮᠵᠢᠲᠡᠢ ᠳᠡᠭᠡᠭᠰᠢᠯᠡᠬᠦᠯᠵᠦ᠂ ᠪᠦᠯᠬᠦᠮᠳᠡᠨ ᠨᠢᠭᠡᠳᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠲᠠᠰᠤᠷᠠᠯᠳᠠ ᠦᠭᠡᠢ ᠨᠢᠭᠲᠠᠷᠠᠭᠤᠯᠪᠠ᠃ ᠰᠠᠨᠠᠭᠠᠴᠢᠯᠠᠭ᠎ᠠ ᠠᠴᠠ ᠪᠠᠨ ᠳᠠᠶᠢᠨ ᠵᠠᠷᠯᠠᠬᠤ ᠪᠠᠷ ᠭᠤᠶᠣᠴᠢᠯᠠᠭᠰᠠᠨ ᠠᠮᠠᠯᠠᠯᠲᠠ᠂ ᠵᠣᠷᠢᠭᠲᠠᠶ ᠪᠠᠷ ᠬᠦᠴᠢᠷ ᠢ ᠰᠥᠷᠴᠦ ᠣᠷᠣᠭᠰᠢᠯᠠᠬᠤ ᠪᠠᠷ᠎ᠠ ᠪᠣᠯ ᠬᠢᠵᠢᠭ ᠤᠨ ᠪᠠᠶᠢᠳᠠᠯ ᠢ ᠡᠰᠡᠷᠭᠦᠴᠡᠬᠦ ᠴᠢᠬᠤᠯᠠ ᠶᠡᠭᠡ ᠦᠷ᠎ᠡ ᠪᠦᠲᠦᠮᠵᠢ ᠶᠢ ᠣᠯᠬᠤ ᠶᠢᠨ ᠬᠦᠴᠦᠲᠡᠢ ᠪᠠᠲᠤᠯᠠᠭ᠎ᠠ ᠪᠣᠯᠬᠤ ᠮᠦᠷᠳᠡᠬᠡᠨ ᠡᠸᠡᠩᠬᠢ ᠶᠢᠨ ᠲᠠᠯ᠎ᠠ ᠨᠣᠲᠤᠭ ᠤᠨ ᠬᠢᠵᠢᠭ ᠲᠠᠢ ᠲᠡᠮᠡᠴᠡᠭᠰᠡᠨ ᠥᠨᠢᠳᠡ ᠪᠠᠯᠠᠷᠠᠰᠢ ᠦᠭᠡᠢ ᠢᠷᠠᠭᠤ ᠲᠣᠣᠯᠢᠰ ᠢ ᠪᠢᠴᠢᠭᠯᠡᠭᠰᠡᠨ ᠪᠠᠶᠢᠨ᠎ᠠ᠃ ᠠᠳᠡ ᠪᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠪᠦᠬᠦ ᠨᠥᠬᠦᠳ ᠲᠤ ᠴᠢᠩ ᠰᠡᠳᠬᠢᠯ ᠤᠨ ᠲᠣᠬᠤᠨᠢᠭᠤᠯᠤᠯ ᠬᠦᠷᠬᠡᠶ᠎ᠡ︕ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠭᠰᠡᠨ ᠦᠨᠳᠦᠰᠦᠲᠡᠨ ᠨᠦᠭᠦᠳ ᠤᠨ ᠣᠯᠠᠨ ᠲᠦᠮᠡᠨ᠂ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠦ ᠪᠠᠶᠢᠨ᠎ᠠ︕     ᠨᠢᠭᠡ᠂ 2019 ᠣᠨ ᠤ ᠭᠤᠤᠯᠳᠠᠯᠭ᠎ᠠ ᠲᠠᠢ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠦᠨ ᠳᠠᠶᠢᠴᠢᠯᠠᠵᠣ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠦ ᠪᠣᠬᠢᠷᠳᠣᠯ ᠦᠭᠡᠢ ᠪᠠᠷ ᠬᠦᠭᠵᠢᠬᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠣ᠂ ᠠᠵᠣ ᠠᠬᠤᠢ ᠨᠡᠶᠢᠬᠡᠮ ᠤᠨ ᠦᠨᠳᠦᠷ ᠴᠢᠨᠠᠷ ᠴᠢᠨᠰᠠᠭ᠎ᠠ ᠲᠠᠢ ᠪᠠᠷ ᠬᠡᠯᠪᠡᠷᠢ ᠪᠠᠨ ᠬᠤᠪᠢᠷᠠᠭᠤᠯᠣᠨ ᠬᠦᠭᠵᠢᠬᠦ ᠶᠢ ᠬᠦᠴᠦᠯᠡᠨ ᠠᠬᠢᠭᠤᠯᠵᠣ᠂ ᠵᠢᠯ ᠤᠨ ᠡᠬᠢᠨ ᠤ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠢᠶᠠᠷ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃     ︵ᠨᠢᠭᠡ︶ ᠭᠤᠤᠯ ᠪᠣᠯᠬᠤ ᠠᠵᠤ ᠠᠬᠤᠶ ᠶᠢᠨ ᠬᠦᠢᠴᠡᠳᠬᠡᠯ ᠲᠤᠭ᠎ᠠ ᠲᠣᠭᠲᠠᠭᠤᠨ ᠢᠶᠠᠷ ᠨᠡᠮᠡᠭᠳᠡᠪᠡ᠃ ᠪᠦᠬᠦ ᠬᠤᠰᠢᠭᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 106.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7.37 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 23 ᠳ᠋ᠦᠩᠰᠢᠭᠤᠷ ᠲᠥᠭᠦᠷᠢᠭ ᠪᠡᠶᠡᠯᠡᠬᠦᠯᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 33214 ᠲᠥᠭᠦᠷᠢᠭ ᠪᠡᠶᠡᠯᠡᠭᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ︔ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 24926 ᠲᠥᠭᠦᠷᠢᠭ ᠪᠡᠶᠡᠯᠡᠭᠦᠯᠵᠦ ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠪᠡ︔ ᠨᠡᠶᠢᠬᠡᠮ ᠤᠨ ᠬᠡᠷᠡᠭᠯᠡᠬᠡᠨ ᠤ ᠵᠦᠢᠯᠡᠰ ᠢ ᠵᠢᠵᠢᠭᠯᠡᠨ ᠪᠣᠷᠣᠯᠠᠭᠤᠯᠣᠭᠰᠠᠨ ᠶᠡᠷᠥᠩᠬᠡᠢ ᠬᠡᠮᠵᠢᠶ᠎ᠡ 20.6 ᠳ᠋ᠦᠩᠰᠢᠭᠤᠷ ᠲᠦᠭᠦᠷᠢᠭ ᠪᠣᠯᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 5.5% ᠢᠶᠠᠷ ᠨᠡᠮᠡᠭᠳᠡᠪᠡ᠃ ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠣᠨ ᠤ ᠠᠵᠢᠯᠯᠠᠭ᠎ᠠ︾ ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ ᠱᠠᠳᠣᠨ ᠤ ᠭᠤᠣᠯᠳᠠᠯᠭ᠎ᠠ ᠲᠠᠢ ᠲᠥᠷᠥᠯ ᠵᠦᠢᠯ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ᠂ ᠬᠤᠰᠢᠭᠤᠨ ᠤ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠡᠬᠢᠯᠡᠭᠦᠯᠦᠭᠰᠡᠨ ᠨᠣᠷᠮ᠎ᠠ 80% ᠳᠤ ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 13.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠭᠲᠠᠭᠤᠨ ᠢᠶᠠᠷ ᠨᠡᠮᠡᠭᠳᠡᠬᠦ ᠬᠠᠷᠠᠯᠲᠠ ᠶᠢ ᠪᠡᠶᠡᠯᠡᠭᠦᠯᠪᠡ᠃ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠶᠢᠨ ᠶᠡᠷᠦᠩᠬᠡᠢ ᠪᠦᠷᠬᠦᠴᠡ 73% ᠳᠤ ᠬᠦᠷᠴᠦ᠂ ᠣᠢ ᠰᠢᠭᠤᠶ ᠶᠢᠨ ᠬᠠᠳᠠᠭᠠᠯᠠᠭᠳᠠᠴᠠ ᠶᠢᠨ ᠬᠡᠮᠵᠢᠶ᠎ᠡ 1273 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠬᠤᠲᠠ ᠪᠠᠯᠭᠠᠰᠤᠨ ᠤ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ 97% ᠳᠤ ᠬᠦᠷᠪᠡ᠃     ︵ᠬᠤᠶᠠᠷ︶ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ ᠢᠯᠡᠳᠲᠡ ᠦᠷ᠎ᠡ ᠪᠦᠲᠦᠮᠵᠢ ᠤᠯᠪᠠ᠃ ᠡᠩ ᠤᠨ ᠴᠢᠨᠠᠷᠲᠠᠶ ᠵᠠᠷᠤᠯᠭ᠎ᠠ ᠶᠢ ᠶᠡᠬᠡᠪᠡᠷ ᠪᠠᠭᠠᠰᠬᠠᠵᠤ᠂ ᠬᠢᠵᠠᠭᠠᠷᠲᠠᠶ ᠡᠳ᠋ ᠤᠨ ᠬᠦᠴᠦᠨ ᠢ ᠪᠦᠬᠦᠨ ᠢ ᠥᠷᠢ ᠦᠭᠴᠡᠭᠡ ᠢᠯᠭᠠᠷᠠᠭᠤᠯᠬᠤ ᠳᠤ ᠬᠡᠷᠡᠭᠯᠡᠵᠦ᠂ ᠪᠦᠬᠦ ᠵᠢᠯ ᠳᠤ ᠨᠡᠶᠢᠲᠡ 4.64 ᠳ᠋ᠦᠩᠰᠢᠭᠤᠷ ᠲᠥᠭᠦᠷᠢᠭ ᠤᠨ ᠥᠷᠢ ᠦᠭᠴᠡᠭᠡ ᠶᠢ ᠠᠷᠢᠯᠭᠠᠵᠣ᠂ 2.15 ᠳ᠋ᠦᠩᠰᠢᠭᠤᠷ ᠲᠦᠭᠦᠷᠢᠭ ᠳᠠᠪᠠᠭᠤᠯᠣᠨ ᠪᠡᠶᠡᠯᠡᠬᠦᠯᠵᠦ᠂ ᠠᠷᠠᠳ ᠠᠴᠠ ᠡᠵᠡᠩᠨᠡᠭᠰᠡᠨ ᠳᠣᠮᠳᠠ ᠵᠢᠵᠢᠭ ᠠᠵᠣ ᠠᠬᠤᠶᠢᠯᠠᠯ ᠤᠨ ᠳᠠᠩᠰᠠ ᠵᠣᠭᠤᠰ ᠢ 2 ᠳ᠋ᠦᠩᠰᠢᠭᠤᠷ ᠲᠦᠭᠦᠷᠢᠭ ᠢᠯᠭᠠᠷᠠᠭᠤᠯᠣᠨ ᠲᠦᠯᠦᠪᠡ᠃ ᠠᠷᠠᠳ ᠤᠨ ᠬᠤᠭᠤᠷᠣᠨᠳᠣᠬᠢ ᠥᠨᠳᠥᠷ ᠬᠦᠦ ᠲᠠᠢ ᠵᠢᠭᠡᠯᠡᠯᠭᠡ ᠶᠢ ᠦᠷᠭᠦᠯᠵᠢᠯᠡᠨ ᠵᠢᠷᠣᠮᠵᠢᠭᠤᠯᠵᠣ᠂ 470 ᠡᠷᠦᠬᠡ᠂ 2190 ᠲᠦᠮᠡᠨ ᠲᠥᠭᠦᠷᠢᠭ ᠤᠨ ᠦᠷᠢ ᠦᠭᠴᠡᠭᠡ ᠶᠢ ᠠᠷᠢᠯᠭᠠᠵᠣ᠂ ᠵᠢᠭᠡᠯᠡᠯᠭᠡ ᠠᠪᠬᠤ ᠬᠡᠪᠴᠢᠶ᠎ᠡ ᠪᠠ ᠵᠢᠭᠡᠯᠡᠯᠭᠡ ᠠᠪᠬᠤ ᠡᠷᠦᠬᠡ ᠶᠢᠨ ᠲᠤᠭ᠎ᠠ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠪᠡ᠃ ᠢᠳᠡᠪᠬᠢᠲᠡᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠥᠩᠭᠦᠨ ᠬᠦᠢᠯᠬᠡᠬᠡᠨ ᠤ ᠰᠢᠰᠲ᠋ᠧᠮ ᠤᠨ ᠠᠶᠤᠯ ᠲᠦᠭᠰᠢᠬᠦᠷᠢ ᠶᠢ ᠯᠠᠪᠳᠠᠭᠤᠨ ᠢᠶᠠᠷ ᠰᠢᠢᠳᠪᠦᠷᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠵᠦ᠂ 1205 ᠡᠷᠦᠬᠡ 2844 ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠶᠢᠨ ᠡᠩᠨᠡᠭᠡ ᠠᠴᠠ ᠭᠠᠷᠴᠣ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠬᠥᠮᠦᠨ ᠳᠤᠮᠳᠠᠴᠢ ᠶᠢᠨ ᠣᠷᠣᠯᠭ᠎ᠠ 15488 ᠲᠥᠭᠦᠷᠢᠭ ᠲᠤ ᠬᠦᠷᠴᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠪᠠ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠣᠯᠲᠠ ᠶᠢᠨ ᠲᠣᠬᠠᠢ ᠲᠤᠰᠬᠠᠶ ᠲᠣᠭᠤᠷᠢᠨ ᠪᠠᠶᠢᠴᠠᠭᠠᠵᠣ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ︽ᠠᠷᠪᠠᠨ ᠵᠦᠢᠯ ᠢ ᠪᠡᠶᠡᠯᠡᠬᠦᠯᠵᠦ ᠪᠠᠷᠢᠮᠵᠢᠶ᠎ᠠ ᠳᠤ ᠬᠦᠷᠦᠬᠦᠯᠬᠦ︾ ᠲᠤᠰᠬᠠᠶ ᠠᠵᠢᠯᠯᠠᠭ᠎ᠠ ᠶᠢᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ 67 ᠵᠦᠢᠯ ᠤᠨ ᠶᠠᠳᠠᠭᠤ ᠠᠴᠠ ᠠᠩᠬᠢᠵᠢᠷᠠᠭᠤᠯᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠶᠠᠳᠠᠭᠤᠷᠠᠯ ᠢ ᠬᠤᠷᠢᠭᠯᠠᠬᠤ ᠠᠵᠢᠯ ᠤᠨ ᠲᠣᠭᠲᠠᠴᠠ ᠶᠢ ᠲᠣᠭᠲᠠᠭᠠᠨ ᠭᠠᠷᠭᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠡᠬᠦᠷᠭᠡ ᠶᠢ ᠪᠦᠬᠦᠨ ᠢ ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠳᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠪᠠ᠃ ᠬᠥᠯᠥᠨ ᠨᠠᠭᠤᠷ ᠤᠨ ᠳᠡᠭᠡᠳᠦ ᠤᠷᠤᠰᠬᠠᠯ ᠤᠨ ᠠᠮᠢ ᠠᠬᠤᠢ ᠶᠢᠨ ᠵᠠᠰᠠᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ᠂ ᠳ᠋ᠠᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠠᠵᠢᠯ ᠢᠶᠠᠨ ᠡᠬᠢᠯᠡᠭᠦᠯᠪᠡ᠃ ᠪᠦᠲᠦᠬᠡᠨ ᠪᠠᠶᠢᠭᠤᠯᠣᠭᠰᠠᠨ ᠲᠣᠭᠤᠷᠢᠭ ᠤᠨ 10 ᠲᠣᠨ ᠤ ᠵᠣᠤᠬ᠎ᠠ ᠵᠢᠴᠢ 10 ᠲᠣᠨ ᠬᠦᠷᠬᠦ ᠦᠭᠡᠢ ᠨᠡᠭᠦᠷᠡᠰᠦ ᠰᠢᠳᠠᠭᠠᠬᠤ ᠵᠤᠤᠬ᠎ᠠ ᠶᠢ 65 ᠰᠠᠭᠤᠷᠢ  ᠨᠣᠷᠠᠭᠠᠵᠣ ᠦᠭᠡᠷᠡᠴᠢᠯᠡᠬᠦ᠂ 19 ᠰᠠᠭᠤᠷᠢ ᠲᠣᠰᠣ ᠨᠡᠮᠡᠬᠦ ᠦᠷᠳᠡᠭᠡ ᠶᠢ ᠦᠭᠡᠷᠡᠴᠢᠯᠡᠨ ᠪᠠᠶᠢᠭᠤᠯᠬᠤ ᠡᠭᠦᠷᠭᠡ ᠶᠢ ᠪᠡᠶᠡᠯᠡᠬᠦᠯᠪᠡ᠃    ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠬᠦᠴᠦᠲᠡᠢ ᠠᠬᠢᠭᠤᠯᠪᠠ᠃ ᠨᠢᠭᠡᠳᠦᠭᠡᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠪᠦᠬᠦ ᠬᠤᠰᠢᠭᠤᠨ ᠤ ᠮᠠᠯ ᠤᠨ ᠶᠡᠷᠦᠩᠬᠡᠶ ᠲᠤᠭ᠎ᠠ 98.3 ᠲᠦᠮᠡ ᠳᠤ ᠬᠦᠷᠴᠦ᠂ ᠰᠢᠨ᠎ᠡ ᠰᠣᠷᠭᠤᠭ ᠰᠦᠨ ᠤ ᠭᠠᠷᠤᠯᠲᠠ 8.5 ᠲᠦᠮᠡᠨ ᠲᠣᠨ ᠳᠤ ᠬᠦᠷᠴᠦ᠂ ᠮᠢᠬᠠᠨ ᠤ ᠭᠠᠷᠤᠯᠲᠠ 1.8 ᠲᠦᠮᠡᠨ ᠲᠣᠨ ᠳᠤ ᠬᠦᠷᠴᠦ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ  ᠤᠨ ᠶᠡᠷᠦᠩᠬᠡᠢ ᠬᠦᠳᠡᠯᠭᠡᠭᠴᠢ ᠬᠦᠴᠦᠨ 20.4 ᠲᠦᠮᠡᠨ ᠺᠢᠯᠣᠸᠠᠲ ᠲᠤ ᠬᠦᠷᠪᠡ᠃ ᠰᠠᠭᠠᠯᠢ ᠶᠢᠨ ᠦᠨᠢᠶ᠎ᠡ ᠬᠡᠪᠴᠢᠶᠡᠵᠢᠬᠦᠯᠦᠨ ᠲᠡᠵᠢᠭᠡᠨ ᠦᠷᠡᠵᠢᠭᠦᠯᠬᠦ ᠲᠠᠯᠠᠪᠠᠢ ᠶᠢ 10 ᠰᠢᠨ᠎ᠡ ᠪᠠᠷ ᠪᠠᠶᠢᠭᠤᠯᠬᠤ ᠪᠠ ᠦᠷᠬᠡᠳᠬᠡᠨ ᠪᠠᠶᠢᠭᠤᠯᠵᠣ᠂ ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡᠨ ᠡᠳ᠋ᠰᠢᠬᠦᠯᠦᠨ ᠡᠵᠡᠩᠨᠡᠬᠦ ᠭᠤᠤᠯ ᠴᠣᠭᠴᠠ ᠶᠢ 6 ᠪᠣᠶᠢᠵᠢᠭᠤᠯᠪᠠ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠳᠤ ᠮᠢᠬᠠᠨ ᠤ ᠲᠥᠷᠥᠯ ᠤᠨ ᠦᠢᠯᠡᠳᠬᠦᠨ ᠢ ᠬᠠᠩᠭᠠᠬᠤ ᠤᠤᠯ ᠭᠠᠷᠤᠯᠲᠠ ᠶᠢᠨ ᠣᠷᠣᠨ ᠢᠶᠠᠷ ᠵᠢᠬᠰᠠᠭᠠᠭᠳᠠᠨ᠂ ᠬᠤᠶᠠᠳᠤᠭᠠᠷ ᠬᠤᠭᠤᠴᠠᠭᠠᠨ ᠤ ︽ᠪᠡᠭᠡᠵᠢᠩ · ᠬᠥᠯᠥᠨ ᠪᠣᠶᠢᠷ ᠤᠨ ᠲᠠᠩᠰᠤᠭ ᠢᠳᠡᠭᠡᠨ ᠤ ᠨᠠᠶᠢᠷ︾ ᠢ ᠠᠮᠵᠢᠯᠲᠠ ᠲᠠᠢ ᠳᠠᠭᠠᠭᠠᠨ ᠡᠷᠬᠢᠯᠡᠵᠦ᠂ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷᠡᠲᠦ ᠳᠡᠮᠳᠡᠭᠲᠦ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠯ᠎ᠠ ᠨᠤᠲᠤᠭ ᠤᠨ ᠣᠬᠤᠷ ᠰᠡᠭᠦᠯᠲᠦ ᠬᠤᠨᠢᠨ ᠤ ᠡᠭᠦᠯᠳᠡᠷ ᠢ ᠨᠡᠷᠡᠶᠢᠳᠬᠦ ᠠᠵᠢᠯ ᠵᠠᠩᠭᠢᠯᠠᠭ᠎ᠠ ᠶᠢᠨ ᠠᠯᠬᠤᠮ ᠢ ᠠᠯᠬᠤᠵᠣ᠂ ᠲᠤᠰᠬᠠᠢ ᠮᠡᠷᠭᠡᠵᠢᠯᠲᠡᠨ ᠤ ᠲᠤᠬᠠᠢ ᠶᠢᠨ ᠲᠠᠯᠠᠪᠠᠢ ᠳᠤ ᠬᠢᠨᠠᠨ ᠲᠣᠭᠲᠠᠭᠠᠯᠲᠠ ᠬᠢᠬᠦ ᠶᠢ ᠠᠮᠵᠢᠯᠲᠠ ᠲᠠᠢ ᠪᠡᠶᠡᠯᠡᠬᠦᠯᠵᠦ᠂ ᠣᠷᠣᠨ ᠨᠤᠲᠤᠭ ᠤᠨ ᠠᠯᠠᠰᠢᠨ ᠬᠤᠨᠢᠨ ᠤ ᠰᠠᠶᠢᠨ ᠡᠬᠦᠯᠳᠡᠷ ᠤᠨ ᠬᠤᠭᠤᠰᠣᠨ ᠢ ᠨᠦᠬᠦᠪᠦᠷᠢᠯᠡᠪᠡ᠃ ᠲᠡᠵᠢᠭᠡᠯ ᠡᠪᠡᠰᠦ ᠦᠢᠯᠡᠳᠪᠦᠷᠢᠯᠡᠬᠦ ᠠᠵᠤ ᠠᠬᠤᠶᠢᠯᠠᠯ ᠢ 24 ᠪᠤᠶᠢᠵᠢᠭᠤᠯᠤᠨ ᠪᠤᠵᠠᠭᠠᠶᠢᠷᠠᠭᠤᠯᠵᠤ᠂ ᠲᠠᠷᠢᠮᠠᠯ ᠴᠠᠷᠭᠠᠰᠦ ᠡᠪᠡᠰᠦᠨ ᠤ ᠲᠠᠯᠠᠪᠠᠢ 25 ᠲᠦᠮᠡᠨ ᠮᠦ ᠳᠤ ᠬᠦᠷᠪᠡ᠃ ᠬᠤᠶᠠᠳᠤᠭᠠᠷ ᠠᠵᠤ ᠦᠢᠯᠡᠰ ᠲᠣᠭᠲᠠᠭᠤᠨ ᠤ ᠳᠤᠮᠳᠠ ᠤᠷᠤᠭᠰᠢᠯᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠳᠠᠬᠢ ᠳᠠᠶᠢᠴᠢᠯᠠᠬᠤ ᠦᠢᠯᠡᠳᠦᠯ ᠢᠯᠡᠷᠬᠡᠶ ᠪᠣᠯᠵᠠᠶ᠃ 3524.5 ᠲᠦᠮᠡᠨ ᠲᠣᠨ ᠲᠦᠬᠦᠬᠡᠢ ᠨᠡᠭᠦᠷᠡᠰᠦ ᠦᠢᠯᠡᠳᠪᠦᠷᠢᠯᠡᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ 241.8 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 91.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12% ᠨᠡᠮᠡᠭᠳᠡᠪᠡ᠃ ᠬᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠦᠷᠨᠢᠨ ᠬᠦᠭᠵᠢᠵᠦ᠂ ᠦᠷᠬᠦᠯᠵᠢᠯᠡᠨ ᠰᠠᠶᠢᠵᠢᠷᠠᠵᠦ᠂ ᠨᠡᠶᠢᠲᠡ 2.8 ᠳ᠋ᠦᠩᠰᠢᠭᠤᠷ ᠲᠦᠭᠦᠷᠢᠭ ᠪᠡᠶᠡᠯᠡᠬᠦᠯᠵᠦ᠂ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 231.4% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠨᠡᠯᠢᠶᠡᠳ ᠲᠦᠷᠭᠡᠨ ᠬᠥᠭᠵᠢᠵᠦ᠂ ︽ᠭᠤᠷᠪᠠᠨ ᠬᠦᠷᠢᠶᠡᠯᠡᠩ︾ ᠤᠨ ᠪᠦᠲᠦᠭᠡᠨ ᠪᠠᠶᠢᠭᠤᠯᠣᠯᠲᠠ ᠵᠠᠩᠭᠢᠯᠠᠭ᠎ᠠ ᠶᠢᠨ ᠠᠬᠢᠴᠠ ᠲᠠᠢ ᠪᠣᠯᠵᠤ᠂ ᠬᠥᠯᠥᠨ ᠪᠣᠶᠢᠷ ᠤᠨ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠤᠨ ᠲᠡᠷᠭᠡ ᠬᠠᠮᠢᠶᠠᠷᠬᠤ ᠭᠠᠵᠠᠷ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠵᠦ᠂ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ 2A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠲᠤᠭᠳᠠᠭᠠᠭᠳᠠᠪᠠ᠃ ᠳᠦᠷᠪᠡᠨ ᠣᠯᠠᠷᠢᠯ ᠤᠨ ᠪᠠᠶᠠᠷ ᠳᠣᠷᠠᠰᠬᠠᠯ ᠤᠨ ᠠᠵᠢᠯᠯᠠᠭ᠎ᠠ ᠨᠢ ᠡᠯ᠎ᠡ ᠭᠠᠵᠠᠷ ᠣᠷᠣᠨ ᠤ ᠵᠢᠭᠤᠯᠴᠢᠯᠠᠭᠴᠢᠳ ᠤᠨ ᠪᠠᠭ᠋ᠠᠷᠣᠯ ᠢ ᠲᠠᠲᠠᠭᠰᠠᠨ ᠨᠡᠷ᠎ᠡ ᠶᠢᠨ ᠬᠠᠭᠤᠳᠠᠰᠣ ᠪᠣᠯᠵᠣ᠂ ᠣᠷᠣᠨ ᠪᠦᠰᠡ ᠶᠢᠨ ᠵᠢᠭᠤᠯᠴᠢᠯᠠᠯ ᠤᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠬᠦᠯᠪᠡ᠃     ︵ᠳᠦᠷᠪᠡ︶ ᠬᠥᠭᠵᠢᠯᠲᠡ ᠶᠢᠨ ᠰᠠᠭᠤᠷᠢ ᠲᠠᠰᠤᠷᠠᠯᠲᠠ ᠦᠭᠡᠢ ᠪᠠᠲᠤᠵᠢᠪᠠ᠃ ᠬᠥᠯᠥᠨ ᠪᠣᠶᠢᠷ ᠤᠨ ᠭᠤᠣᠯ ᠤᠨ ᠪᠠᠷᠠᠭᠤᠨᠳᠠᠬᠢ ᠰᠢᠨ᠎ᠡ ᠲᠣᠭᠤᠷᠢᠭ ᠤᠨ ᠬᠠᠮᠢᠶᠠᠷᠣᠯᠲᠠ ᠶᠢᠨ ᠡᠬᠦᠷᠭᠡ ᠴᠢᠳᠠᠪᠬᠢ ᠶᠢ ᠬᠦᠴᠦᠨ ᠦᠭᠡᠢ ᠪᠣᠯᠭᠠᠬᠤ ᠪᠠ ᠬᠦᠯᠢᠶᠡᠨ ᠠᠪᠬᠤ ᠠᠵᠢᠯ ᠢ ᠲᠡᠬᠦᠰ ᠠᠮᠵᠢᠯᠲᠠ ᠲᠠᠢ ᠪᠡᠶᠡᠯᠡᠬᠦᠯᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠦᠬᠦ ᠲᠠᠯ᠎ᠠ ᠪᠠᠷ ᠳᠡᠭᠡᠭᠰᠢᠯᠡᠪᠡ᠃ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠣ᠂ ᠬᠤᠲᠠ ᠪᠠᠯᠭᠠᠰᠣ ᠶᠢᠨ ᠣᠷᠣᠰᠢᠨ ᠰᠠᠭᠤᠬᠤ ᠣᠷᠴᠢᠨ ᠠᠬᠤᠢ ᠶᠢ ᠶᠡᠬᠡᠪᠡᠷ ᠰᠠᠶᠢᠵᠢᠷᠠᠭᠤᠯᠪᠠ᠃ ᠪᠠᠶᠠᠨᠲᠣᠬᠤᠶ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠷᠭᠡᠳᠬᠡᠨ ᠪᠠᠶᠢᠭᠤᠯᠬᠤ᠂ ᠪᠣᠷᠣᠭᠠᠨ ᠤ ᠣᠰᠣ ᠶᠢ ᠵᠠᠯᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ ᠨᠡᠭᠡᠭᠡᠯᠲᠡ ᠶᠢᠨ ᠲᠣᠭᠤᠷᠢᠭ ᠤᠨ ᠳᠠᠭᠠᠭᠠᠴᠠ ᠤᠯᠠᠮ ᠨᠢᠭᠡ ᠠᠯᠬᠤᠮ ᠴᠢᠩᠭᠠᠷᠠᠪᠠ᠃ ᠰᠧᠪᠵᠢᠬᠡᠨ ᠵᠦᠯᠭᠡ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠡᠮᠬᠢ ᠵᠢᠷᠤᠮ ᠲᠠᠢ ᠠᠬᠢᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯᠵᠢᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠤ᠂ ᠬᠤᠭ ᠨᠣᠪᠰᠢ ᠣᠪᠣᠭᠠᠯᠠᠬᠤ ᠴᠡᠭ ᠢ ᠴᠡᠭᠴᠡᠯᠡᠬᠦ᠂ ᠮᠠᠯᠵᠢᠬᠤ ᠣᠷᠣᠨ ᠤ ︽ᠵᠣᠷᠯᠣᠩ ᠤᠨ ᠬᠤᠪᠢᠰᠬᠠᠯ︾᠂ ᠮᠠᠯᠵᠢᠬᠤ ᠣᠷᠣᠨ ᠤ ᠮᠠᠯ ᠵᠢᠬᠦᠷᠳᠡᠨ ᠤ ᠢᠯᠭᠠᠳᠠᠰᠣ ᠶᠢ ᠡᠬᠢ ᠪᠠᠶᠠᠯᠢᠭ ᠪᠣᠯᠭᠠᠨ ᠠᠰᠢᠭᠯᠠᠬᠤ ᠵᠡᠷᠭᠡ ᠭᠤᠣᠯᠳᠠᠯᠭ᠎ᠠ ᠲᠠᠢ ᠡᠭᠦᠷᠭᠡ ᠤᠷᠤᠭᠰᠢᠲᠠᠢ ᠠᠬᠢᠪᠠ᠃ ᠬᠥᠳᠡᠭᠡ ᠲᠣᠰᠬᠤᠨ ᠤ ︽ᠳᠥᠷᠪᠡᠨ ᠰᠠᠶᠢᠨ︾ ᠵᠠᠮ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠣ᠂ ᠵᠢᠳᠡᠨ ᠭᠠᠴᠠᠭ᠎ᠠ ᠠᠴᠠ ᠰᠢᠶᠣᠤ ᠬᠥ᠋ ᠱᠠᠨ ᠬᠦᠷᠬᠦ ᠵᠠᠰᠠᠮᠠᠯ ᠵᠠᠮ᠂ ᠬᠤᠩᠭᠤᠯᠵᠢ ᠪᠠᠯᠭᠠᠰᠤ ᠠᠴᠠ ᠪᠣᠬᠢᠨᠳᠣ ᠣᠢ ᠰᠢᠭᠤᠢ ᠶᠢᠨ ᠲᠠᠯᠠᠪᠠᠢ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠵᠠᠮ ᠲᠡᠬᠡᠬᠡᠪᠦᠷᠢ ᠶᠢᠨ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠬᠥᠯᠥᠨ ᠪᠣᠶᠢᠷ ᠤᠨ ᠣᠯᠠᠨ ᠤᠯᠤᠰ ᠤᠨ ᠪᠣᠬᠢᠷᠲᠤᠯ ᠦᠭᠡᠢ ᠠᠮᠢ ᠠᠬᠤᠢ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠦᠵᠡᠰᠬᠦᠯᠡᠩ ᠤᠨ ᠦᠢᠯᠡᠴᠢᠯᠡᠭᠡᠨ ᠤ ᠪᠠᠲᠤᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃     ︵ᠲᠠᠪᠤ︶ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ᠂ ᠰᠤᠮᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠲᠡ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠡᠬᠦᠷᠬᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠬᠡᠪ ᠵᠠᠭᠪᠤᠷ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠃ ᠬᠤᠰᠢᠭᠤᠨ ᠳᠤ ᠰᠠᠭᠤᠭ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠬᠠᠮᠢᠶᠠᠷᠤᠯᠲᠠ ᠶᠢᠨ ᠡᠬᠦᠷᠬᠡ ᠴᠢᠳᠠᠪᠬᠢ ᠶᠢ ᠰᠢᠯᠵᠢᠭᠦᠯᠦᠨ ᠲᠤᠰᠢᠶᠠᠬᠤ ᠠᠵᠢᠯ ᠢ ᠲᠣᠭᠲᠠᠭᠤᠨ ᠢᠶᠠᠷ ᠠᠬᠢᠭᠤᠯᠵᠤ᠂ ︽ᠭᠤᠷᠪᠠᠨ ᠬᠠᠩᠭᠠᠯᠭ᠎ᠠ ᠨᠢᠭᠡ ᠠᠳᠠᠯ ᠦᠢᠯᠡᠰ︾᠂ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠡᠮᠬᠢ ᠵᠢᠷᠣᠮ ᠲᠠᠢ ᠶᠠᠪᠤᠭᠳᠠᠵᠤ᠂ ᠰᠤᠷᠭᠠᠨ ᠬᠥᠮᠦᠵᠢᠯ ᠤᠨ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠶᠢ ᠰᠢᠯᠵᠢᠬᠦᠯᠦᠨ ᠲᠤᠰᠢᠶᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ ᠎ᠡ ᠵᠦᠢᠯ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠣᠷᠢᠵᠢᠭᠤᠯᠵᠣ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠬᠦᠯᠪᠡ᠃ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ᠂ ᠤᠳᠤᠷᠢᠳᠬᠤ ᠺᠠᠳ᠋ᠷᠴᠣᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠣᠬᠠᠢ ᠬᠢᠨᠠᠨ ᠪᠣᠳᠣᠯᠲᠠ᠂ ᠪᠥᠬᠦ ᠤᠯᠤᠰ ᠤᠨ ᠳᠦᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠭᠠᠵᠠᠷ ᠰᠢᠷᠣᠶ ᠶᠢᠨ ᠪᠠᠶᠢᠴᠠᠭᠠᠯᠲᠠ ᠵᠡᠷᠭᠡ ᠭᠤᠤᠯᠳᠠᠯᠭ᠎ᠠ ᠲᠠᠢ ᠠᠵᠢᠯ ᠱᠠᠳᠣᠴᠢ ᠴᠢᠨᠠᠷᠲᠠᠶ ᠦᠷ᠎ᠡ ᠪᠦᠲᠦᠮᠵᠢ ᠣᠯᠪᠠ᠃ ᠭᠠᠳᠠᠭᠰᠢ ᠨᠡᠭᠡᠭᠡᠯᠲᠡ ᠬᠢᠬᠦ ᠠᠯᠬᠤᠴᠠ ᠤᠯᠠᠮ ᠨᠢᠭᠡ ᠠᠯᠬᠤᠮ ᠲᠦᠷᠭᠡᠳᠴᠦ᠂ ᠶᠡᠬᠡᠪᠡᠷ ᠠᠷᠠᠯᠵᠢᠶᠠᠴᠢᠨ ᠣᠷᠢᠬᠤ᠂ ᠲᠣᠮᠣ ᠠᠷᠠᠯᠵᠢᠶᠠᠴᠢᠨ ᠢ ᠤᠷᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠣ᠂ ᠤᠷᠢᠳ ᠬᠤᠵᠢᠳ ᠠ ᠯᠢ ᠪᠠ ᠪᠠ ᠪᠦᠯᠦᠭᠯᠡᠯ᠂ ᠵᠦᠩ ᠢᠦᠢ ᠪᠦᠯᠦᠭᠯᠡᠯ ᠵᠡᠷᠭᠡ ᠠᠵᠤ ᠠᠬᠤᠶᠢᠯᠠᠯ ᠲᠠᠢ ᠬᠠᠮᠵᠢᠯᠴᠠᠬᠤ ᠵᠦᠪᠳᠡᠯᠴᠡᠭᠡᠷ ᠲᠣᠭᠲᠠᠪᠠ᠃    ︵ᠵᠢᠷᠭᠤᠭ᠎ᠠ︶ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠮᠠᠯ ᠡᠪᠡᠰᠦ ᠶᠢᠨ ᠲᠠᠯᠠᠪᠠᠢ ᠶᠢ 12.8 ᠲᠦᠮᠡᠨ ᠮᠦ ᠰᠢᠨ᠎ᠡ ᠪᠠᠷ ᠨᠡᠮᠡᠭᠳᠡᠬᠦᠯᠵᠦ᠂ 6.7 ᠲᠦᠮᠡᠨ ᠮᠤ᠋ ᠪᠠᠶᠢᠭᠠᠯᠢ ᠶᠢᠨ ᠨᠣᠲᠤᠭ ᠪᠡᠯᠴᠢᠭᠡᠷ ᠢ ᠰᠠᠶᠢᠵᠢᠷᠠᠭᠤᠯᠵᠣ᠂ 4 ᠲᠦᠮᠡᠨ ᠮᠦ ᠲᠣᠣᠷ ᠬᠦᠷᠢᠶ᠎ᠡ ᠶᠢ ᠰᠢᠨ᠎ᠡ ᠪᠠᠷ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢ 6044 ᠲᠦᠮᠡᠨ ᠲᠥᠭᠦᠷᠢᠭ ᠲᠠᠷᠬᠠᠭᠠᠵᠣ᠂ 77 ᠲᠦᠮᠡᠨ ᠮᠦ ᠳᠤ ᠪᠡᠯᠴᠢᠭᠡᠷᠯᠡᠭᠦᠯᠬᠦ ᠶᠢ ᠴᠠᠭᠠᠵᠠᠯᠠᠵᠣ᠂ 1085 ᠲᠦᠮᠡᠨ ᠮᠦ ᠳᠤ ᠮᠠᠯ ᠪᠡᠯᠴᠢᠭᠡᠷ ᠢ ᠳᠡᠩᠴᠡᠭᠦᠷᠢᠰᠢᠭᠦᠯᠬᠦ ᠶᠢ ᠨᠠᠶᠢᠳᠠᠪᠦᠷᠢᠵᠢᠭᠤᠯᠪᠠ᠃ ᠣᠢ ᠰᠢᠭᠤᠶ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷ ᠨᠡᠮᠡᠭᠳᠡᠭᠰᠡᠨ ᠤᠷᠭᠤᠭ᠎ᠠ ᠮᠣᠳᠣᠨ ᠤ ᠬᠠᠳᠠᠭᠠᠯᠠᠭᠳᠠᠴᠠ 13.1 ᠲᠦᠮᠡᠨ ᠪᠣᠰᠤᠭ᠎ᠠ ᠳᠥᠷᠪᠡᠯᠵᠢᠨ ᠮᠧᠲᠷ ᠪᠣᠯᠵᠦ᠂ ᠭᠤᠷᠪᠠᠨ ᠤᠮᠠᠷᠠᠲᠤ ᠶᠢᠨ ᠬᠠᠯᠬᠠᠪᠴᠢ ᠤᠢ ᠶᠢᠨ ᠢᠨᠵᠧᠨᠧᠷᠢᠩ  ᠤᠨ 4.4 ᠲᠦᠮᠡᠨ ᠮᠦ᠂ ᠣᠢ ᠮᠣᠳᠣ ᠨᠦᠬᠦᠵᠦ ᠲᠠᠷᠢᠬᠤ ᠡᠬᠦᠷᠭᠡ ᠶᠢ 1.2 ᠲᠦᠮᠡᠨ ᠮᠦ ᠪᠡᠶᠡᠯᠡᠬᠦᠯᠵᠦ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ  ᠡᠬᠦᠷᠬᠡ ᠶᠢ 21 ᠲᠦᠮᠡᠨ ᠰᠠᠭᠤᠷᠢ ᠪᠡᠶᠡᠯᠡᠭᠦᠯᠪᠡ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠠᠵᠣ ᠦᠢᠯᠡᠰ ᠤᠨ ᠲᠦᠷᠦ ᠶᠢᠨ ᠪᠣᠳᠣᠯᠭ᠎ᠠ᠂ ᠪᠠᠶᠢᠷᠢᠯᠠᠭᠤᠯᠣᠯᠲᠠ ᠶᠢᠨ ᠲᠦᠯᠦᠪᠵᠢᠬᠦᠯᠬᠡ ᠳᠤ ᠨᠡᠶᠢᠴᠡᠬᠦ ᠦᠭᠡᠢ᠂ ᠠᠶᠣᠯᠬᠦᠢ ᠶᠢᠨ ᠭᠠᠯ ᠰᠡᠷᠭᠡᠶᠢᠯᠡᠯᠲᠡ ᠶᠢᠨ ᠬᠡᠮ ᠰᠣᠭᠤᠭ ᠲᠠᠢ ᠪᠠ ᠪᠣᠬᠢᠷᠳᠣᠯ ᠡᠳ᠋ ᠤᠨ ᠭᠠᠳᠠᠭᠰᠢᠯᠠᠭᠤᠯᠣᠯᠲᠠ ᠨᠢ ᠪᠠᠷᠢᠮᠵᠢᠶ᠎ᠠ ᠳᠤ ᠨᠡᠶᠢᠴᠡᠬᠦ ᠦᠭᠡᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠣ᠂ ᠠᠭᠠᠷ ᠤᠨ ᠴᠢᠨᠠᠷ ᠴᠢᠨᠰᠠᠭ᠎ᠠ ᠰᠠᠶᠢᠨ ᠡᠳᠦᠷ ᠤᠨ ᠲᠤᠭ᠎ᠠ ᠶᠢᠨ ᠡᠵᠡᠯᠡᠬᠦ ᠬᠠᠷᠢᠴᠠᠯ ᠢ 98% ᠳᠤ ᠬᠦᠷᠭᠡᠪᠡ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠴᠦᠯᠡᠨ ᠴᠢᠩᠭᠠᠳᠬᠠᠵᠤ᠂ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠭᠤᠤᠯ ᠮᠦᠷᠡᠨ ᠢ ᠴᠠᠭᠳᠠᠨ ᠪᠠᠶᠢᠴᠠᠭᠠᠬᠤ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠪᠠᠶᠢᠭᠤᠯᠵᠣ᠂ ᠭᠤᠤᠯ ᠮᠥᠷᠡᠨ ᠨᠠᠭᠤᠷ ᠴᠥᠭᠦᠷᠥᠮ ᠤᠨ ︽ᠳᠣᠷ᠎ᠠ ᠪᠠᠷ ᠡᠵᠡᠯᠡᠬᠦ᠂ ᠳᠣᠷ᠎ᠠ ᠪᠠᠷ ᠣᠪᠣᠭᠠᠯᠠᠬᠤ᠂ ᠳᠣᠷ᠎ᠠ ᠪᠠᠷ ᠮᠠᠯᠳᠠᠬᠤ᠂ ᠳᠣᠷ᠎ᠠ ᠪᠠᠷ ᠪᠠᠶᠢᠭᠤᠯᠬᠤ︾ ᠶᠢ ᠲᠣᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠪᠡ᠃ ᠠᠮᠢ ᠠᠬᠤᠶ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠣ᠂ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠣ᠂ ᠲᠣᠭᠲᠠᠭᠠᠯ ᠢ ᠵᠦᠷᠢᠴᠡᠨ ᠬᠡᠬᠡᠨᠴᠢᠷ ᠣᠷᠣᠨ ᠰᠠᠭᠤᠴᠠ ᠪᠠᠶᠢᠭᠤᠯᠬᠤ ᠠᠰᠠᠭᠤᠳᠠᠯ ᠢ ᠵᠢᠬᠰᠠᠭᠠᠨ ᠪᠠᠶᠢᠴᠠᠭᠠᠵᠣ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠨᠢᠭᠡ ᠪᠦᠯᠦᠭ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠪᠦᠬᠦ ᠣᠯᠤᠰ ᠤᠨ ᠬᠤᠶᠠᠳᠤᠭᠠᠷ ᠤᠳᠠᠭᠠᠨ ᠤ ᠪᠣᠬᠢᠷᠲᠤᠯ ᠤᠨ ᠡᠬᠢ ᠶᠢ ᠨᠡᠶᠢᠳᠡᠮ ᠪᠠᠶᠢᠴᠠᠭᠠᠬᠤ ᠠᠵᠢᠯ ᠢ ᠢᠳᠡᠪᠬᠢᠲᠡᠢ ᠦᠷᠨᠢᠬᠦᠯᠪᠡ᠃     ︵ᠳᠣᠯᠤᠭ᠎ᠠ︶ ᠠᠷᠠᠳ ᠲᠦᠮᠡᠨ ᠤ ᠪᠤᠶᠠᠨ ᠬᠡᠰᠢᠭ ᠦᠷᠭᠦᠯᠵᠢᠯᠡᠨ ᠨᠡᠮᠡᠭᠳᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠬᠦᠴᠦᠨ ᠲᠠᠢ ᠪᠤᠯᠵᠤ᠂ ᠠᠷᠠᠳ ᠤᠨ ᠠᠮᠢᠳᠤᠷᠠᠯ ᠤᠨ ︽ᠨᠠᠢᠮᠠᠨ ᠵᠦᠢᠯ ᠤᠨ ᠵᠠᠷᠤᠯᠭ᠎ᠠ︾ ᠶᠢ ᠨᠡᠶᠢᠳᠡ 17 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠣᠯᠭ᠎ᠠ ᠶᠢᠨ 75.8% ᠶᠢ ᠡᠵᠡᠯᠡᠪᠡ᠃ ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠪᠦᠬᠦ ᠵᠢᠯ ᠳᠤ ᠬᠤᠲᠠ ᠪᠠᠯᠭᠠᠰᠤᠨ ᠤ 1210 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 4.38% ᠪᠣᠯᠪᠠ᠃ ︽ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠢᠨᠵᠧᠨᠧᠷᠢᠩ ᠢ ᠭᠦᠨᠵᠡᠭᠡᠶ ᠠᠬᠢᠭᠤᠯᠵᠤ᠂ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ 191 ᠠᠵᠤ ᠠᠬᠤᠶᠢᠯᠠᠯ ᠣᠷᠣᠵᠣ ᠰᠠᠭᠤᠪᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠳᠠᠭᠠᠳᠬᠠᠯ ᠤᠨ ᠮᠥᠩᠭᠦ ᠶᠢ ᠴᠠᠭ ᠲᠤᠬᠠᠶ ᠳᠤᠨᠢ ᠬᠦᠢᠴᠡᠳ ᠲᠤᠭ᠎ᠠ ᠪᠠᠷ ᠲᠠᠷᠬᠠᠭᠠᠪᠠ᠃ ᠨᠡᠶᠢᠭᠡᠮ ᠤᠨ ᠠᠪᠤᠷᠠᠨ ᠲᠤᠰᠠᠯᠠᠬᠤ ᠪᠠ ᠠᠰᠠᠷᠠᠨ ᠬᠠᠷᠠᠭᠠᠯᠵᠠᠬᠤ ᠠᠵᠢᠯ ᠢ ᠴᠢᠩᠭᠠᠳᠬᠠᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠶᠢᠨ ᠮᠥᠩᠭᠦ ᠶᠢ 5314 ᠲᠦᠮᠡᠨ ᠲᠥᠭᠦᠷᠢᠭ᠂ ᠣᠨᠴᠠ ᠬᠦᠴᠢᠷᠳᠡᠯᠳᠡᠢ ᠬᠥᠮᠦᠰ ᠢ ᠠᠰᠠᠷᠠᠨ ᠬᠠᠷᠠᠭᠠᠯᠵᠠᠬᠤ ᠮᠥᠩᠭᠦ ᠶᠢ 262 ᠲᠦᠮᠡᠨ ᠲᠥᠭᠦᠷᠢᠭ᠂ ᠠᠰᠠᠷᠠᠮᠵᠢ ᠶᠢᠨ ᠮᠥᠩᠭᠦ ᠶᠢ 451 ᠲᠦᠮᠡᠨ ᠲᠦᠭᠦᠷᠢᠭ ᠲᠠᠷᠬᠠᠭᠠᠪᠠ᠃ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ ᠲᠣᠭᠲᠠᠭᠤᠨ ᠪᠠᠶᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠵᠦ᠂ ᠬᠠᠷᠭᠢᠰ ᠬᠦᠴᠦᠨ ᠳᠤ ᠬᠤᠯᠪᠣᠭᠳᠠᠭᠰᠠᠨ 49 ᠡᠷᠡᠭᠦᠤ ᠶᠢᠨ ᠬᠡᠷᠡᠭ ᠢ ᠢᠯᠡᠷᠡᠭᠦᠯᠪᠡ᠃ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠬᠦᠨᠳᠦ ᠣᠨᠴᠠ ᠶᠡᠭᠡ ᠠᠳᠡᠯ ᠡᠬᠦᠰᠬᠦ  ᠶᠢ ᠪᠦᠲᠦᠮᠵᠢᠲᠡᠢ ᠬᠤᠷᠢᠭᠯᠠᠪᠠ᠃ ᠤᠳᠤᠷᠢᠳᠤᠯᠭ᠎ᠠ ᠠᠴᠠ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠪᠠ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠣ ᠨᠠᠮᠳᠠᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠠᠷᠠᠳ ᠣᠯᠠᠨ ᠤ ᠬᠠᠣᠯᠢ ᠶᠣᠰᠣᠨ ᠤ ᠬᠦᠰᠡᠯ ᠱᠠᠭᠠᠷᠳᠠᠯᠭ᠎ᠠ ᠶᠢ ᠪᠦᠲᠦᠮᠵᠢᠲᠡᠢ ᠰᠢᠢᠳᠪᠦᠷᠢᠯᠡᠪᠡ᠃ ᠭᠠᠯ ᠰᠡᠷᠭᠡᠶᠢᠯᠡᠵᠦ ᠦᠶᠡᠷ ᠢ ᠰᠡᠷᠭᠡᠶᠢᠯᠡᠬᠦ᠂ ᠠᠮᠢᠲᠠᠨ ᠤ ᠬᠢᠵᠢᠭ ᠭᠡᠮ ᠢ ᠰᠡᠷᠭᠡᠶᠢᠯᠡᠨ ᠵᠠᠰᠠᠬᠤ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠯᠠᠪᠳᠠᠭᠤᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠢ ᠬᠦᠴᠦᠲᠡᠢ ᠪᠠᠲᠤᠯᠠᠪᠠ᠃     ︵ᠨᠠᠢᠮᠠ︶ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠠᠰᠠᠷ᠂ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠠᠰᠠᠷ᠂ ᠰᠢᠨᠡᠬᠡᠨ ᠵᠡᠭᠦᠨ ᠰᠤᠮᠤᠨ ᠤ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠵᠢᠭᠠᠨ ᠰᠤᠷᠭᠠᠯᠲᠠ ᠳᠤ ᠬᠡᠷᠡᠭᠯᠡᠬᠦ ᠭᠡᠷ᠂ ᠡᠸᠡᠩᠬᠢ ᠳᠤᠮᠳᠠᠳᠤ ᠰᠣᠷᠭᠠᠭᠤᠯᠢ ᠶᠢᠨ ᠲᠠᠮᠢᠷ ᠤᠨ ᠲᠠᠯᠠᠪᠤᠷ ᠵᠡᠷᠭᠡ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠬᠡᠷᠡᠭᠵᠢᠬᠦᠯᠪᠡ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠵᠣᠬᠢᠴᠠᠩᠭᠤᠶ ᠬᠥᠭᠵᠢᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠪᠥᠬᠦ ᠬᠤᠲᠠ ᠶᠢᠨ ᠲᠡᠷᠢᠭᠦᠨ ᠤ ᠡᠩᠨᠡᠭᠡᠨ ᠳᠤ ᠵᠢᠭᠰᠠᠭᠠᠵᠤ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠬᠦ ᠱᠣᠭᠤᠮ ᠳᠤ ᠬᠦᠷᠦᠭᠰᠡᠨ ᠨᠣᠷᠮ᠎ᠠ 52% ᠪᠣᠯᠪᠠ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ  ᠨᠡᠪᠴᠢᠭᠦᠯᠦᠦᠷ᠂ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠬᠤ ᠵᠡᠷᠭᠡ ᠠᠵᠢᠯ ᠲᠠᠪᠰᠢᠯᠳᠠ ᠲᠠᠢ ᠪᠣᠯᠪᠠ᠃ ᠰᠣᠶᠣᠯ ᠲᠠᠮᠢᠷ ᠤᠨ ᠦᠢᠯᠡᠰ ᠲᠣᠭᠲᠠᠭᠤᠨ ᠢᠶᠠᠷ ᠬᠥᠭᠵᠢᠵᠦ᠂ ᠪᠦᠬᠦ ᠣᠷᠣᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ᠪᠦᠯᠬᠦᠮ ᠤᠨ ᠠᠯᠲᠠᠨ ᠱᠠᠩᠨᠠᠯ ᠢ ᠭᠠᠷᠳᠠᠵᠤ᠂ ᠪᠦᠬᠦ ᠣᠷᠣᠨ ᠤ ᠬᠤᠶᠠᠳᠣᠭᠠᠷ ᠬᠤᠭᠤᠴᠠᠭᠠᠨ ᠤ ᠠᠭᠤᠳᠠᠮ ᠲᠠᠯᠠᠪᠠᠢ ᠶᠢᠨ ᠪᠦᠵᠢᠭ ᠤᠨ ᠣᠷᠣᠯᠳᠣᠭᠠᠨ ᠳᠤ ᠮᠠᠩᠯᠠᠶᠢᠯᠠᠵᠤ᠂ ᠡᠸ᠋ᠨᠩᠬᠢ ᠦᠨᠳᠦᠰᠦᠲᠡᠨ ᠤ ᠲᠡᠣᠬᠡ ᠰᠣᠶᠣᠯ ᠢᠶᠠᠷ ᠰᠡᠳᠦᠪᠯᠡᠭᠰᠨ ︽ ᠬᠦᠯᠦᠨ ᠪᠣᠶᠢᠷ ᠬᠤᠲᠠ︾ ᠬᠡᠬᠦ ᠺᠢᠨᠤ᠋ ᠶᠢ ᠪᠦᠬᠦ ᠣᠯᠤᠰ ᠤᠨ ᠬᠡᠪᠴᠢᠶᠡᠨ᠎ᠡ ᠦᠵᠡᠬᠦᠯᠵᠦ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠦᠯ ᠵᠦᠢᠯ 16 ᠠᠯᠲᠠᠨ ᠮᠧᠳᠠᠯ ᠣᠯᠵᠠᠢ᠃ ᠡᠷᠡᠭᠦᠯ ᠬᠠᠮᠠᠭᠠᠯᠠᠯ ᠤᠨ ᠦᠢᠯᠡᠰ ᠪᠦᠬᠦ ᠲᠠᠯ᠎ᠠ ᠪᠠᠷ ᠬᠥᠭᠵᠢᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠢᠮᠢᠨ ᠬᠤᠪᠢᠶᠠᠷᠢ ᠡᠮᠨᠡᠯᠭᠡ ᠶᠢᠨ ᠲᠦᠷᠭᠡᠨ ᠠᠪᠤᠷᠠᠯᠲᠠ ᠶᠢᠨ ᠲᠥᠪ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠯᠠᠪᠳᠠᠭᠤᠨ ᠪᠠᠳᠣᠳᠠᠢ ᠠᠬᠢᠭᠤᠯᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠰᠠᠷᠦ ᠰᠠᠶᠢᠨ ᠪᠠᠶᠢᠳᠠᠯ ᠢᠶᠠᠨ ᠣᠯᠠᠮ ᠨᠢᠬᠡ ᠠᠯᠬᠤᠮ ᠪᠠᠳᠣᠳᠬᠠᠪᠠ᠃    ᠨᠢᠭᠡ ᠵᠢᠯ ᠤᠨ ᠲᠤᠷᠰᠢ᠂ ᠤᠯᠠᠭᠠᠨ ᠵᠠᠭᠠᠯᠮᠠᠶᠢᠳᠠᠨ᠂ ᠷᠠᠳᠢᠣ᠋ ᠨᠡᠪᠲᠡᠷᠡᠭᠦᠯᠭᠡ ᠲᠧᠯᠸᠢᠰ᠂ ᠳᠠᠩᠰᠠ ᠡᠪᠬᠡᠮᠡᠯ ᠲᠡᠤᠬᠡ ᠣᠶᠢᠯᠠᠯᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠡᠮᠡᠭᠲᠡᠶᠢᠴᠦᠳ ᠬᠡᠤᠬᠡᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠠᠮᠵᠢᠯᠲᠠ ᠣᠯᠵᠤ᠂ ᠬᠤᠶᠠᠷ ᠢ ᠬᠦᠷᠢᠶᠡᠯᠡᠬᠦ᠂ ᠴᠠᠭ ᠠᠭᠤᠷ᠂ ᠲᠤᠭ᠎ᠠ ᠪᠦᠷᠢᠳᠬᠡᠯ᠂ ᠭᠠᠯ ᠣᠨᠲᠠᠷᠠᠭᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ᠂ ᠴᠢᠮᠡᠭᠡ ᠬᠤᠯᠪᠣᠭ᠎ᠠ᠂ ᠴᠠᠬᠢᠯᠭᠠᠨ ᠬᠦᠴᠦᠨ ᠵᠡᠷᠭᠡ ᠡᠯ᠎ᠡ ᠵᠦᠢᠯ ᠤᠨ ᠠᠵᠢᠯ ᠰᠢᠨ᠎ᠡ ᠳᠠᠪᠰᠢᠯᠲᠠ ᠲᠠᠢ ᠪᠣᠯᠪᠠ᠃    ᠥᠩᠭᠡᠷᠡᠭᠰᠡᠨ ᠨᠢᠭᠡ ᠵᠢᠯ ᠳᠤ᠂ ᠪᠢᠳᠡ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠠᠶᠢᠴᠠᠭᠠᠬᠤ ᠬᠢᠨᠠᠨ ᠰᠢᠯᠭᠠᠬᠤ ᠤᠯᠤᠰ ᠲᠥᠷᠥ ᠶᠢᠨ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠵᠠᠰᠠᠭ ᠵᠠᠬᠢᠷᠭᠠᠨ ᠤ ᠠᠵᠢᠯᠯᠠᠭᠠᠨ ᠢ ᠨᠡᠩ ᠡᠮᠬᠢ ᠵᠢᠷᠤᠮ ᠲᠠᠢ ᠪᠣᠯᠭᠠᠪᠠ᠃ ᠪᠢᠳᠡ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠳᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠣ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠪᠠᠷ ᠬᠦᠴᠦᠯᠡᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠣᠯᠠᠮ ᠴᠢᠩᠭᠠᠳᠬᠠᠪᠠ᠃ ᠪᠢᠳᠡ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠪᠢᠳᠡ ᠬᠥᠭᠵᠢᠯᠲᠡ ᠶᠢᠨ ᠪᠡᠷᠬᠡ ᠰᠡᠳᠦᠪ ᠢ ᠴᠥᠬᠦᠷᠡᠰᠢ ᠦᠭᠡᠢ ᠰᠢᠢᠳᠪᠦᠷᠢᠯᠡᠵᠦ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠤᠯᠠᠮ ᠨᠢᠭᠡ ᠠᠯᠬᠤᠮ ᠳᠡᠭᠡᠭᠰᠢᠯᠡᠪᠡ᠃ ᠪᠢᠳᠡ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠠᠷᠭᠠᠴᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠦᠲᠦᠮᠵᠢᠲᠡᠢ ᠬᠠᠮᠠᠭᠠᠯᠠᠪᠠ᠃    ᠲᠥᠯᠥᠭᠡᠯᠡᠭᠴᠢᠳ ᠡ᠂ ᠠᠮᠵᠢᠯᠲᠠ ᠪᠦᠲᠦᠮᠵᠢ ᠡᠷᠬᠢᠮ ᠨᠠᠨᠳᠢᠨ᠂ ᠢᠷᠡᠭᠡᠳᠦᠢ ᠶᠢᠨ ᠡᠭᠦᠷᠭᠡ ᠬᠦᠨᠳᠦ ᠵᠠᠮ ᠬᠤᠯᠠ᠃ ᠡᠳᠡᠭᠡᠷ ᠪᠣᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠭᠰᠠᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠶ ᠳᠡᠮᠵᠢᠭᠰᠡᠨ ᠤ ᠦᠷ᠎ᠡ ᠳ᠋ᠦᠩ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠦᠴᠦᠯᠡᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠢ ᠬᠦᠨᠵᠡᠭᠡᠢ ᠲᠠᠨᠢᠵᠣ ᠣᠯᠪᠠ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠡᠸᠡᠩᠬᠢ ᠶᠢᠨ ᠬᠥᠭᠵᠢᠯᠲᠡ ᠶᠢ ᠳᠡᠮᠵᠢᠵᠦ ᠬᠠᠯᠠᠮᠵᠢᠯᠠᠭᠰᠠᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠦ ᠪᠠᠶᠢᠨ᠎ᠠ︕    ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠ ᠪᠠᠰᠠ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠂ ᠭᠤᠤᠯᠳᠠᠭᠤ᠄ ᠠᠵᠤ ᠠᠬᠤᠶ ᠶᠢᠨ ᠪᠠᠭᠤᠷᠠᠯᠲᠠ ᠶᠢᠨ ᠳᠠᠷᠣᠭᠠᠰᠣ ᠦᠷᠬᠦᠯᠵᠢᠯᠡᠨ ᠶᠡᠬᠡᠳᠴᠦ ᠪᠠᠶᠢᠬᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠦᠯᠦᠬᠡᠯᠡᠯ ᠢ ᠤᠮᠳᠤᠭᠠᠶᠢᠯᠡᠵᠦ ᠦᠯᠦ ᠪᠣᠯᠬᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠮᠠᠰᠢ ᠶᠡᠭᠡ ᠪᠠᠶᠢᠬᠤ︔ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠡᠬᠦᠷᠭᠡ ᠪᠡᠷᠭᠡ ᠬᠠᠳᠠᠭᠤᠵᠢᠯᠲᠠᠢ ᠪᠠᠶᠢᠬᠤ᠂ ᠣᠯᠠᠨ ᠨᠡᠶᠢᠲᠡ ᠶᠢᠨ ᠦᠢᠯᠡᠴᠢᠯᠡᠬᠡᠨ ᠤ ᠬᠦᠷᠢᠶᠡᠨ ᠳᠤ ᠮᠦᠨ ᠴᠦ ᠠᠯᠢ ᠣᠯᠠᠨ ᠪᠠᠭᠤᠷᠠᠢ ᠭᠤᠭᠴᠤᠭ᠎ᠠ ᠪᠠᠶᠢᠬᠤ︔ ᠵᠠᠷᠢᠮ ᠰᠠᠯᠠᠭ᠎ᠠ ᠮᠦᠴᠢᠷ ᠪᠠ ᠺᠠᠳ᠋ᠷᠴᠣᠳ ᠤᠨ ᠦᠵᠡᠯ ᠰᠠᠨᠠᠭ᠎ᠠ ᠪᠦᠷᠢᠮᠦᠰᠦᠨ ᠴᠢᠯᠦᠭᠡᠯᠡᠭᠳᠡᠭᠡᠳᠦᠢ᠂ ᠬᠠᠷᠢᠭᠤᠴᠠᠯᠭ᠎ᠠ ᠡᠬᠦᠷᠭᠡᠯᠡᠬᠦ ᠣᠬᠠᠮᠰᠠᠷ᠂ ᠠᠵᠢᠯ ᠬᠦᠢᠴᠡᠳᠬᠡᠬᠦ ᠴᠢᠳᠠᠪᠣᠷᠢ ᠮᠡᠬᠦᠰ ᠪᠠᠶᠢᠬᠤ᠃ ᠡᠶᠢᠮᠦ ᠠᠴᠠ ᠪᠢᠳᠡ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ ᠴᠢᠳᠠᠪᠦᠷᠢ ᠪᠠᠨ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠦᠷᠢᠯᠡᠵᠦ᠂ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ  ᠬᠦᠰᠡᠷᠳᠡᠬᠦᠯᠬᠦ ᠦᠭᠡᠢ ᠪᠠᠶᠢᠬᠤ ᠬᠡᠷᠡᠭᠲᠡᠢ᠃     ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ    2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠣ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠣ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠣᠭᠲᠠᠭᠤᠨ ᠪᠠᠶᠢᠯᠭᠠᠬᠤ ᠪᠥᠭᠡᠳ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠣᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ︽ᠵᠢᠷᠭᠤᠭ᠎ᠠ ᠶᠢ ᠲᠣᠭᠲᠠᠪᠣᠷᠢᠵᠢᠭᠤᠯᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠣᠷᠢᠵᠢᠭᠤᠯᠵᠣ᠂ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠪᠠᠳᠣᠯᠠᠵᠣ᠂ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ ᠡᠸᠡᠩᠬᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠪᠠᠲᠤᠯᠠᠨ᠎ᠠ᠃    ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 3% ᠣᠷᠴᠢᠮ ᠨᠡᠮᠡᠭᠳᠡᠬᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠶᠡᠭᠡ ᠬᠡᠮᠵᠢᠶ᠎ᠡ ᠪᠠᠷ ᠨᠡᠮᠡᠭᠳᠡᠬᠦᠯᠦᠨ᠎ᠡ︔ ᠬᠤᠲᠠ ᠪᠠᠯᠭᠠᠰᠤ ᠪᠠ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠣᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6% ᠪᠠ 7.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠳᠠᠩᠰᠠᠯᠠᠭᠤᠯᠣᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ︔ ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠴᠢᠨᠠᠷᠲᠠᠢ ᠵᠠᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠦᠨ᠎ᠡ︔ ᠬᠢᠵᠠᠭᠠᠷᠯᠠᠬᠤ ᠴᠢᠨᠠᠷᠲᠠᠶ ᠬᠦᠢᠴᠡᠳᠬᠡᠯ ᠲᠤᠭ᠎ᠠ ᠶᠢ ᠳᠡᠭᠡᠳᠦ ᠱᠠᠲᠤᠨ ᠤ ᠱᠠᠭᠠᠷᠳᠠᠯᠭ᠎ᠠ ᠳᠤ ᠬᠦᠷᠦᠬᠦᠯᠦᠨ᠎ᠡ︔ ᠪᠣᠬᠢᠷᠲᠤᠯ ᠦᠭᠡᠢ ᠪᠠᠷ ᠬᠦᠭᠵᠢᠬᠦᠯᠬᠦ ᠬᠦᠢᠴᠡᠳᠬᠡᠯ ᠲᠤᠭ᠎ᠠ ᠶᠢᠨ ᠰᠢᠰᠲ᠋ᠧᠮ ᠢ ᠦᠷᠭᠦᠯᠵᠢᠯᠡᠨ ᠬᠡᠷᠡᠭᠵᠢᠭᠦᠯᠦᠨ᠎ᠡ᠃     ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠳᠣᠤᠷᠠᠬᠢ ᠲᠤᠯᠤᠭᠠᠨ ᠲᠠᠯ᠎ᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ᠄     ︵ᠨᠢᠭᠡ︶ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠡᠷᠡᠰ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠶ     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠣᠯᠣᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠶᠢᠳᠠᠯ ᠢ ᠣᠶᠢᠯᠭᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠢᠴᠢ ᠡᠯ᠎ᠡ ᠲᠦᠷᠦᠯ ᠤᠨ ᠬᠢᠨᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠬᠤ ᠳᠠᠶᠢᠯᠠᠯᠳᠤᠭᠠᠨ ᠤ ᠨᠡᠶᠢᠳᠡᠮ ᠪᠠᠶᠢᠴᠠᠭᠠᠯᠲᠠ ᠶᠢ ᠤᠭᠲᠤᠬᠤ ᠪᠡᠯᠡᠳᠬᠡᠯ ᠢ ᠰᠠᠶᠢᠲᠤᠷ ᠬᠢᠵᠦ᠂  ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠡᠯ᠎ᠡ ᠵᠦᠢᠯ ᠤᠨ ᠠᠰᠠᠭᠤᠳᠠᠯ ᠢ ᠪᠦᠬᠦᠨ ᠢ ᠲᠠᠩᠰᠠᠨ ᠠᠴᠠ ᠭᠠᠷᠭᠠᠬᠤ ᠶᠢ ᠦᠨᠡᠨᠬᠦ ᠪᠠᠲᠤᠯᠠᠨ᠎ᠠ᠃ 67 ᠵᠦᠢᠯ ᠤᠨ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠵᠣ᠂ ︽ᠬᠤᠶᠠᠷ ᠲᠤ ᠵᠣᠪᠠᠭ᠋ᠤ ᠦᠭᠡᠶ᠂ ᠭᠤᠷᠪᠠ ᠶᠢ ᠪᠠᠲᠤᠯᠠᠬᠤ︾ ᠪᠣᠯᠤᠨ ᠤᠰᠤ ᠣᠮᠳᠠ ᠶᠢᠨ ᠲᠠᠯ᠎ᠠ ᠪᠠᠷ ᠬᠢ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠰᠠᠭᠤᠷᠢ ᠲᠠᠯᠪᠢᠬᠤ᠂ ᠳᠤᠲᠠᠭᠤᠳᠠᠯ ᠢᠶᠠᠨ ᠨᠥᠬᠦᠪᠥᠷᠢᠯᠡᠬᠦ ᠳᠡᠭᠡᠷ᠎ᠡ ᠬᠦᠴᠦ ᠲᠠᠯᠪᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠠᠵᠢᠯ ᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ ᠮᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠪᠠ ᠣᠨᠴᠠᠯᠢᠭᠲᠤ ᠠᠵᠤ ᠦᠢᠯᠡᠰ ᠢ ᠶᠡᠬᠡᠪᠡᠷ ᠬᠦᠭᠵᠢᠬᠦᠯᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠬᠦᠯᠵᠦ᠂ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠣᠨ ᠣᠷᠣᠯᠭ᠎ᠠ ᠨᠡᠮᠡᠭᠳᠡᠬᠦᠯᠬᠦ ᠶᠢ ᠪᠡᠶᠡᠯᠡᠬᠦᠯᠦᠨ᠎ᠡ᠃  ᠳᠠᠬᠢᠨ ᠶᠠᠳᠠᠭᠤᠷᠠᠬᠤ ᠶᠢ ᠬᠤᠷᠢᠭᠯᠠᠬᠤ ᠠᠵᠢᠯ ᠢ ᠨᠡᠩ ᠴᠢᠬᠤᠯᠠ ᠪᠠᠶᠢᠷᠢ ᠳᠤ ᠲᠠᠯᠪᠢᠵᠣ᠂ ᠬᠦᠳᠡᠯᠦᠩᠬᠦᠢ ᠬᠢᠨᠠᠨ ᠪᠠᠶᠢᠴᠠᠭᠠᠯᠲᠠ ᠬᠢᠬᠦ ᠪᠠ ᠣᠷᠢᠳᠴᠢᠯᠠᠨ ᠰᠡᠷᠡᠮᠵᠢᠬᠦᠯᠬᠦ ᠶᠢ ᠴᠢᠩᠭᠠᠳᠬᠠᠵᠣ᠂ ᠳᠠᠬᠢᠨ ᠶᠠᠳᠠᠭᠤᠷᠠᠬᠤ ᠶᠢ ᠬᠤᠷᠢᠭᠯᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠲᠠᠬᠢᠨ ᠶᠠᠳᠠᠭᠤᠷᠠᠬᠤ ᠪᠠ ᠶᠠᠳᠠᠭᠤ ᠬᠦᠴᠢᠷᠳᠡᠯ ᠲᠠᠢ   ᠬᠦᠮᠦᠨ ᠠᠮᠠ ᠰᠢᠨ᠎ᠡ ᠪᠠᠷ ᠨᠡᠮᠡᠭᠳᠡᠬᠦ ᠶᠢ ᠡᠷᠡᠰ ᠰᠡᠷᠭᠡᠶᠢᠯᠡᠨ᠎ᠡ᠃     ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠳᠤ ᠬᠠᠷᠢᠭᠤ ᠲᠤᠰᠬᠠᠭᠰᠠᠨ ᠰᠠᠨᠠᠯ ᠪᠠ ᠳᠡᠭᠡᠳᠦ ᠱᠠᠳᠣᠨ ᠤ ᠡᠯ᠎ᠡ ᠲᠦᠷᠦᠯ ᠤᠨ ᠪᠠᠶᠢᠴᠠᠭᠠᠯᠲᠠ ᠳᠤ ᠬᠠᠷᠢᠭᠤ ᠳᠣᠰᠬᠠᠭᠰᠠᠨ ᠰᠠᠨᠠᠯ ᠢᠶᠠᠷ  ᠴᠡᠭᠴᠡᠯᠡᠨ ᠰᠠᠶᠢᠵᠢᠷᠠᠭᠤᠯᠬᠤ ᠠᠵᠢᠯ ᠢ ᠦᠨᠳᠦᠷ ᠴᠢᠨᠠᠷ ᠴᠢᠨᠰᠠᠭ᠎ᠠ ᠲᠠᠢ ᠲᠦᠯᠬᠢᠨ ᠠᠬᠢᠭᠤᠯᠵᠦ᠂ ᠴᠡᠭᠴᠡᠯᠡᠨ ᠵᠠᠰᠠᠬᠤ ᠠᠵᠢᠯ ᠢ ᠪᠦᠬᠦᠨ ᠢ ᠪᠡᠶᠡᠯᠡᠭᠦᠯᠬᠦ ᠶᠢ ᠪᠠᠲᠤᠯᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠠᠰᠠᠭᠤᠳᠠᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠭᠦᠨᠵᠡᠭᠡᠶ ᠥᠷᠨᠢᠭᠦᠯᠵᠦ᠂ ᠰᠢᠨ᠎ᠡ ᠨᠢᠭᠡ ᠡᠭᠡᠯᠵᠢ ᠶᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠲᠠ ᠶᠢ ᠤᠭᠲᠤᠬᠤ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠶ᠃ ᠬᠥᠬᠡ ᠲᠩᠷᠢ ᠶᠢ ᠬᠠᠮᠠᠭᠠᠯᠠᠬᠤ ᠳᠠᠶᠢᠯᠠᠯᠳᠣᠭᠠᠨ ᠢ ᠰᠠᠶᠢᠳᠣᠷ ᠬᠢᠵᠦ᠂ ᠪᠦᠲᠦᠭᠡᠨ ᠪᠠᠶᠢᠭᠤᠯᠤᠭᠰᠠᠨ ᠲᠣᠭᠤᠷᠢᠭ ᠤᠨ ᠰᠣᠯᠠ ᠨᠡᠭᠦᠷᠡᠰᠦ ᠰᠢᠲᠠᠭᠠᠬᠤ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠣ᠂ ᠨᠡᠬᠦᠷᠡᠰᠦ ᠰᠢᠲᠠᠭᠠᠬᠤ ᠵᠤᠤᠬ᠎ᠠ ᠶᠢᠨ ︽ᠡᠪᠦᠯ ᠤᠨ ᠬᠡᠮ ᠰᠣᠭᠤᠭ ᠢ ᠵᠤᠨ ᠵᠠᠰᠠᠬᠤ︾ ᠶᠢ ᠭᠦᠨᠵᠡᠭᠡᠶ ᠦᠷᠨᠢᠬᠦᠯᠵᠦ᠂ ᠪᠦᠲᠦᠬᠡᠨ ᠪᠠᠶᠢᠭᠤᠯᠤᠭᠰᠠᠨ ᠲᠣᠭᠤᠷᠢᠭ ᠤᠨ ᠦᠯᠡᠳᠡᠭᠰᠡᠨ 10 ᠲᠣᠨ ᠤ ᠵᠣᠤᠬ᠎ᠠ ᠵᠢᠴᠢ 10 ᠲᠣᠨ ᠬᠦᠷᠬᠦ ᠦᠭᠡᠢ ᠨᠡᠭᠦᠷᠡᠰᠦ ᠰᠢᠲᠠᠭᠠᠬᠤ ᠭᠦᠸᠧᠯᠦ ᠶᠢ ᠪᠦᠬᠦᠨ ᠢ ᠨᠤᠷᠠᠭᠠᠵᠤ᠂ ᠠᠭᠠᠷ ᠤᠨ ᠴᠢᠨᠠᠷ ᠴᠢᠨᠰᠠᠭ᠎ᠠ ᠰᠠᠶᠢᠨ ᠡᠳᠦᠷ ᠤᠨ ᠲᠤᠭ᠎ᠠ ᠨᠡᠮᠡᠭᠳᠡᠬᠦ ᠠᠴᠠ ᠪᠢᠰᠢ ᠬᠠᠰᠤᠭᠳᠠᠬᠤ ᠦᠭᠡᠢ ᠪᠠᠶᠢᠬᠤ ᠶᠢ ᠪᠠᠳᠣᠯᠠᠬᠤ ᠬᠡᠷᠡᠭᠲᠡᠶ᠃ ᠬᠦᠬᠡᠮᠳᠦᠭ ᠣᠰᠣ ᠶᠢ ᠬᠠᠮᠠᠭᠠᠯᠠᠬᠤ ᠳᠠᠶᠢᠯᠠᠯᠳᠣᠭᠠᠨ ᠢ ᠰᠠᠶᠢᠳᠣᠷ ᠬᠢᠵᠦ᠂ ᠭᠤᠤᠯ ᠮᠥᠷᠡᠨ ᠤ ᠳᠠᠷᠤᠭ᠎ᠠ ᠶᠢᠨ ᠳᠦᠷᠢᠮ᠂ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠦᠨᠵᠡᠭᠡᠶ ᠬᠡᠷᠡᠭᠵᠢᠬᠦᠯᠵᠦ᠂ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ᠂ ᠭᠤᠣᠯ ᠮᠥᠷᠡᠨ ᠨᠠᠭᠤᠷ ᠴᠥᠭᠦᠷᠥᠮ ᠤᠨ ︽ᠳᠣᠷ᠎ᠠ ᠪᠠᠷ ᠡᠵᠡᠯᠡᠬᠦ᠂ ᠳᠣᠷ᠎ᠠ ᠪᠠᠷ ᠮᠠᠯᠳᠠᠬᠤ᠂ ᠳᠣᠷ᠎ᠠ ᠪᠠᠷ ᠣᠪᠣᠭᠠᠯᠠᠬᠤ᠂ ᠳᠣᠷ᠎ᠠ ᠪᠠᠷ ᠪᠠᠶᠢᠭᠤᠯᠬᠤ︾ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠵᠤ᠂ ᠤᠰᠤ ᠲᠠᠲᠠᠵᠤ ᠬᠡᠷᠡᠭᠯᠡᠬᠦ ᠵᠥᠪᠰᠢᠶᠡᠷᠡᠯ᠂ ᠣᠰᠣ ᠬᠥᠷᠥᠰᠥ ᠶᠢ ᠬᠠᠮᠠᠭᠠᠯᠠᠬᠤ᠂ ᠠᠵᠤ ᠠᠬᠤᠶᠢᠯᠠᠯ ᠤᠨ ᠪᠣᠬᠢᠷ ᠡᠳ᠋ ᠭᠠᠳᠠᠭᠰᠢᠯᠠᠭᠤᠯᠬᠤ ᠵᠡᠷᠭᠡ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠴᠤ᠂ ᠬᠤᠰᠢᠭᠤᠨ ᠤ ᠬᠡᠪᠴᠢᠶᠡᠨ ᠳᠠᠬᠢ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠦᠨᠡᠨᠬᠦ ᠪᠠᠳᠣᠯᠠᠨ᠎ᠠ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠣᠭᠠᠨ ᠢ ᠰᠠᠶᠢᠲᠤᠷ ᠬᠢᠵᠦ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠣᠯᠲᠠ ᠶᠢ ᠴᠢᠩᠬᠠᠳᠬᠠᠵᠤ᠂ ᠪᠠᠷᠢᠯᠭ᠎ᠠ ᠶᠢᠨ ᠬᠤᠭ ᠨᠣᠪᠰᠢ᠂ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠵᠡᠷᠭᠡ ᠬᠠᠳᠠᠭᠤ ᠪᠡᠶᠡᠲᠦ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠵᠦ᠂ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶᠡᠨ ᠤ ᠬᠠᠮᠢᠶᠠᠷᠤᠯᠲᠠ ᠶᠢ ᠴᠢᠩᠳᠠᠯᠠᠨ᠎ᠠ᠃     ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ︽ᠤᠯᠠᠭᠠᠨ ᠱᠤᠭᠤᠮ︾ ᠤᠨ ᠤᠬᠠᠮᠰᠠᠷ ᠪᠠ ︽ᠬᠤᠷᠢᠭ᠎ᠠ ᠱᠤᠭᠤᠮ︾ ᠤᠨ ᠰᠡᠳᠬᠢᠬᠦᠶ ᠶᠢ ᠪᠠᠲᠤ ᠪᠤᠢ ᠪᠣᠯᠭᠠᠵᠤ᠂ ᠠᠵᠤ ᠠᠬᠤᠶ ᠶᠢᠨ ᠠᠵᠢᠯᠯᠠᠭᠠᠨ᠂ ᠨᠡᠶᠢᠭᠡᠮ ᠤᠨ ᠲᠣᠭᠲᠠᠭᠤᠨ ᠪᠠᠶᠢᠳᠠᠯ᠂ ᠮᠥᠩᠭᠦᠨ ᠬᠦᠢᠯᠬᠡᠬᠡᠨ ᠤ ᠵᠠᠬ᠎ᠠ ᠳᠡᠯᠭᠡᠭᠦᠷ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷᠲᠦ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠷᠢ ᠦᠭᠴᠡᠭᠡ ᠭᠠᠷᠭᠠᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠤᠯᠲᠠ᠂ ᠪᠡᠯᠡ ᠲᠣᠬᠢᠷᠠᠭᠤᠯᠭ᠎ᠠ ᠶᠢᠨ ᠲᠥᠷᠥᠯ ᠵᠦᠢᠯ ᠤᠨ ᠨᠡᠮᠡᠭᠳᠡᠯ ᠢ ᠬᠢᠵᠠᠭᠠᠷᠯᠠᠵᠤ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠳᠠᠯᠳᠠ ᠴᠢᠨᠠᠷᠲᠠᠶ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠦᠯᠡᠳᠡᠭᠳᠡᠵᠦ ᠪᠠᠶᠢᠭ᠎ᠠ ᠥᠷᠢ ᠦᠭᠴᠡᠭᠡ ᠶᠢ ᠬᠦᠴᠦᠯᠡᠨ ᠠᠷᠢᠯᠭᠠᠵᠣ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠲᠡᠮᠡᠴᠡᠨ ᠣᠯᠬᠤ᠂ ᠡᠬᠢ ᠪᠠᠶᠠᠯᠢᠭ ᠡᠳ᠋ ᠬᠥᠷᠥᠩᠭᠡ ᠶᠢ ᠭᠦᠢᠯᠭᠡᠭᠡᠨ ᠳᠤ ᠣᠷᠤᠭᠤᠯᠵᠤ ᠪᠡᠯᠡᠨ ᠵᠣᠭᠤᠰ ᠪᠣᠯᠭᠠᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ 2.57 ᠳ᠋ᠦᠩᠰᠢᠭᠤᠷ ᠲᠥᠭᠦᠷᠢᠭ ᠠᠷᠢᠯᠭᠠᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠡᠳ᠋ ᠤᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠳ᠋ ᠤᠨ ᠬᠦᠴᠦᠨ ᠤ ᠬᠡᠪᠴᠢᠶ᠎ᠡ ᠶᠢ ᠦᠷᠬᠡᠳᠬᠡᠵᠦ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠷᠢᠶᠠᠬᠤ ᠶᠣᠰᠣᠲᠠᠢ ᠶᠢ ᠪᠦᠬᠦᠨ ᠢ ᠬᠤᠷᠢᠶᠠᠵᠤ᠂ ᠳᠠᠯᠳᠠ ᠬᠦᠴᠦᠨ ᠢ ᠠᠭᠤᠳᠠᠯᠯᠠᠨ ᠣᠷᠣᠯᠭ᠎ᠠ ᠶᠢ ᠨᠡᠮᠡᠭᠳᠡᠭᠦᠯᠦᠨ᠎ᠡ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠪᠠ ᠵᠣᠷᠢᠭᠤᠳᠠ ᠥᠷᠢ ᠦᠭᠴᠡᠭᠡ ᠠᠴᠠ ᠪᠠᠨ ᠵᠠᠶᠢᠯᠠᠵᠤ ᠳᠣᠲᠠᠭᠠᠬᠤ ᠦᠷᠢ ᠰᠢᠷᠢ ᠪᠠᠨ ᠦᠭᠡᠶᠢᠰᠬᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠯᠵᠢᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯ ᠢ ᠳᠣᠪᠣᠶᠢᠮ᠎ᠠ ᠰᠠᠶᠢᠲᠤᠷ ᠠᠳᠬᠤᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ  ᠡᠭᠦᠰᠬᠦ ᠶᠢ ᠦᠨᠡᠨᠬᠦ ᠰᠡᠷᠭᠡᠶᠢᠯᠡᠬᠦ ᠬᠡᠷᠡᠭᠲᠡᠢ᠃     ︵ᠬᠤᠶᠠᠷ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠳᠣᠷ ᠠᠳᠬᠤᠬᠤ ᠬᠡᠷᠡᠭᠲᠡᠶ     ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠣᠪᠴᠢᠲᠠᠢ ᠨᠠᠶᠢᠳᠠᠪᠣᠷᠢᠵᠢᠭᠤᠯᠬᠤ ᠬᠡᠷᠡᠭᠲᠡᠢ᠃ ᠬᠢᠯᠢ ᠶᠢᠨ ᠭᠠᠳᠠᠨ᠎ᠠ ᠠᠴᠠ ᠬᠠᠯᠳᠠᠪᠣᠷᠢᠯᠠᠬᠤ  ᠶᠢ ᠰᠡᠷᠭᠡᠶᠢᠯᠡᠵᠦ᠂ ᠳᠣᠳᠣᠭᠠᠳᠣ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ ᠠᠷᠭ᠎ᠠ ᠪᠣᠳᠣᠯᠭ᠎ᠠ ᠶᠢ ᠴᠢᠩᠭ᠎ᠠ ᠨᠡᠶᠢᠳᠠᠪᠣᠷᠢᠵᠢᠭᠤᠯᠵᠣ᠂ ᠬᠢᠵᠢᠭ ᠤᠨ ᠪᠠᠶᠢᠳᠠᠯ ᠬᠦᠨᠳᠦ ᠶᠡᠭᠡ ᠲᠦᠭᠰᠢᠬᠦᠷᠢ ᠲᠠᠢ ᠤᠯᠤᠰ ᠪᠠ ᠮᠤᠵᠢ ᠣᠷᠣᠨ ᠬᠤᠲᠠ ᠠᠴᠠ ᠪᠣᠴᠠᠵᠣ ᠢᠷᠡᠭᠰᠡᠨ ᠬᠥᠮᠦᠰ ᠤᠨ ᠬᠠᠮᠢᠶᠠᠷᠤᠯᠲᠠ ᠶᠢ ᠪᠠᠲᠤᠲᠠᠶ ᠰᠠᠶᠢᠲᠤᠷ ᠬᠢᠵᠦ᠂ ᠴᠠᠭ ᠲᠤᠬᠠᠶ ᠳᠤᠨᠢ ᠢᠯᠡᠷᠡᠭᠦᠯᠬᠦ᠂ ᠪᠣᠰᠢᠭᠤ ᠲᠦᠷᠭᠡᠨ ᠰᠢᠢᠳᠪᠦᠷᠢᠯᠡᠬᠦ᠂ ᠨᠠᠷᠢᠯᠢᠭ ᠣᠨᠣᠪᠴᠢᠲᠠᠶ ᠬᠠᠮᠢᠶᠠᠷᠤᠨ ᠡᠵᠡᠮᠳᠡᠬᠦ᠂ ᠪᠦᠲᠦᠮᠵᠢᠲᠡᠶ ᠠᠪᠤᠷᠠᠨ ᠵᠠᠰᠠᠬᠤ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠬᠦᠯᠳᠡᠷᠵᠢᠬᠦᠯᠵᠦ᠂ ᠲᠣᠮᠣ ᠳ᠋ᠠᠶᠢᠲ᠋ᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠲᠦᠭᠰᠢᠬᠦᠷᠢ ᠲᠠᠢ ᠬᠥᠮᠦᠰ ᠤᠨ ᠠᠵᠢᠯᠯᠠᠭ᠎ᠠ ᠶᠢᠨ ᠵᠠᠮ ᠮᠥᠷ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠣᠨᠣᠪᠴᠢᠲᠠᠢ ᠡᠵᠡᠮᠰᠢᠨ ᠂ ᠭᠡᠷ ᠲᠡᠭᠡᠨ ᠲᠤᠰᠠᠭᠠᠷᠯᠠᠬᠤ ᠪᠠ ᠲᠦᠪᠯᠡᠷᠡᠬᠦᠯᠦᠨ ᠲᠤᠰᠭᠠᠷᠯᠠᠵᠦ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠠᠷᠭ᠎ᠠ ᠬᠡᠮᠵᠢᠶ᠎ᠡ ᠶᠢ ᠴᠢᠩᠬ᠎ᠠ ᠨᠠᠶᠢᠳᠠᠪᠣᠷᠢᠵᠢᠭᠤᠯᠵᠣ᠂ ᠡᠳᠦᠷ ᠲᠤᠲᠤᠮ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠦᠨᠡᠨᠬᠦ ᠰᠠᠶᠢᠲᠤᠷ ᠬᠢᠬᠦ ᠬᠡᠷᠡᠭᠲᠡᠶ᠃ ᠳᠡᠯᠡᠬᠡᠶ ᠨᠡᠶᠢᠲᠡ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠡᠯ᠎ᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠭᠤᠤᠯᠳᠠᠯᠭ᠎ᠠ  ᠲᠠᠢ ᠬᠦᠮᠦᠰ ᠤᠨ ᠪᠤᠳᠠᠲᠠᠢ ᠪᠠᠶᠢᠳᠠᠯ ᠲᠠᠢ ᠤᠶᠠᠯᠳᠤᠭᠤᠯᠵᠦ᠂ ᠰᠢᠨᠵᠢᠯᠡᠬᠦ ᠤᠬᠠᠭᠠᠨᠴᠢ᠂ ᠪᠦᠲᠦᠮᠵᠢᠲᠡᠢ᠂ ᠨᠠᠷᠢᠯᠢᠭ ᠤᠨᠤᠪᠴᠢᠲᠠᠢ ᠰᠡᠷᠭᠡᠶᠢᠯᠡᠨ ᠡᠵᠡᠮᠳᠠᠬᠦ ᠠᠷᠭ᠎ᠠ ᠬᠡᠮᠵᠢᠶ᠎ᠡ ᠠᠪᠴᠦ᠂ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠬᠤᠯᠤᠭᠠᠨ᠎ᠠ ᠶᠢᠨ ᠬᠢᠵᠢᠭ ᠵᠡᠷᠭᠡ ᠠᠮᠢᠲᠠᠨ ᠤ ᠬᠢᠵᠢᠭ ᠡᠪᠡᠳᠴᠢᠨ ᠪᠠ ᠬᠥᠮᠦᠨ ᠮᠠᠯ ᠳᠤ ᠪᠦᠷ ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠳᠠᠯ ᠤᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃     ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠡᠮᠬᠢ ᠵᠢᠷᠤᠮ ᠲᠠᠢ ᠪᠠᠷ ᠰᠡᠷᠭᠦᠭᠡᠪᠡ᠃ ᠬᠦᠴᠦᠨ ᠢᠶᠠᠨ ᠲᠥᠪᠯᠡᠷᠡᠭᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠨᠢᠭᠡ ᠲᠠᠯ᠎ᠠ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠳᠬᠤᠵᠤ᠂ ᠨᠦᠬᠦᠬᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠬᠢᠵᠢᠭ ᠤᠨ ᠪᠠᠶᠢᠳᠠᠯ ᠤᠨ ᠤᠯᠤᠰ ᠠᠷᠠᠳ ᠤᠨ ᠠᠵᠤ ᠠᠬᠤᠶ ᠶᠢᠨ ᠠᠵᠢᠯᠯᠠᠭᠠᠨ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ᠃ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠳᠠᠮᠵᠢᠵᠤ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠠᠵᠢᠯᠴᠢᠨ ᠬᠡᠷᠡᠭᠯᠡᠬᠦ   ᠳᠤ ᠳᠦᠬᠦᠮ ᠦᠭᠡᠢ᠂ ᠪᠡᠯᠡ ᠮᠥᠩᠭᠦ ᠬᠦᠷᠦᠯᠴᠡᠬᠦ ᠦᠭᠡᠶ᠂ ᠲᠦᠭᠦᠬᠡᠶ ᠮᠠᠲ᠋ᠧᠷᠢᠶᠠᠯ ᠳᠤᠲᠠᠭᠳᠠᠵᠤ ᠪᠠᠶᠢᠭ᠎ᠠ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠵᠦ᠂ ᠮᠥᠩᠭᠦᠨ ᠬᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠣ᠂ ᠠᠵᠤ ᠠᠬᠤᠶᠢᠯᠠᠯ ᠢ ᠬᠠᠪᠰᠤᠷᠤᠨ ᠬᠦᠴᠢᠷ ᠢ ᠲᠣᠭᠤᠯᠠᠭᠤᠯᠬᠤ ᠬᠡᠷᠡᠭᠲᠡᠶ᠃ ᠰᠠᠭᠤᠭᠠᠯᠢ ᠠᠷᠠᠳ ᠤᠨ ᠬᠡᠷᠡᠭᠯᠡᠭᠡᠨ ᠤ ᠨᠡᠮᠡᠭᠳᠡᠯ ᠢ ᠬᠦᠴᠦᠯᠡᠨ ᠠᠬᠢᠭᠤᠯᠵᠤ᠂ ᠢᠳᠡᠭᠡᠨ ᠣᠮᠳᠠᠭᠠᠨ᠂ ᠬᠤᠳᠠᠯᠳᠤᠭ᠎ᠠ᠂ ᠰᠣᠶᠤᠯ᠂ ᠵᠢᠭᠤᠯᠴᠢᠯᠠᠯ᠂ ᠭᠡᠷ  ᠤᠨ ᠶᠠᠪᠤᠳᠠᠯ ᠵᠡᠷᠭᠡ ᠠᠵᠤ ᠠᠮᠢᠳᠣᠷᠠᠯ ᠤᠨ ᠲᠤᠬᠠᠢ ᠦᠢᠯᠡᠴᠢᠯᠡᠭᠡᠨ ᠤ ᠦᠢᠯᠡᠰ ᠢ ᠰᠡᠷᠭᠦᠭᠡᠨ ᠬᠦᠭᠵᠢᠭᠦᠯᠬᠦ ᠶᠢ ᠳᠡᠮᠵᠢᠵᠦ᠂ ᠰᠢᠨ᠎ᠡ ᠪᠠᠷ ᠮᠠᠨᠳᠤᠵᠦ ᠪᠠᠶᠢᠭ᠎ᠠ ᠬᠡᠷᠡᠭᠯᠡᠭᠡᠨ ᠤ ᠳᠠᠯᠳᠠ ᠬᠦᠴᠦᠨ ᠢ ᠲᠦᠷᠭᠡᠨ ᠪᠠᠳᠠᠷᠠᠭᠤᠯᠵᠤ᠂ ᠠᠵᠤ ᠠᠬᠤᠢ ᠶᠢᠨ ᠳᠣᠳᠣᠭᠠᠳᠣ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠤ ᠳᠠᠷᠠᠭᠠᠬᠢ ᠠᠶᠤᠯᠭᠦᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠦ᠂ ᠳᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠶᠡᠭᠡ ᠬᠢᠵᠢᠭ ᠤᠨ ᠳᠠᠷᠠᠭ᠎ᠠ ᠬᠦᠨᠳᠦ ᠶᠡᠭᠡ ᠠᠳᠡᠯ ᠭᠠᠷᠬᠤ ᠦᠭᠡᠢ ᠪᠠᠶᠢᠬᠤ ᠶᠢ ᠪᠦᠬᠦ ᠬᠦᠴᠦᠨ ᠢᠶᠠᠷ ᠪᠠᠳᠣᠯᠠᠬᠤ ᠬᠡᠷᠡᠭᠲᠡᠢ᠃     ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠳᠤᠲᠠᠭᠤᠳᠠᠯ ᠢ ᠲᠦᠷᠬᠡᠳᠬᠡᠨ ᠨᠦᠬᠦᠪᠦᠷᠢᠯᠡᠨ᠎ᠡ᠃ ᠬᠢᠵᠢᠭ ᠤᠨ ᠪᠠᠶᠢᠳᠠᠯ ᠢ ᠠᠷᠭᠠᠴᠠᠬᠤ ᠳᠤᠮᠳᠠ ᠢᠯᠡᠷᠡᠭᠰᠡᠨ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢ ᠬᠦᠴᠦ ᠲᠠᠯᠪᠢᠨ ᠴᠢᠩᠭᠠᠳᠬᠠᠵᠣ᠂ ᠬᠦᠨᠳᠦ ᠶᠡᠭᠡ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠬᠦ᠂ ᠡᠮᠨᠡᠨ ᠵᠠᠰᠠᠬᠤ᠂ ᠰᠢᠢᠳᠪᠦᠷᠢᠯᠡᠬᠦ ᠶᠢ ᠪᠠᠶᠢᠩᠭᠤᠵᠢᠭᠤᠯᠬᠤ ᠲᠣᠭᠲᠠᠴᠠ ᠶᠢ ᠪᠦᠷᠢᠨᠰᠢᠬᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠲᠡᠢ᠃ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠰᠢᠶᠠᠨ ᠢ ᠡᠭᠦᠳᠦᠨ ᠪᠠᠶᠢᠭᠤᠯᠬᠤ ᠠᠵᠢᠯ ᠢ ᠦᠷᠬᠦᠯᠵᠢᠯᠡᠨ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃  ᠡᠳ᠋ ᠤᠨ ᠵᠠᠰᠠᠭ ᠤᠨ ᠪᠡᠯᠡ ᠣᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠢᠮᠢᠨ  ᠳᠠᠬᠢ ᠬᠤᠪᠢᠶᠠᠷᠢ ᠬᠤᠷᠢᠶ᠎ᠠ᠂ ᠳ᠋ᠠᠶᠠᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠬᠢ ᠪᠠᠶᠠᠯᠢᠭ ᠳᠤᠲᠠᠮᠠᠭ᠂ ᠡᠮᠴᠢᠯᠡᠭᠡᠨ ᠤ ᠨᠥᠬᠦᠴᠡᠯ ᠪᠠᠷᠣᠭᠲᠠᠢ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠡᠮ ᠡᠮᠨᠡᠯᠭᠡ ᠶᠢᠨ ᠡᠳ᠋ ᠪᠠᠷᠠᠭ᠎ᠠ ᠨᠥᠭᠡᠴᠡᠯᠡᠬᠦ ᠳᠦᠷᠢᠮ ᠢ ᠪᠠᠶᠢᠭᠤᠯᠵᠤ᠂ ᠣᠯᠠᠨ ᠡᠰᠢᠵᠢᠭᠰᠡᠨ ᠬᠤᠳᠠᠯᠳᠤᠨ ᠠᠪᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠪᠦᠬᠦ ᠨᠡᠶᠢᠬᠡᠮ ᠤᠨ ᠬᠦᠴᠦᠨ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠡᠩᠬᠡ ᠠᠮᠢᠳᠦᠷᠠᠬᠤ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠠᠭᠤᠭᠠᠯᠢ ᠠᠷᠠᠳ ᠮᠠᠯᠴᠢᠨ ᠲᠦᠮᠡᠨ ᠢ ᠬᠦᠲᠦᠯᠦᠨ ᠵᠢᠯᠣᠭᠤᠳᠴᠤ ᠪᠠᠶᠢᠭᠠᠳ ᠠᠷᠢᠭᠤᠨ ᠴᠡᠪᠡᠷ ᠡᠷᠡᠭᠦᠯ ᠢ ᠬᠠᠮᠠᠭᠠᠯᠠᠬᠤ᠂ ᠡᠪᠡᠳᠴᠢᠨ ᠡᠮᠭᠡᠭ ᠢ ᠰᠡᠷᠭᠡᠶᠢᠯᠡᠵᠦ ᠡᠷᠡᠭᠦᠯ ᠮᠡᠨᠳᠦ ᠪᠠᠷ ᠠᠮᠢᠳᠦᠷᠠᠬᠤ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠬᠤ ᠬᠡᠷᠡᠭᠲᠡᠶ᠃      ︵ᠭᠤᠷᠪᠠ︶ ᠰᠢᠨ᠎ᠡ ᠬᠠᠭᠤᠴᠢᠨ ᠬᠦᠳᠡᠯᠬᠡᠬᠡᠨ ᠤ ᠡᠨᠧᠷᠭᠢ ᠶᠢᠨ ᠰᠣᠯᠢᠭᠳᠠᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ      ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠬᠡᠨ ᠪᠠᠶᠢᠭᠤᠯᠣᠯᠲᠠ ᠶᠢ ᠦᠷᠬᠦᠯᠵᠢᠯᠡᠨ ᠠᠳᠬᠤᠬᠤ ᠬᠡᠷᠡᠭᠲᠡᠢ᠃ ︽ᠲᠦᠷᠦᠯ ᠵᠦᠢᠯ ᠢ ᠠᠳᠬᠤᠬᠤ᠂ ᠬᠦᠭᠵᠢᠯᠲᠡ ᠶᠢ ᠰᠦᠪᠡᠭᠴᠢᠯᠬᠦ︾ ᠤᠶᠢᠯᠭᠠᠭᠲᠠᠬᠤᠨ ᠢ ᠪᠠᠲᠦ ᠪᠣᠢ ᠪᠤᠯᠭᠠᠵᠤ᠂ ︽ᠭᠤᠤᠯᠳᠠᠯᠭ᠎ᠠ ᠲᠠᠢ ᠲᠦᠷᠦᠯ ᠵᠦᠢᠯ ᠤᠨ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠬᠡᠷᠡᠭᠵᠢᠭᠦᠯᠵᠦ᠂ ᠲᠦᠷᠦᠯ ᠵᠦᠢᠯ ᠤᠨ ᠪᠡᠯᠡ ᠣᠷᠤᠭᠤᠯᠤᠯᠲᠠ ᠪᠠᠷ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ᠂ ᠬᠡᠯᠪᠡᠷᠢ  ᠪᠠᠨ ᠬᠤᠪᠢᠷᠠᠭᠤᠯᠦᠨ ᠬᠦᠭᠵᠢᠭᠦᠯᠬᠦ ᠶᠢᠨ ᠴᠢᠬᠤᠯᠠ ᠭᠠᠷᠳᠠᠴᠠ ᠪᠣᠯᠭᠠᠬᠤ ᠶᠢ ᠠᠬᠢᠭᠤᠯᠣᠨ᠎ᠠ᠃ ᠡᠨᠡ ᠵᠢᠯ᠂ 500 ᠲᠦᠮᠡᠨ ᠲᠦᠬᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 40 ᠲᠣᠬᠢᠷᠠᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ 65.2 ᠳ᠋ᠦᠩᠰᠢᠭᠤᠷ ᠲᠥᠭᠦᠷᠢᠭ ᠪᠣᠯᠦᠨ᠎ᠠ᠃ ᠤᠯᠤᠰ ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠬᠡᠪᠴᠢᠶ᠎ᠡ ᠶᠢ ᠥᠷᠭᠡᠳᠬᠡᠬᠦ ᠠᠰᠢᠭᠲᠠᠢ ᠲᠣᠬᠢᠶᠠᠯ ᠢ ᠴᠢᠩᠭ᠎ᠠ ᠠᠳᠬᠤᠵᠤ᠂ ᠨᠢᠭᠡ ᠪᠦᠯᠦᠭ ᠪᠦᠬᠦ ᠲᠠᠯ᠎ᠠ ᠶᠢᠨ ᠴᠢᠨᠠᠷᠲᠠᠶ᠂ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠨᠦᠯᠦᠭᠡᠯᠡᠬᠦ ᠬᠦᠴᠦᠨ ᠪᠦᠬᠦᠢ ᠠᠷᠠᠳ ᠤᠨ ᠠᠮᠢᠳᠤᠷᠠᠯ ᠤᠨ ᠲᠥᠷᠥᠯ ᠵᠦᠢᠯ᠂ ᠠᠵᠤ ᠦᠢᠯᠡᠰ ᠤᠨ ᠲᠥᠷᠥᠯ ᠵᠦᠢᠯ ᠢ ᠢᠳᠡᠪᠬᠢᠲᠡᠶ ᠨᠦᠬᠡᠴᠡᠯᠡᠵᠦ᠂ ᠡᠯ᠎ᠡ ᠲᠥᠷᠥᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠴᠡᠭᠡ ᠶᠢ ᠪᠠᠲᠤᠯᠠᠨ᠎ᠠ᠃ ︽ᠲᠥᠷᠥᠯ ᠵᠦᠢᠯ ᠢ ᠬᠢᠨᠠᠨ ᠵᠥᠪᠰᠢᠶᠡᠷᠡᠬᠦ ᠵᠠᠭᠤᠨ ᠡᠳᠦᠷ ᠤᠨ ᠠᠵᠢᠯᠯᠠᠭ᠎ᠠ︾ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠳᠤ ︽ᠰᠠᠭᠠᠳ ᠦᠭᠡᠶ ᠨᠡᠪᠲᠡᠷᠡᠬᠦ ᠵᠠᠮ︾ ᠨᠡᠭᠡᠭᠡᠵᠦ᠂ ᠬᠢᠨᠠᠨ ᠵᠥᠪᠰᠢᠶᠡᠷᠡᠬᠦ ᠶᠠᠪᠤᠴᠠ ᠶᠢ ᠴᠣᠮᠬᠠᠳᠬᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠲᠤᠬᠠᠶ ᠶᠢᠨ ᠭᠠᠵᠠᠷ ᠲᠤᠨᠢ ᠠᠵᠢᠯᠯᠠᠬᠤ᠂ ᠰᠠᠯᠠᠭ᠎ᠠ ᠮᠥᠴᠢᠷ ᠬᠠᠮᠲᠤᠷᠠᠨ ᠬᠢᠨᠠᠬᠤ᠂ ᠴᠠᠭ ᠲᠣᠭᠲᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠮᠡᠳᠡᠭᠳᠡᠬᠦ ᠵᠡᠷᠭᠡ ᠠᠷᠭ᠎ᠠ ᠪᠠᠷᠢᠯ ᠢᠶᠠᠷ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠬᠦ ᠶᠠᠪᠤᠴᠠ ᠳᠠᠬᠢ ︽ᠲᠦᠪᠡᠭᠳᠡᠯ ᠲᠠᠢ︾᠂ ︽ᠬᠦᠴᠢᠷᠲᠠᠢ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠤᠳᠤᠷᠢᠳᠤᠯᠭ᠎ᠠ ᠠᠴᠠ ᠲᠦᠷᠦᠭᠦᠯᠡᠨ ᠬᠢᠬᠦ᠂ ᠲᠤᠰᠬᠠᠶ ᠠᠩᠭᠢ ᠠᠴᠠ ᠲᠦᠯᠬᠢᠨ ᠠᠬᠢᠭᠤᠯᠬᠤ᠂ ᠵᠢᠷᠤᠭ ᠲᠦᠰᠦᠯ ᠤᠨ ᠶᠣᠰᠦᠭᠠᠷ ᠢᠶᠠᠨ ᠠᠵᠢᠯᠯᠠᠬᠤ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠪᠠᠷ ᠲᠥᠷᠥᠯ ᠵᠦᠢᠯ ᠢ ᠲᠦᠯᠬᠢᠨ ᠠᠬᠢᠭᠤᠯᠬᠤ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳ ᠨᠢᠭᠡ ᠪᠠᠷ ᠱᠠᠭᠠᠷᠳᠠᠨ ᠭᠦᠢᠴᠡᠳᠬᠡᠭᠡᠯᠵᠦ᠂ ᠪᠡᠯᠡ ᠲᠣᠬᠢᠷᠠᠭᠤᠯᠬᠤ᠂ ᠭᠠᠵᠠᠷ ᠰᠢᠷᠣᠶ ᠬᠡᠷᠡᠭᠯᠡᠬᠦ᠂ ᠲᠦᠯᠦᠪᠵᠢᠭᠦᠯᠭᠡ ᠬᠢᠬᠦ᠂ ᠣᠷᠴᠢᠨ ᠲᠣᠭᠤᠷᠢᠨ ᠤ ᠨᠦᠯᠦᠭᠡᠯᠡᠯ ᠢ ᠦᠨᠡᠯᠡᠬᠦ᠂ ᠪᠠᠷᠢᠯᠭ᠎ᠠ ᠪᠠᠷᠢᠬᠤ᠂ ᠠᠰᠢᠭᠯᠠᠯᠲᠠ ᠳᠤ ᠣᠷᠣᠭᠤᠯᠬᠤ ᠵᠡᠷᠭᠡ ᠡᠯ᠎ᠡ ᠭᠤᠭᠴᠣᠭᠠᠨ ᠤ  ᠬᠢᠵᠠᠭᠠᠷᠯᠠᠯ ᠤᠨ ᠠᠰᠠᠭᠤᠳᠠᠯ ᠢ ᠪᠥᠬᠦ ᠬᠦᠴᠦᠨ  ᠢᠶᠠᠷ ᠢᠶᠠᠨ ᠰᠢᠢᠳᠪᠦᠷᠢᠯᠡᠵᠦ᠂ ᠡᠯ᠎ᠡ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠡᠬᠢᠯᠡᠭᠦᠯᠬᠦ᠂ ᠲᠣᠭᠲᠠᠭᠰᠠᠨ ᠬᠤᠭᠤᠴᠠᠭᠠᠨ ᠳᠤ ᠠᠵᠢᠯ  ᠢᠶᠠᠨ ᠳᠠᠭᠤᠰᠬᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ᠃    ︽ᠭᠤᠷᠪᠠᠨ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ ᠮᠠᠰᠢᠨ ᠲᠡᠷᠭᠡᠨ ᠤ ᠬᠦᠷᠢᠶᠡᠯᠡᠩ ᠤᠨ ᠠᠵᠤ ᠦᠢᠯᠡᠰ ᠤᠨ ᠲᠥᠷᠥᠯ ᠬᠡᠯᠪᠡᠷᠢ᠂ ᠠᠵᠤ ᠦᠢᠯᠡᠰ ᠤᠨ ᠬᠡᠪᠴᠢᠶ᠎ᠡ ᠶᠢ ᠦᠷᠭᠡᠳᠬᠡᠬᠦ᠂ ᠠᠵᠤ ᠠᠬᠤᠢ ᠶᠢᠨ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠮᠠᠰᠢᠨ ᠲᠡᠷᠭᠡᠨ ᠤ  ᠦᠢᠯᠡᠴᠢᠯᠡᠭᠡᠨ ᠤ ᠬᠠᠮᠢᠶᠠᠷᠤᠯᠲᠠ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ᠂ ᠮᠠᠰᠢᠨ ᠲᠡᠷᠭᠡᠨ ᠤ ᠪᠦᠬᠦᠢ ᠰᠡᠯᠪᠢᠭ ᠲᠣᠨᠤᠭ ᠢ ᠪᠣᠷᠣᠯᠠᠭᠤᠯᠬᠤ ᠂ ᠮᠠᠰᠢᠨ ᠲᠡᠷᠭᠡᠨ ᠤ ᠵᠤᠭ᠎ᠠ ᠴᠡᠩᠭᠡᠯ ᠤᠨ ᠣᠷᠦᠯᠳᠤᠭᠠᠨ ᠵᠡᠷᠭᠡ ᠣᠯᠠᠨ ᠡᠰᠢᠵᠢᠭᠰᠡᠨ᠂ ᠳᠡᠭᠡᠳᠦ ᠲᠡᠰ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ   ᠪᠦᠷᠢᠯᠳᠦᠭᠦᠯᠦᠨ᠎ᠡ᠃ ᠬᠥᠯᠥᠨ ᠪᠣᠶᠢᠷ ᠤᠨ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠮᠠᠰᠢᠨ ᠲᠡᠷᠭᠡᠨ ᠤ ᠬᠠᠮᠢᠶᠠᠷᠦᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠵᠢᠯ ᠤᠨ ᠳᠣᠲᠣᠷ᠎ᠠ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ  ᠪᠠᠲᠤᠯᠠᠵᠦ᠂ ᠬᠥᠮᠦᠨ ᠬᠠᠷ᠎ᠠ ᠶᠢᠨ ᠴᠤᠪᠤᠷᠠᠯ᠂ ᠲᠡᠷᠭᠡᠨ ᠤ ᠣᠷᠤᠰᠬᠠᠯ᠂ ᠪᠠᠷᠠᠭᠠᠨ ᠤ ᠭᠦᠢᠯᠭᠡᠭᠡᠨ ᠤ ᠴᠤᠭᠯᠠᠷᠠᠯ ᠢ ᠲᠠᠶᠢᠴᠢᠯᠠᠨ᠂ ᠮᠠᠰᠢᠨ ᠲᠡᠷᠭᠡᠨ ᠤ ᠠᠵᠤ ᠦᠢᠯᠡᠰ ᠤᠨ ᠬᠡᠷᠡᠭᠯᠡᠭᠡᠨ ᠤ ᠲᠡᠰ ᠳᠡᠪᠰᠢᠬᠦ ᠶᠢ ᠲᠠᠶᠢᠴᠢᠯᠠᠨ᠎ᠠ᠃ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠮ᠂ ᠬᠤᠭᠤᠯᠠᠶ ᠶᠢᠨ ᠲᠣᠣᠷ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠥᠩ ᠢᠦᠶ ᠪᠦᠯᠦᠭᠯᠡᠯ ᠤᠨ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠮᠥᠷᠳᠡᠬᠦ ᠦᠢᠯᠡᠴᠢᠯᠡᠭᠡ ᠶᠢ ᠴᠢᠩᠭᠠᠷᠠᠭᠤᠯᠵᠦ᠂ ᠲᠥᠷᠥᠯ ᠵᠦᠢᠯ ᠢ ᠠᠯᠢ ᠡᠷᠲᠡ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠨ᠎ᠠ᠃ ᠥᠪᠥᠷ ᠮᠣᠩᠭᠤᠯ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠥᠪ ᠲᠤ ᠲᠦᠰᠢᠭᠯᠡᠨ᠂ ᠡᠯ᠎ᠡ ᠲᠦᠷᠦᠯ ᠤᠨ ᠮᠣᠷᠢᠨ ᠮᠡᠷᠭᠡᠵᠢᠯ ᠤᠨ ᠤᠷᠤᠯᠳᠤᠭᠠᠨ ᠤ ᠠᠵᠢᠯᠯᠠᠭ᠎ᠠ ᠶᠢ ᠡᠷᠬᠢᠯᠡᠵᠦ᠂ ᠲᠤᠰᠬᠠᠶ ᠮᠡᠷᠭᠡᠵᠢᠯ ᠤᠨ ᠪᠦᠯᠬᠦᠮ ᠨᠡᠶᠢᠲᠡ ᠳᠤ ᠨᠠᠶᠢᠳᠠᠨ ᠬᠠᠮᠢᠶᠠᠷᠣᠭᠤᠯᠵᠣ ᠠᠵᠢᠯᠯᠠᠬᠤ ᠶᠢ ᠲᠦᠷᠭᠡᠳᠬᠡᠨ ᠠᠬᠢᠭᠤᠯᠵᠦ᠂ ᠮᠣᠷᠢᠨ ᠮᠡᠷᠭᠡᠵᠢᠯ ᠤᠨ ᠲᠣᠭᠯᠠᠯᠲᠠ᠂ ᠮᠣᠷᠢᠨ ᠤ ᠤᠷᠤᠯᠳᠤᠭᠠᠨ᠂ ᠮᠣᠷᠢ ᠤᠨᠤᠵᠦ ᠵᠤᠭᠠᠯᠠᠬᠤ ᠵᠡᠷᠭᠡ ᠣᠯᠠᠨ ᠡᠰᠢᠵᠢᠭᠰᠡᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠪᠦᠬᠦ ᠲᠠᠯ᠎ᠠ ᠪᠠᠷ ᠨᠡᠭᠡᠭᠡᠨ ᠬᠦᠭᠵᠢᠭᠦᠯᠵᠦ᠂ ᠡᠸᠡᠩᠬᠢ ᠬᠤᠰᠢᠭᠤᠨ ᠤ ᠠᠳᠤᠭᠤᠨ ᠤ ᠠᠵᠤ ᠦᠢᠯᠡᠰ ᠤᠨ ᠨᠥᠯᠥᠭᠡᠯᠡᠬᠦ ᠬᠦᠴᠦᠨ᠂ ᠠᠯᠳᠠᠷᠰᠢᠯ ᠤᠨ ᠬᠡᠮᠵᠢᠶ᠎ᠡ ᠶᠢ ᠨᠡᠮᠡᠭᠳᠡᠭᠦᠯᠦᠨ᠎ᠡ᠃ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠠᠲᠠᠯ ᠦᠢᠯᠡᠰ ᠪᠣᠰᠬᠠᠬᠤ ᠬᠦᠷᠢᠶᠡᠯᠡᠩ ᠤᠨ ᠳᠡᠰ ᠳᠡᠪᠰᠢᠬᠦ ᠶᠢ ᠲᠦᠷᠭᠡᠳᠬᠡᠵᠦ᠂ ᠲᠤᠰᠬᠠᠢ ᠪᠦᠯᠬᠦᠮ ᠨᠡᠶᠢᠲᠡ ᠶᠢᠨ ᠪᠣᠭᠤᠳᠠᠯ ᠤᠨ ᠡᠵᠡᠩᠨᠡᠯᠲᠡ ᠶᠢ ᠴᠢᠩᠭᠠᠳᠬᠠᠵᠦ᠂ ᠴᠡᠴᠡᠷᠯᠢᠭ ᠲᠤ ᠵᠤᠭᠠᠴᠠᠭᠰᠠᠳ ᠢ ᠤᠯᠠᠮ ᠤᠯᠠᠨ ᠪᠣᠯᠭᠠᠨ᠎ᠠ᠃    ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠪᠣᠬᠢᠷᠲᠤᠯ ᠦᠭᠡᠢ ᠬᠦᠭᠵᠢᠬᠦᠯᠬᠦ᠂  ᠬᠡᠪᠴᠢᠶᠡᠵᠢᠬᠦᠯᠦᠨ ᠬᠦᠭᠵᠢᠬᠦᠯᠬᠦ᠂ ᠡᠷᠴᠢᠮᠵᠢᠬᠦᠯᠦᠨ ᠬᠦᠭᠵᠢᠬᠦᠯᠬᠦ ᠪᠠᠷ ᠴᠢᠭᠯᠡᠯ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠪᠠ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠬᠤᠸᠠ ᠨᠧᠩ ᠢᠮᠢᠨ ᠤ ᠨᠡᠭᠦᠷᠡᠰᠦᠨ ᠴᠠᠬᠢᠯᠭᠠᠨ ᠤ ᠺᠣᠮᠫᠠᠨᠢ ᠶᠢᠨ ᠭᠠᠷᠤᠯᠲᠠ ᠶᠢ 500 ᠲᠦᠮᠡᠨ ᠲᠣᠨ ᠬᠢᠨᠠᠨ ᠨᠡᠮᠡᠭᠳᠡᠭᠦᠯᠬᠦ ᠠᠵᠢᠯ ᠢ ᠬᠦᠴᠦᠯᠡᠨ ᠠᠬᠢᠭᠤᠯᠵᠤ᠂ ᠳ᠋ᠠᠶᠠᠨ ᠤ ᠭᠤᠷᠪᠠᠳᠤᠭᠠᠷ ᠠᠭᠤᠷᠬᠠᠢ ᠶᠢᠨ ᠰᠠᠯᠬᠢ ᠨᠡᠪᠲᠡᠷᠡᠭᠦᠯᠬᠦ ᠰᠢᠰᠲ᠋ᠧᠮ ᠢ ᠥᠭᠡᠷᠡᠴᠢᠯᠡᠬᠦ᠂ ᠳ᠋ᠠᠶᠠᠨ ᠤ ᠲᠣᠰᠣᠨ ᠬᠥᠮᠥᠷᠭᠡ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠡᠨᠧᠷᠭᠢ ᠶᠢᠨ ᠠᠵᠤ ᠦᠢᠯᠡᠳᠪᠦᠷᠢ ᠶᠢᠨ ᠰᠢᠰᠲ᠋ᠧᠮ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠠᠵᠤ ᠦᠢᠯᠡᠰ ᠤᠨ ᠪᠤᠶᠢᠵᠢᠯᠲᠠ ᠶᠢ ᠲᠦᠷᠭᠡᠳᠬᠡᠵᠦ᠂ ᠳᠡᠭᠡᠳᠦ ᠲᠡᠰ ᠤᠨ ᠲᠣᠨᠤᠭ ᠲᠦᠬᠦᠭᠡᠷᠦᠮᠵᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠲᠣᠭᠤᠷᠢᠨ ᠳᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠶᠢᠵᠢᠭᠤᠯᠤᠨ᠎ᠠ᠃ ᠫᠧᠩ ᠵᠢᠢ ᠠᠵᠤ ᠦᠢᠯᠡᠰ᠂ ᠡᠸ᠋ᠨ ᠴᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠵᠦᠩ ᠺᠧ ᠠᠮᠢᠲᠦ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡ ᠦᠢᠯᠡᠳᠪᠦᠷᠢᠯᠡᠯ ᠢ ᠨᠢ ᠡᠬᠢᠯᠡᠭᠦᠯᠵᠦ ᠦᠷ᠎ᠡ ᠠᠰᠢᠭ ᠣᠯᠬᠤ ᠪᠠᠷ ᠴᠢᠷᠮᠠᠶᠢᠬᠤ ᠬᠡᠷᠡᠭᠲᠡᠶ᠃ ᠶᠧ ᠲᠢᠶᠠᠨ ᠲᠢᠶᠧ ᠨᠢᠦ᠂ ᠮᠧᠩ ᠯᠢ ᠮᠠᠰᠢᠨ ᠮᠧᠬᠠᠨᠢᠭ᠂ ᠨᠢᠦ ᠯᠠᠢ ᠲᠧ ᠰᠦᠨ ᠦᠢᠯᠡᠰ ᠵᠡᠷᠭᠡ ᠦᠰᠦᠨ ᠪᠤᠶᠢᠵᠢᠬᠤ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠠᠵᠤ  ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠲᠤᠯᠭᠠᠭᠤᠷᠢᠯᠠᠯ ᠬᠠᠩᠭᠠᠬᠤ ᠬᠡᠷᠡᠭᠲᠡᠶ᠃    ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠸᠠᠨ ᠳ᠋ᠠ ᠠᠭᠤᠳᠠᠮ ᠲᠠᠯᠠᠪᠠᠢ ᠶᠢᠨ ᠬᠤᠳᠠᠯᠳᠤᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡ᠂ ᠬᠦᠴᠦᠨ ᠵᠦᠢᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠲᠣᠭᠲᠠᠭᠰᠠᠨ ᠬᠤᠭᠤᠴᠠᠭᠠᠨ ᠳᠤ ᠲᠥᠷᠥᠯ ᠵᠦᠢᠯ ᠤᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠬᠥᠯᠥᠨ ᠪᠤᠶᠢᠷ ᠭᠠᠵᠠᠷ ᠣᠷᠣᠨ ᠤ ᠳᠡᠭᠡᠳᠦ ᠲᠡᠰ ᠳᠠᠪᠬᠤᠷᠭ᠎ᠠ ᠶᠢᠨ ᠲᠣᠮᠣ ᠬᠡᠯᠪᠡᠷᠢ ᠶᠢᠨ ᠬᠤᠳᠠᠯᠳᠤᠭᠠᠨ ᠤ ᠲᠣᠭᠤᠷᠢᠭ ᠢ ᠪᠠᠶᠢᠭᠤᠯᠤᠨ᠎ᠠ᠃ ᠠ ᠯᠢ ᠪᠠ ᠪᠠ ᠶᠢᠨ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠲᠠᠪᠴᠠᠩ ᠤᠨ ᠨᠥᠯᠥᠭᠡᠯᠡᠬᠦ ᠬᠦᠴᠦᠨ ᠳᠤ ᠲᠦᠰᠢᠭᠯᠡᠨ᠂ ᠢᠨᠲ᠋ᠧᠷ ᠰᠦᠯᠵᠢᠶ᠎ᠡ ᠶᠢᠨ ᠲᠠᠪᠴᠠᠩ ᠳᠤ ᠥᠨᠳᠥᠷ ᠪᠦᠲᠦᠮᠵᠢᠲᠡᠶ ᠵᠠᠯᠭᠠᠯᠳᠤᠬᠤ ᠪᠠᠷ ᠳᠠᠮᠵᠢᠨ᠂ ᠡᠸᠡᠩᠬᠢ ᠶᠢᠨ ᠤᠭ ᠤᠨ ᠭᠠᠷᠤᠯᠲᠠ ᠶᠢᠨ ᠤᠷᠤᠨ ᠳᠠᠭᠠᠨ ᠲᠤᠰᠬᠠᠶ ᠡᠵᠡᠩᠨᠡᠨ ᠪᠣᠷᠣᠯᠠᠭᠤᠯᠬᠤ ᠵᠢᠭᠰᠠᠭᠠᠯ ᠤᠨ ᠭᠠᠵᠠᠷ ᠢ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠳᠡᠭᠡᠳᠦ ᠬᠡᠮᠵᠢᠶ᠎ᠡ ᠪᠠᠷ ᠠᠭᠤᠰᠤᠯᠴᠠᠭᠰᠠᠨ ᠰᠢᠨ᠎ᠡ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠢ ᠪᠠᠶᠢᠭᠤᠯᠤᠨ᠎ᠠ᠃ ᠪᠦᠬᠦ ᠣᠷᠣᠨ ᠪᠦᠰᠡ ᠶᠢᠨ ᠵᠤᠭᠠᠴᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠭᠦᠨᠵᠡᠭᠡᠶ  ᠨᠠᠶᠢᠳᠠᠪᠦᠷᠢᠵᠢᠭᠤᠯᠵᠦ᠂ ︽ᠷᠠᠰᠢᠶᠠᠨ — ᠬᠠᠶᠢᠯᠠᠷ — ᠮᠠᠨᠵᠤᠤᠷ︾ ᠤᠨ ᠵᠢᠭᠤᠯᠴᠢᠯᠠᠯ ᠢ ᠨᠢᠭᠡ ᠴᠣᠭᠴᠠᠵᠢᠭᠤᠯᠬᠤ ᠪᠠᠶᠢᠯᠳᠤᠬᠤ ᠪᠣᠳᠣᠯᠭ᠎ᠠ ᠳᠤ ᠢᠳᠡᠪᠬᠢᠲᠡᠢ ᠠᠭᠤᠰᠦᠯᠴᠠᠨ ᠣᠷᠦᠵᠦ᠂ ᠦᠨᠳᠦᠰᠦᠲᠡᠨ ᠤ ᠰᠣᠶᠣᠯ ᠬᠢᠭᠡᠳ ᠵᠢᠭᠤᠯᠴᠢᠯᠠᠯ ᠤᠨ ᠭᠦᠨ᠎ᠡ ᠠᠭᠤᠰᠤᠯᠴᠠᠬᠤ ᠶᠢ ᠠᠬᠢᠭᠤᠯᠵᠤ᠂ ᠲᠠᠯ᠎ᠠ ᠨᠤᠲᠤᠭ᠂ ᠣᠶ ᠰᠢᠭᠤᠶ ᠶᠢᠨ ᠵᠢᠭᠤᠯᠴᠢᠯᠠᠯ ᠢᠶᠠᠷ ᠭᠤᠤᠯ ᠪᠣᠯᠭᠠᠭᠰᠠᠨ ᠵᠤᠨ ᠤ ᠤᠯᠠᠷᠢᠯ ᠤᠨ ᠵᠢᠭᠤᠯᠴᠢᠯᠠᠯ ᠢ ᠳᠡᠰ ᠳᠡᠪᠰᠢᠭᠦᠯᠬᠦ ᠶᠢ ᠲᠣᠪᠤᠶᠢᠮ᠎ᠠ ᠰᠠᠶᠢᠲᠤᠷ ᠠᠳᠬᠤᠵᠤ᠂ ᠪᠠᠶᠢᠭᠠᠯᠢ ᠶᠢᠨ ᠮᠥᠰᠥ ᠴᠠᠰᠤ᠂ ᠦᠨᠳᠦᠰᠦᠲᠡᠨ ᠤ ᠵᠠᠩ ᠦᠢᠯᠡ ᠵᠡᠷᠭᠡ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠯᠠᠵᠤ᠂ ᠵᠢᠭᠤᠯᠴᠢᠯᠠᠯ ᠤᠨ ᠭᠤᠤᠯᠯᠠᠭᠴᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠡᠸᠡᠩᠬᠢ ᠶᠢᠨ ᠦᠪᠡᠷᠮᠢᠴᠡ ᠣᠨᠴᠠᠯᠢᠭ ᠲᠠᠢ ᠳᠦᠷᠪᠡᠨ ᠤᠯᠠᠷᠢᠯ ᠤᠨ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃     ︵ᠲᠦᠷᠪᠡ︶ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ     ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ︽ᠪᠣᠬᠢᠷᠲᠤᠯ ᠦᠭᠡᠢ ᠪᠠᠷ ᠮᠠᠯ ᠠᠵᠤ ᠠᠬᠤᠶ ᠶᠢ ᠬᠥᠭᠵᠢᠭᠦᠯᠬᠦ᠂ ᠨᠡᠷᠡᠲᠦ ᠲᠡᠮᠳᠡᠭᠲᠦ ᠢᠶᠠᠷ ᠮᠠᠯ ᠠᠵᠤ ᠠᠬᠤᠶ ᠶᠢ ᠬᠦᠴᠦᠷᠬᠡᠭᠵᠢᠭᠦᠯᠬᠦ᠂ ᠠᠮᠢ ᠠᠬᠤᠶ ᠪᠠᠷ ᠮᠠᠯ ᠠᠵᠤ ᠠᠬᠤᠶ ᠶᠢ ᠰᠢᠯᠢᠳᠡᠭᠵᠢᠭᠦᠯᠬᠦ︾ ᠪᠠᠷ ᠵᠢᠯᠣᠭᠤᠳᠣᠯᠭ᠎ᠠ ᠪᠣᠯᠭᠠᠵᠦ᠂ ︽ᠰᠦ ᠮᠢᠬ᠎ᠠ ᠡᠪᠡᠰᠦ ᠠᠳᠤᠭᠤ︾ ᠳᠥᠷᠪᠡᠨ ᠶᠡᠭᠡ ᠭᠤᠤᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠪᠦᠬᠦ ᠲᠠᠯ᠎ᠠ ᠪᠠᠷ ᠬᠥᠭᠵᠢᠭᠡᠨ᠎ᠡ᠃ ᠰᠦᠨ ᠤ ᠠᠵᠤ ᠠᠬᠤᠢ ᠶᠢᠨ ᠲᠠᠯ᠎ᠠ ᠪᠠᠷ᠂ ᠢᠮᠢᠨ ᠰᠤᠮᠤ ᠶᠢᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠠᠵᠤ ᠦᠢᠯᠡᠰ ᠤᠨ ᠬᠡᠪᠴᠢᠶ᠎ᠡ ᠪᠠᠨ ᠦᠷᠬᠡᠳᠬᠡᠬᠦ ᠶᠢ ᠳᠠᠮᠵᠢᠵᠤ᠂ ᠨᠢᠦ ᠯᠠᠢ ᠲᠧ ᠰᠦ ᠶᠢᠨ ᠦᠢᠯᠡᠰ ᠤᠨ ᠰᠦ ᠦᠢᠯᠡᠳᠪᠦᠷᠢᠯᠡᠬᠦ ᠬᠠᠩᠭᠠᠬᠤ ᠪᠠ ᠪᠣᠷᠤᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠲᠡᠬᠦᠯᠳᠡᠷᠵᠢᠬᠦᠯᠦᠨ᠎ᠡ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠳᠬᠦᠵᠦ᠂ ᠦᠨᠳᠦᠰᠦᠲᠡᠨ ᠤ ᠣᠨᠴᠠᠯᠢᠭ ᠪᠦᠬᠦᠢ ᠴᠢᠨᠠᠷ ᠰᠠᠶᠢᠲᠠᠶ ᠴᠠᠭᠠᠨ ᠢᠳᠡᠭᠡᠨ ᠤ ᠠᠵᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠮᠢᠬᠠᠨ ᠤ ᠠᠵᠤ ᠦᠢᠯᠡᠰ ᠤᠨ ᠲᠠᠯ᠎ᠠ ᠪᠠᠷ᠂ ᠲᠠᠯ᠎ᠠ ᠨᠤᠲᠤᠭ ᠤᠨ ᠣᠬᠤᠷ ᠰᠡᠭᠦᠯᠲᠦ ᠬᠤᠨᠢ᠂ ᠲᠤᠰ ᠭᠠᠵᠠᠷ ᠤᠨ ᠠᠯᠠᠰᠢᠨ ᠦᠬᠡᠷ ᠤᠨ ᠡᠭᠦᠯᠳᠡᠷ ᠪᠤᠶᠢᠵᠢᠭᠤᠯᠬᠤ ᠭᠤᠤᠯᠳᠠᠯᠭᠠᠲᠦ ᠰᠦᠷᠦᠭ᠂ ᠥᠷᠭᠡᠳᠬᠡᠨ ᠦᠷᠡᠵᠢᠭᠦᠯᠬᠦ ᠲᠠᠯᠠᠪᠠᠶ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠵᠦ᠂ ᠨᠡᠷᠡᠲᠦ ᠲᠡᠮᠳᠡᠭᠲᠦ ᠶᠢᠨ ᠪᠦᠲᠦᠬᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠦᠷᠭᠡᠳᠬᠡᠵᠦ᠂ ᠠᠯᠠᠰᠢᠨ ᠬᠤᠨᠢᠨ ᠤ ᠮᠥᠷᠳᠡᠨ ᠪᠠᠶᠢᠴᠠᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠤᠯ ᠭᠠᠷᠤᠯᠲᠠ ᠶᠢᠨ ᠣᠷᠣᠨ ᠤ ᠭᠠᠵᠠᠷ ᠵᠦᠶ ᠶᠢᠨ ᠲᠡᠮᠳᠡᠭ ᠪᠠ ᠪᠣᠬᠢᠷᠲᠤᠯ ᠥᠬᠡᠶ᠂ ᠣᠷᠭᠠᠨᠢᠭ ᠦᠢᠯᠡᠳᠬᠦᠨ ᠤ ᠭᠡᠷᠡᠴᠢᠯᠡᠭᠡ ᠶᠢ ᠠᠬᠢᠭᠤᠯᠣᠨ᠎ᠠ᠃ ᠡᠪᠡᠰᠦᠨ ᠤ ᠠᠵᠣ ᠦᠢᠯᠡᠰ ᠤᠨ ᠲᠠᠯ᠎ᠠ ᠪᠠᠷ᠂ ᠲᠡᠵᠢᠭᠡᠯ ᠡᠪᠡᠰᠦᠨ ᠤ ᠠᠵᠤ ᠠᠬᠤᠶᠢᠯᠠᠯ ᠤᠨ ᠬᠥᠭᠵᠢᠯᠲᠡ ᠶᠢ ᠢᠳᠡᠪᠬᠢᠲᠡᠢ ᠲᠡᠳᠬᠦᠵᠦ᠂ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠲᠠᠷᠢᠶᠠᠯᠠᠬᠤ ᠶᠢ ᠵᠣᠭᠰᠤᠭᠠᠬᠤ ᠠᠵᠢᠯ ᠲᠠᠢ ᠤᠶᠠᠯᠳᠤᠭᠤᠯᠤᠨ᠂ ᠴᠢᠨᠠᠷ ᠰᠠᠶᠢᠲᠠᠶ ᠪᠡᠯᠴᠢᠭᠡᠷ ᠡᠪᠡᠰᠦ ᠲᠠᠷᠢᠬᠤ ᠲᠠᠯᠠᠪᠠᠢ ᠶᠢ ᠪᠦᠬᠦ ᠲᠠᠯ᠎ᠠ ᠪᠠᠷ ᠥᠷᠭᠡᠳᠬᠡᠵᠦ᠂ ᠬᠥᠯᠥᠨ ᠪᠣᠶᠢᠷ ᠭᠠᠵᠠᠷ ᠣᠷᠣᠨ ᠤ ᠡᠪᠡᠰᠦ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠬᠠᠮᠤᠭ ᠤᠨ ᠲᠣᠮᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠠᠳᠤᠭᠤᠨ ᠤ ᠠᠵᠤ ᠦᠢᠯᠡᠰ ᠤᠨ ᠲᠠᠯ᠎ᠠ ᠪᠠᠷ᠂ ᠰᠠᠨ ᠾᠧ ᠠᠳᠤᠭᠤ᠂ ᠮᠣᠩᠭᠤᠯ ᠠᠳᠤᠭᠤ ᠵᠡᠷᠭᠡ ᠰᠢᠯᠢᠳᠡᠭ ᠡᠭᠦᠯᠳᠡᠷ ᠤᠨ ᠬᠠᠮᠠᠭᠠᠯᠠᠯᠲᠠ ᠶᠢ ᠴᠢᠩᠭᠠᠳᠬᠠᠵᠤ᠂ ᠦᠷᠡᠵᠢᠭᠦᠯᠦᠨ ᠪᠤᠶᠢᠵᠢᠭᠤᠯᠬᠤ᠂ ᠡᠮᠨᠢᠭ ᠰᠤᠷᠭᠠᠬᠤ ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠢ ᠨᠡᠭᠡᠭᠡᠨ ᠠᠰᠢᠭᠯᠠᠬᠤ ᠰᠢᠨ᠎ᠡ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠡᠯ᠎ᠡ ᠰᠤᠮᠤ ᠰᠢᠶᠠᠩ ᠪᠠᠯᠭᠠᠰᠤ   ᠶᠢᠨ ᠠᠳᠤᠭᠤᠨ ᠤ ᠠᠵᠤ ᠦᠢᠯᠡᠰ ᠤᠨ ᠥᠷᠨᠢᠨ ᠬᠥᠭᠵᠢᠬᠦ ᠶᠢ ᠠᠬᠢᠭᠤᠯᠤᠨ᠎ᠠ᠃     ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠰᠢᠨ᠎ᠡ ᠮᠠᠯᠵᠢᠬᠤ ᠣᠷᠣᠨ ᠢ ᠪᠦᠲᠦᠭᠡᠨ ᠪᠠᠶᠢᠭᠤᠯᠤᠨ᠎ᠠ᠃ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠵᠣᠷᠯᠣᠩ ᠤᠨ ᠬᠤᠪᠢᠰᠬᠠᠯ︾ ᠢ ᠴᠢᠨᠠᠷ ᠰᠠᠶᠢᠲᠠᠶ ᠠᠬᠢᠭᠤᠯᠵᠤ᠂ 1500 ᠰᠠᠭᠤᠷᠢ ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠠᠷᠢᠭᠤᠨ ᠴᠡᠪᠡᠷ ᠤᠨ ᠵᠣᠷᠯᠣᠩ ᠢ ᠲᠦᠬᠡᠮᠡᠯᠵᠢᠭᠦᠯᠬᠦ ᠨᠣᠷᠮ᠎ᠠ ᠶᠢ 32% ᠠᠴᠠ ᠳᠡᠭᠡᠭᠰᠢ ᠳᠤ ᠬᠦᠷᠦᠭᠦᠯᠦᠨ᠎ᠡ᠃ ᠮᠠᠯ ᠵᠢᠭᠦᠷᠲᠡᠨ ᠤ ᠢᠯᠭᠠᠲᠠᠰᠦ ᠶᠢ ᠡᠬᠢ ᠪᠠᠶᠠᠯᠢᠭ ᠪᠣᠯᠭᠠᠨ ᠠᠰᠢᠭᠯᠠᠬᠤ ᠪᠦᠬᠦᠶᠢᠯᠡ  ᠬᠤᠰᠢᠭᠤ ᠪᠠᠷ ᠲᠦᠯᠬᠢᠨ ᠠᠬᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠨᠡᠶᠢᠬᠡᠮ ᠤᠨ ᠪᠡᠯᠡ ᠬᠦᠷᠦᠩᠭᠡ ᠶᠢ ᠲᠠᠲᠠᠨ ᠣᠷᠣᠭᠤᠯᠵᠣ ᠡᠵᠡᠩᠨᠡᠯᠲᠡ ᠳᠤ ᠣᠷᠣᠯᠴᠠᠭᠤᠯᠵᠣ᠂ ᠢᠯᠭᠠᠳᠠᠰᠦ ᠴᠤᠭᠯᠠᠭᠤᠯᠬᠤ᠂ ᠰᠢᠯᠵᠢᠭᠦᠯᠦᠨ ᠲᠡᠭᠡᠭᠡᠪᠦᠷᠢᠯᠡᠬᠦ᠂ ᠠᠰᠢᠭᠯᠠᠬᠤ ᠲᠣᠭᠲᠠᠴᠠ ᠶᠢ ᠪᠠᠶᠢᠭᠤᠯᠵᠤ᠂ ᠮᠠᠯ ᠵᠢᠭᠦᠷᠲᠡᠨ ᠤ ᠢᠯᠭᠠᠳᠠᠰᠦ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 75% ᠳᠤ ᠬᠦᠷᠭᠡᠨ᠎ᠡ᠃ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠣᠭᠯᠠᠭᠤᠯᠣᠨ ᠲᠡᠭᠡᠭᠡᠪᠦᠷᠢᠯᠡᠬᠦ ᠰᠢᠢᠳᠪᠦᠷᠢᠯᠡᠬᠦ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠬᠤᠭ ᠨᠣᠪᠰᠢ ᠶᠢ ᠬᠤᠣᠷ ᠦᠭᠡᠶᠢᠳᠡᠭᠦᠯᠦᠨ ᠵᠠᠰᠠᠬᠤ ᠵᠠᠭᠪᠣᠷ ᠢ ᠪᠣᠳᠠᠳᠠᠢ ᠲᠠᠢ ᠪᠠᠨ ᠣᠶᠠᠯᠳᠣᠭᠤᠯᠣᠨ ᠳᠡᠯᠭᠡᠷᠡᠬᠦᠯᠦᠨ ᠬᠡᠷᠡᠭᠯᠡᠬᠦ ᠬᠡᠷᠡᠭᠲᠡᠢ᠃ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠭ ᠨᠣᠪᠰᠢ ᠶᠢ ᠴᠡᠪᠡᠷᠯᠡᠬᠦ᠂ ᠴᠥᠭᠦᠷᠥᠮ ᠭᠤᠤ ᠶᠢ ᠴᠡᠪᠡᠷᠯᠡᠬᠦ᠂ ᠮᠠᠯ ᠵᠢᠭᠦᠷᠲᠡᠨ ᠤ ᠢᠯᠭᠠᠳᠠᠰᠦ ᠶᠢ ᠠᠷᠢᠯᠭᠠᠬᠤ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠨᠦᠯᠦᠭᠡᠯᠡᠵᠦ ᠪᠠᠶᠢᠭ᠎ᠠ ᠮᠠᠭᠤ ᠮᠠᠭᠤᠬᠠᠢ ᠵᠠᠩ ᠳᠠᠳᠬᠠᠯ ᠢ ᠬᠠᠯᠠᠨ ᠰᠠᠶᠢᠵᠢᠷᠠᠭᠤᠯᠬᠤ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦᠨ ᠢ ᠬᠠᠮᠤᠷᠤᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠨᠣᠭᠤᠭᠠᠷᠠᠭᠤᠯᠤᠯᠲᠠ ᠪᠠᠷ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠡᠷᠡᠭᠵᠢᠭᠦᠯᠦᠨ᠎ᠡ᠃ ᠵᠠᠮ ᠬᠠᠷᠢᠯᠴᠠᠭᠠᠨ ᠤ ᠨᠥᠬᠦᠴᠡᠯ ᠢ ᠶᠡᠬᠡᠪᠡᠷ ᠰᠠᠶᠢᠵᠢᠷᠠᠭᠤᠯᠵᠤ᠂ ︽ᠳᠥᠷᠪᠡᠨ ᠰᠠᠶᠢᠨ︾ ᠬᠥᠳᠡᠭᠡ ᠲᠣᠰᠬᠤᠨ ᠤ ᠵᠠᠮ ᠢ ᠪᠦᠲᠦᠭᠡᠨ ᠪᠠᠶᠢᠭᠤᠯᠬᠤ ᠬᠠᠮᠢᠶᠠᠷᠬᠤ ᠬᠡᠷᠡᠭᠯᠡᠬᠦ ᠰᠢᠰᠲ᠋ᠧᠮᠵᠢ ᠶᠢ ᠪᠦᠷᠢᠨᠰᠢᠭᠦᠯᠵᠦ ᠂ ᠪᠠᠶᠠᠨᠴᠠᠭᠠᠨ ᠰᠤᠮᠤ ᠠᠴᠠ ᠡᠦ ᠴᠢᠦᠸᠠᠨ ᠱᠠᠨ ᠬᠦᠷᠬᠦ᠂ ᠵᠢᠳᠠᠨ ᠭᠠᠴᠠᠭ᠎ᠠ ᠠᠴᠠ ᠰᠢᠶᠣᠤ ᠬᠥ᠋ ᠱᠠᠨ ᠬᠦᠷᠬᠦ᠂ ᠬᠤᠩᠭᠤᠯᠵᠢ ᠪᠠᠯᠭᠠᠰᠤ ᠠᠴᠠ ᠪᠣᠭᠢᠨᠲᠦ ᠣᠢ ᠰᠢᠭᠤᠶ ᠶᠢᠨ ᠲᠠᠯᠠᠪᠠᠢ ᠬᠦᠷᠬᠦ ᠵᠡᠷᠭᠡ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠢ ᠳᠠᠭᠤᠰᠬᠠᠵᠣ ᠲᠡᠷᠬᠡ ᠨᠡᠪᠲᠡᠷᠡᠬᠦ ᠶᠢ ᠪᠡᠶᠡᠯᠡᠬᠦᠯᠦᠨ᠎ᠡ᠃ ᠬᠦᠳᠡᠭᠡ ᠲᠣᠰᠬᠤᠨ ᠤ ᠲᠦᠯᠦᠪᠵᠢᠬᠦᠯᠭᠡ ᠶᠢ ᠨᠠᠶᠢᠷᠠᠭᠤᠯᠣᠨ ᠵᠣᠬᠢᠶᠠᠬᠤ ᠲᠣᠷᠰᠢᠯᠲᠠ ᠶᠢᠨ ᠴᠡᠭ ᠤᠨ ᠠᠵᠢᠯ ᠢ ᠡᠬᠢᠯᠡᠬᠦᠯᠦᠨ᠎ᠡ᠃     ᠰᠢᠨ᠎ᠡ ᠴᠠᠭ ᠦᠶ᠎ᠡ ᠶᠢᠨ ᠮᠠᠯᠵᠢᠬᠤ ᠣᠷᠣᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠭᠡᠷ ᠪᠦᠯᠢ ᠶᠢᠨ ᠮᠠᠯᠵᠢᠯ ᠤᠨ ᠲᠠᠯᠠᠪᠠᠢ᠂ ᠮᠠᠯᠴᠢᠳ ᠤᠨ ᠲᠤᠰᠬᠠᠶ  ᠬᠤᠷᠰᠢᠶᠠᠵᠢᠯ ᠵᠡᠷᠭᠡ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠣᠶᠢᠵᠢᠭᠤᠯᠵᠣ᠂ ᠵᠠᠬᠢᠶᠠᠯᠠᠨ ᠪᠣᠷᠤᠯᠠᠭᠤᠯᠬᠤ᠂ ᠬᠤᠪᠢ ᠣᠷᠣᠭᠤᠯᠵᠤ ᠠᠰᠢᠭ ᠬᠤᠪᠢᠶᠠᠬᠤ᠂ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠯᠵᠢᠬᠤ ᠡᠷᠦᠬᠡ ᠶᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠳᠤ ᠠᠭᠤᠰᠬᠠᠨ ᠣᠷᠤᠭᠤᠯᠵᠦ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠢ ᠶᠡᠬᠡᠪᠡᠷ ᠪᠤᠶᠢᠵᠢᠭᠤᠯᠵᠤ᠂ ᠮᠠᠯᠵᠢᠬᠤ ᠣᠷᠣᠨ ᠤ ᠬᠡᠷᠡᠭᠯᠡᠭᠡᠨ ᠤ ᠮᠡᠷᠭᠡᠵᠢᠯ᠂ ᠡᠵᠡᠩᠨᠡᠯᠲᠡ ᠶᠢᠨ ᠣᠶᠢᠯᠠᠭᠠᠭᠳᠠᠬᠤᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠮᠠᠯᠵᠢᠬᠤ  ᠣᠷᠤᠨ ᠤ ᠬᠥᠳᠡᠯᠮᠦᠷᠢᠴᠢᠳ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠣᠷᠣᠨ ᠳᠤ ᠣᠷᠣᠭᠤᠯᠬᠤ ᠪᠦᠷᠬᠦᠴᠡ ᠶᠢ ᠥᠷᠭᠡᠳᠬᠡᠵᠦ᠂ ᠬᠠᠩᠭᠠᠨ ᠪᠣᠷᠣᠯᠠᠭᠤᠯᠬᠤ ᠬᠤᠷᠰᠢᠶ᠎ᠠ᠂ ᠰᠢᠤᠳᠠᠨ ᠶᠠᠪᠦᠳᠠᠯ ᠤᠨ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠵᠡᠷᠭᠡ ᠶᠢᠨ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠤᠷ ᠰᠦᠯᠵᠢᠶ᠎ᠡ ᠶᠢ ᠤᠷᠲᠤᠳᠬᠠᠬᠤ ᠶᠢ ᠳᠠᠮᠵᠢᠵᠤ᠂ ᠠ ᠯᠢ ᠪᠠ ᠪᠠ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠮᠠᠯᠴᠢᠳ ᠲᠦᠮᠡᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠪᠣᠷᠣᠯᠠᠭᠤᠯᠬᠤ ᠵᠠᠬ᠎ᠠ ᠳᠡᠯᠭᠡᠭᠦᠷ ᠨᠡᠬᠡᠬᠡᠬᠦ ᠶᠢ ᠳᠠᠮᠵᠢᠵᠣ᠂ ᠮᠠᠯᠴᠢᠳ ᠤᠨ ᠣᠷᠤᠯᠭ᠎ᠠ ᠶᠢ ᠨᠡᠮᠡᠭᠳᠡᠭᠦᠯᠦᠨ ᠪᠠᠶᠠᠨ ᠴᠢᠨᠡᠭᠡᠯᠢᠭᠵᠢᠯ  ᠳᠤ ᠬᠦᠷᠬᠦ ᠶᠢ ᠲᠠᠰᠤᠷᠠᠯᠳᠠ ᠥᠭᠡᠢ ᠠᠬᠢᠭᠤᠯᠤᠨ᠎ᠠ᠃ ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠲᠥᠪᠯᠡᠷᠡᠭᠦᠯᠦᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠳᠡᠳᠬᠦᠨ ᠪᠤᠵᠠᠭᠠᠶᠢᠷᠠᠭᠤᠯᠤᠨ᠎ᠠ᠃ ᠪᠣᠯᠪᠠᠰᠤᠨ ᠢ ᠡᠭᠦᠳᠦᠨ ᠪᠠᠶᠢᠭᠤᠯᠬᠤ᠂ ᠲᠣᠰᠬᠤᠨ ᠤ ᠳᠦᠷᠢᠮ ᠠᠷᠠᠳ ᠤᠨ ᠭᠡᠷ᠎ᠡ᠂ ᠭᠡᠷ ᠤᠨ ᠰᠤᠷᠭᠠᠯ ᠰᠤᠷᠲᠠᠯ ᠤᠨ ᠬᠥᠳᠡᠭᠡ ᠲᠣᠰᠬᠤᠨ ᠤ ᠵᠠᠰᠠᠯᠲᠠ ᠳᠤ ᠦᠵᠡᠬᠦᠯᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ ᠠᠵᠢᠯ ᠤᠨ ᠪᠠᠶᠢᠷᠢᠰᠢᠯ ᠢ ᠪᠦᠷᠢᠯᠳᠦᠬᠦᠯᠦᠨ᠎ᠡ᠃     ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠢᠮᠢᠨ ᠤ ᠴᠠᠬᠢᠯᠭᠠᠨ ᠤ ᠦᠢᠯᠡᠳᠪᠦᠷᠢ ᠶᠢᠨ ᠬᠤᠯᠠ ᠵᠠᠢ ᠳᠤ ᠢᠯᠴᠢ ᠬᠦᠷᠭᠡᠬᠦ ᠲᠥᠷᠥᠯ ᠵᠦᠢᠯ ᠪᠣᠯᠤᠨ ᠲᠥᠪ ᠬᠤᠲᠠ ᠲᠣᠭᠤᠷᠢᠭ ᠤᠨ ᠪᠡᠯᠡᠳᠬᠡᠯ ᠤᠰᠤᠨ ᠰᠤᠷᠪᠤᠯᠵᠢ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠲᠦᠪ ᠬᠤᠲᠠ ᠲᠣᠭᠤᠷᠢᠭ ᠤᠨ ᠢᠯᠴᠢ ᠬᠠᠩᠭᠠᠬᠤ᠂ ᠤᠰᠤ ᠬᠠᠩᠭᠠᠬᠤ ᠶᠠᠰᠤ ᠴᠢᠨᠠᠷ ᠢ ᠳᠡᠭᠡᠭᠰᠢᠯᠡᠬᠦᠯᠦᠨ᠎ᠡ᠃ ᠭᠤᠤᠯ ᠤᠨ ᠪᠠᠷᠠᠭᠤᠨᠳᠡᠬᠢ ᠰᠢᠨ᠎ᠡ ᠲᠣᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠭᠤᠤᠯ ᠤᠨ ᠪᠠᠷᠠᠭᠤᠨᠳᠡᠬᠢ ᠰᠢᠨ᠎ᠡ ᠲᠣᠭᠤᠷᠢᠭ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ  ᠢ ᠨᠠᠷᠢᠯᠢᠭᠵᠢᠭᠤᠯᠣᠨ ᠵᠢᠷᠤᠮᠵᠢᠭᠤᠯᠬᠤ ᠶᠢ ᠠᠬᠢᠭᠤᠯᠤᠨ᠎ᠠ᠃ ᠭᠤᠤᠯ ᠳᠠᠭᠠᠤ ᠬᠢ ᠵᠠᠮ ᠤᠨ ᠲᠢᠶᠠᠨ ᠵᠢᠶᠤᠤ ᠶᠡᠭᠡ ᠬᠥᠭᠦᠷᠭᠡ ᠶᠢᠨ ᠬᠡᠰᠡᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ︽ᠮᠣᠬᠤᠷ ᠵᠠᠮ︾ ᠢ ᠵᠠᠰᠠᠵᠣ ᠨᠡᠪᠲᠡᠷᠡᠬᠦᠯᠦᠨ᠎ᠡ᠃ ᠭᠠᠵᠠᠷ ᠰᠢᠷᠣᠢ ᠬᠤᠳᠠᠯᠳᠣᠵᠣ ᠨᠡᠬᠡᠬᠡᠨ ᠠᠰᠢᠭᠯᠠᠬᠤ ᠬᠦᠴᠦᠯᠡᠴᠡ ᠪᠠᠨ ᠨᠡᠮᠡᠭᠳᠡᠬᠦᠯᠵᠦ᠂ ᠪᠠᠶᠠᠨᠲᠣᠬᠤᠶ ᠪᠠᠯᠭᠠᠰᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠦᠢᠯᠡᠰ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠠᠵᠣ ᠦᠢᠯᠡᠰ᠂ ᠮᠠᠰᠢᠨ ᠲᠡᠷᠭᠡᠨ ᠤ ᠠᠵᠤ ᠦᠢᠯᠡᠰ ᠤᠨ ᠥᠷᠨᠢᠩᠭᠦᠶ ᠬᠥᠭᠵᠢᠬᠦ ᠶᠢ ᠲᠦᠯᠬᠢᠨ ᠠᠬᠢᠭᠤᠯᠤᠨ᠎ᠠ᠃ ᠣᠯᠣᠰ ᠤᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠪᠠᠯᠭᠠᠰᠤᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠲᠤᠬᠠᠢ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠳ᠋ᠠᠶᠠᠨ ᠪᠠᠯᠭᠠᠰᠤᠨ ᠤ ︽ᠭᠤᠷᠪᠠᠨ ᠬᠠᠩᠭᠠᠯᠭ᠎ᠠ ᠨᠢᠭᠡ ᠦᠢᠯᠡᠰ︾ ᠤᠨ ᠥᠭᠡᠷᠡᠴᠢᠯᠡᠯᠲᠡ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢ ᠥᠭᠡᠷᠡᠴᠢᠯᠡᠬᠦ᠂ ᠬᠤᠭ ᠨᠣᠪᠰᠢ ᠪᠤᠯᠠᠬᠤ ᠲᠠᠯᠠᠪᠠᠢ ᠵᠡᠷᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠦᠷᠭᠦᠯᠵᠢᠯᠡᠨ ᠨᠠᠶᠢᠳᠠᠪᠣᠷᠢᠵᠢᠭᠤᠯᠵᠣ᠂ ᠢᠮᠢᠨ ᠭᠤᠣᠯ ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠷᠣᠨ ᠨᠤᠲᠤᠭ ᠪᠠ ᠠᠵᠤ ᠠᠬᠤᠶᠢᠯᠠᠯ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂  ᠦᠷᠬᠦᠯᠵᠢᠯᠡᠨ ᠬᠦᠭᠵᠢᠬᠦ ᠶᠢ ᠠᠬᠢᠭᠤᠯᠤᠨ᠎ᠠ᠃ ᠬᠤᠩᠭᠤᠯᠵᠢ ᠪᠠᠯᠭᠠᠰᠤᠨ ᠤ ᠠᠶᠠᠬᠠᠨ ᠵᠢᠵᠢᠭ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠬᠤᠩᠭᠤᠯᠵᠢ ᠪᠠᠯᠭᠠᠰᠤᠨ ᠤ ᠪᠣᠬᠢᠷ ᠤᠰᠤᠨ ᠤ ᠦᠢᠯᠡᠳᠪᠦᠷᠢ᠂ ᠬᠤᠭ ᠨᠣᠪᠰᠢ ᠪᠤᠯᠠᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠤᠨ᠎ᠠ᠃      ︵ᠲᠠᠪᠤ︶ ᠲᠣᠭᠲᠠᠯ ᠬᠦᠴᠦᠨ ᠢᠶᠠᠨ ᠪᠠᠲᠤᠯᠠᠵᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ     ᠬᠥᠯᠥᠨ ᠨᠠᠭᠤᠷ ᠤᠨ ᠳᠡᠭᠡᠳᠦ ᠤᠷᠤᠰᠬᠠᠯ ᠤᠨ ᠠᠮᠢ ᠠᠬᠤᠢ ᠶᠢᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠤᠱᠯᠠᠭᠤᠯᠤᠨ ᠨᠠᠶᠢᠳᠠᠪᠤᠷᠢᠵᠢᠭᠤᠯᠵᠦ᠂ ᠬᠥᠯᠥᠨ ᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠣᠬᠢᠷ ᠤᠰᠤ ᠭᠠᠳᠠᠭᠰᠢᠯᠠᠭᠤᠯᠬᠤ ᠦᠭᠡᠢ ᠶᠡᠷᠦᠩᠬᠡᠶ ᠱᠠᠭᠠᠷᠳᠠᠯᠭ᠎ᠠ ᠶᠣᠰᠣᠭᠠᠷ᠂ ᠳ᠋ᠠᠶᠠᠨ ᠤ ᠪᠣᠬᠢᠷ ᠤᠰᠤᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ᠂ ᠢᠰᠦᠯᠳᠦᠭᠦᠯᠬᠦ ᠴᠥᠭᠦᠷᠥᠮ ᠢ ᠵᠠᠰᠠᠬᠤ᠂ ᠪᠣᠬᠢᠷ ᠤᠰᠤ ᠶᠢ ᠡᠭᠡᠭᠦᠯᠦᠨ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠦᠴᠠ ᠳᠠᠬᠢ ᠡᠯ᠎ᠡ ᠵᠦᠢᠯ ᠤᠨ ᠬᠦᠴᠢᠷ ᠠᠰᠠᠭᠤᠳᠠᠯ ᠢ ᠥᠨᠳᠥᠷ ᠪᠦᠲᠦᠮᠵᠢᠲᠠᠢ ᠪᠠᠷ ᠰᠢᠢᠳᠪᠦᠷᠢᠯᠡᠵᠦ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠪᠠᠷᠢᠯᠭ᠎ᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠵᠢᠯ ᠤᠨ ᠳᠣᠲᠣᠷ᠎ᠠ  ᠠᠵᠢᠯ ᠢᠶᠠᠨ ᠳᠠᠭᠤᠰᠬᠠᠨ ᠡᠵᠡᠩᠨᠡᠯᠲᠡ ᠬᠢᠯᠭᠡᠬᠦ ᠶᠢ ᠡᠷᠬᠡᠪᠰᠢ ᠪᠡᠶᠡᠯᠡᠭᠦᠯᠬᠦ ᠬᠡᠷᠡᠭᠲᠡᠶ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠤᠰᠤᠨ ᠳᠤ ᠬᠤᠯᠪᠤᠭᠳᠠᠭᠰᠠᠨ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠠᠴᠠ ᠪᠣᠯᠤᠭᠰᠠᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠬᠡᠪᠴᠢᠶᠠᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠤᠰᠤᠨ ᠤ ᠣᠷᠴᠢᠨ ᠲᠣᠭᠤᠷᠢᠨ ᠤ ᠨᠥᠯᠥᠭᠡᠯᠡᠯ ᠤᠨ ᠲᠦᠭᠰᠢᠭᠦᠷᠢ ᠶᠢ ᠠᠷᠢᠯᠭᠠᠨ᠎ᠠ᠃ ᠲᠦᠪ ᠬᠤᠲᠠ ᠲᠣᠭᠤᠷᠢᠭ ᠤᠨ ᠤᠰᠤᠨ ᠰᠤᠷᠪᠤᠯᠵᠢ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠰᠤᠨ ᠰᠤᠷᠪᠤᠯᠵᠢ ᠶᠢᠨ ᠭᠠᠵᠠᠷ ᠤᠨ ᠤᠰᠤ ᠬᠤᠷᠠᠬᠤ ᠣᠷᠣᠨ ᠤ ᠳᠣᠲᠣᠷᠠᠬᠢ ᠲᠠᠷᠢᠶᠠᠨ ᠭᠠᠵᠠᠷ ᠠᠴᠠ ᠡᠮᠬᠢ ᠵᠢᠷᠤᠮ ᠲᠠᠢ ᠪᠠᠷ ᠤᠬᠤᠷᠢᠨ ᠭᠠᠷᠴᠤ᠂ ᠤᠰᠤᠨ ᠴᠥᠭᠦᠷᠥᠮ ᠤᠨ ᠤᠰᠤᠨ ᠤ ᠴᠢᠨᠠᠷ ᠢ ᠪᠠᠳᠣᠯᠠᠵᠣ᠂ ᠣᠰᠣᠨ ᠤ ᠬᠠᠩᠭᠠᠯᠭ᠎ᠠ ᠶᠢᠨ ᠠᠮᠣᠷ ᠲᠦᠪᠰᠢᠨ ᠢ ᠪᠠᠳᠣᠯᠠᠬᠤ ᠬᠡᠷᠡᠭᠲᠡᠢ᠃     ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠨ᠎ᠠ᠃ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠲᠠᠷᠢᠶᠠᠯᠠᠬᠤ ᠪᠠᠨ ᠵᠣᠬᠰᠣᠭᠠᠵᠣ ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ ᠬᠦᠴᠦ ᠲᠠᠯᠪᠢᠨ ᠰᠠᠶᠢᠲᠤᠷ ᠠᠳᠬᠤᠵᠤ᠂ ᠴᠢᠨᠠᠷ ᠰᠠᠶᠢᠲᠠᠶ ᠲᠡᠵᠢᠭᠡᠯ ᠡᠪᠡᠰᠦ ᠲᠠᠷᠢᠬᠤ᠂ ᠬᠥᠮᠦᠨ ᠤ ᠬᠦᠴᠦ ᠪᠠᠷ ᠣᠶᠢᠵᠢᠭᠤᠯᠬᠤ᠂ ᠲᠠᠴᠢᠷᠳᠠᠭᠰᠠᠨ ᠪᠡᠯᠴᠢᠭᠡᠷ ᠢ ᠰᠠᠶᠢᠵᠢᠷᠠᠭᠤᠯᠬᠤ ᠵᠡᠷᠭᠡ ᠡᠯ᠎ᠡ ᠲᠥᠷᠥᠯ ᠤᠨ ᠣᠢ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠲᠤ ᠲᠠᠷᠢᠶᠠᠯᠠᠬᠤ ᠶᠢ ᠵᠣᠭᠰᠣᠭᠠᠬᠤ ᠡᠭᠦᠷᠭᠡ ᠶᠢ 32 ᠲᠦᠮᠡᠨ ᠮᠦ ᠨᠠᠶᠢᠳᠠᠪᠤᠷᠢᠵᠢᠭᠤᠯᠬᠤ ᠪᠠᠷ ᠲᠥᠯᠥᠪᠯᠡᠪᠡ᠃ ᠮᠠᠯ ᠪᠡᠯᠴᠢᠭᠡᠷ ᠢ ᠳᠡᠩᠴᠡᠭᠦᠷᠢᠰᠢᠭᠦᠯᠬᠦ ᠬᠢᠨᠠᠯᠲᠠ ᠬᠠᠮᠢᠶᠠᠷᠣᠯᠲᠠ ᠶᠢ ᠴᠢᠩᠭᠠᠳᠬᠠᠵᠣ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ᠂ ᠡᠭᠡᠯᠵᠢᠯᠡᠨ ᠮᠠᠯᠵᠢᠬᠤ᠂ ᠠᠮᠢ ᠠᠬᠤᠶ ᠶᠢᠨ ᠨᠦᠬᠦᠪᠦᠷᠢ ᠱᠠᠩᠨᠠᠯ ᠵᠡᠷᠭᠡ ᠨᠤᠲᠤᠭ ᠪᠡᠯᠴᠢᠭᠡᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠨᠦᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠦ᠂ ᠤᠢ ᠮᠣᠳᠣ ᠶᠢ ᠨᠥᠬᠦᠵᠦ ᠲᠡᠷᠢᠬᠤ᠂ ᠠᠷᠠᠴᠢᠯᠠᠨ ᠪᠤᠶᠢᠵᠢᠭᠤᠯᠵᠤ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠦᠨ᠎ᠠ᠃ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠣᠢ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠭᠤᠤᠯᠳᠠᠯᠭ᠎ᠠ ᠲᠠᠢ ᠭᠤᠤᠯ ᠮᠥᠷᠡᠨ ᠤ ᠭᠤᠤᠯ ᠤᠨ ᠵᠠᠮ ᠤᠨ ᠠᠮᠢ ᠠᠬᠤᠶ ᠶᠢᠨ ᠵᠠᠰᠠᠯᠲᠠ᠂ ᠦᠶᠡᠷ ᠢ ᠰᠡᠷᠭᠡᠶᠢᠯᠡᠬᠦ ᠵᠠᠰᠠᠯᠲᠠ ᠶᠢ ᠲᠦᠯᠬᠢᠨ ᠠᠬᠢᠭᠤᠯᠵᠤ᠂ ᠮᠡᠬᠡᠷᠲᠦ ᠦᠶᠡᠷ ᠢ ᠰᠡᠷᠭᠡᠶᠢᠯᠡᠬᠦ ᠢᠨᠵᠧᠨᠧᠷᠢᠩ ᠪᠠ ᠰᠢᠨᠡᠬᠡᠨ ᠭᠤᠤᠯ ᠤᠨ ᠭᠤᠤᠯ ᠤᠨ ᠵᠠᠮ ᠢ ᠵᠠᠰᠠᠬᠤ ᠢᠨᠵᠧᠨᠧᠷᠢᠩ ᠢ ᠪᠡᠶᠡᠯᠡᠭᠦᠯᠦᠨ᠎ᠡ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠭᠤᠷᠬᠠᠢ ᠶᠢᠨ ᠭᠠᠵᠠᠷ ᠰᠢᠨᠵᠢᠯᠡᠭᠡ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠡᠷᠴᠢᠮ ᠢᠶᠠᠨ ᠴᠢᠩᠭᠠᠷᠠᠭᠤᠯᠵᠦ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠬᠠᠮᠠᠭᠠᠯᠠᠬᠤ ᠬᠡᠷᠡᠭᠡᠲᠡᠢ᠃ ᠲᠣᠭᠲᠠᠭᠠᠯ ᠢ ᠵᠦᠷᠢᠴᠡᠨ ᠪᠠᠶᠢᠭᠤᠯᠤᠭᠰᠠᠨ ᠬᠡᠭᠡᠨᠴᠢᠷ ᠣᠷᠤᠨ ᠰᠠᠭᠤᠴᠠ᠂ ᠲᠠᠷᠢᠶᠠᠨ ᠭᠠᠵᠠᠷ ᠢ ᠨᠡᠷ᠎ᠡ ᠪᠣᠷᠣᠭᠤᠯᠠᠨ ᠡᠵᠡᠯᠡᠵᠦ ᠬᠠᠣᠯᠢ ᠶᠢ ᠵᠦᠷᠢᠴᠡᠨ ᠪᠠᠶᠢᠭᠤᠯᠣᠭᠰᠠᠨ ᠬᠡᠷ ᠪᠠᠶᠢᠰᠢᠩ ᠤᠨ ᠠᠰᠠᠭᠤᠳᠠᠯ ᠢ  ᠴᠡᠪᠡᠷᠯᠡᠨ ᠴᠡᠭᠴᠡᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ  ᠠᠳᠬᠤᠬᠤ ᠬᠡᠷᠡᠭᠳᠡᠢ᠃    ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠪᠴᠢᠶᠡᠨ ᠳᠤ ᠣᠷᠣᠬᠤ ᠶᠢ ᠵᠦᠪᠰᠢᠶᠡᠷᠡᠬᠦ ᠳᠦᠷᠢᠮ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠭᠠᠷᠴᠠᠭ ᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠨᠥᠯᠥᠭᠡᠯᠡᠬᠦ ᠲᠥᠷᠥᠯ ᠵᠦᠢᠯ ᠢ ᠡᠷᠡᠰ ᠣᠷᠤᠭᠤᠯᠬᠤ ᠦᠭᠡᠢ ᠪᠠᠶᠢᠵᠦ᠂ ᠡᠸᠡᠩᠬᠢ ᠶᠢᠨ ᠬᠥᠬᠡᠮᠳᠦᠭ ᠠᠭᠤᠯᠠ ᠴᠡᠩᠬᠡᠭ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠡᠸᠡᠩᠬᠢ ᠬᠤᠰᠢᠭᠤᠨ ᠤ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠶᠢᠨ ᠬᠠᠮᠲᠤ ᠴᠢᠩᠭ᠎ᠠ ᠰᠠᠬᠢᠵᠤ᠂ ᠤᠯᠠᠨ ᠲᠦᠯᠦᠪᠵᠢᠭᠦᠯᠭᠡ ᠶᠢ ᠨᠢᠭᠡᠳᠬᠡᠬᠦ ᠶᠢ ᠠᠬᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠬᠡᠷᠡᠭᠵᠢᠬᠦᠯᠬᠦ ᠬᠢᠨᠡᠯᠲᠡ ᠬᠠᠮᠢᠶᠠᠷᠣᠯᠲᠠ ᠶᠢ ᠴᠢᠩᠳᠠᠯᠠᠵᠤ᠂ ᠠᠵᠤ ᠦᠢᠯᠡᠳᠪᠦᠷᠢ ᠶᠢᠨ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠬᠤᠢ ᠭᠤᠤᠯ ᠬᠠᠮᠠᠭᠠᠯᠠᠯᠲᠠ ᠶᠢᠨ ᠣᠷᠣᠨ ᠤ ᠵᠠᠭᠠᠭ ᠬᠦᠪᠡᠭᠡ ᠶᠢ ᠲᠣᠬᠢᠷᠠᠭᠤᠯᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠦ᠂ ᠮᠠᠯᠵᠢᠬᠤ ᠣᠷᠣᠨ ᠤ ᠬᠥᠭᠵᠢᠯᠲᠡ᠂ ᠤᠤᠯ ᠤᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠬᠤᠭᠤᠷᠤᠨᠳᠤᠬᠢ ᠵᠥᠷᠢᠴᠡᠯ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠣᠭᠤᠨᠤ ᠶᠢᠨ ᠭᠤᠤᠯ ᠤᠨ ᠬᠠᠮᠠᠭᠠᠯᠠᠯᠲᠠ ᠶᠢᠨ ᠣᠷᠣᠨ ᠤ ᠵᠠᠭᠠᠭ ᠢ ᠬᠠᠶᠢᠵᠤ ᠪᠠᠷᠢᠮᠵᠢᠶ᠎ᠠ ᠲᠣᠭᠲᠠᠭᠠᠬᠤ ᠠᠵᠢᠯ ᠢ ᠦᠷᠨᠢᠭᠦᠯᠦᠨ᠎ᠡ᠃ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠡᠭᠡᠷ᠎ᠡ ᠶᠢᠨ ᠠᠮᠢᠲᠠᠨ ᠢ ᠠᠩᠨᠠᠬᠤ᠂ ᠠᠷᠠᠯᠵᠢᠶᠠᠯᠬᠤ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠣᠳᠠᠰ ᠤᠨ ᠬᠡᠮᠵᠢᠶ᠎ᠡ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠪᠠ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ  ᠳᠤ ᠬᠢᠨᠠᠨ ᠪᠣᠳᠤᠯᠲᠠ ᠬᠢᠬᠦ ᠲᠤᠷᠰᠢᠯᠲᠠ ᠶᠢᠨ ᠠᠵᠢᠯ ᠢ ᠰᠠᠶᠢᠲᠤᠷ ᠠᠳᠬᠤᠬᠤ ᠬᠡᠷᠡᠭᠡᠳᠡᠢ᠃ ᠪᠦᠬᠦ ᠣᠯᠣᠰ ᠤᠨ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠠᠷᠠᠳ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠦ᠂ ᠠᠮᠢ ᠠᠬᠤᠶ ᠣᠷᠴᠢᠨ ᠠᠬᠤᠶ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ︵ᠵᠢᠷᠭᠤᠭ᠎ᠠ︶ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠪᠦᠲᠦᠮᠵᠢᠲᠡᠢ ᠨᠡᠮᠡᠭᠳᠡᠭᠦᠯᠦᠨ᠎ᠡ    ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ︽ᠪᠠᠭᠤᠯᠭᠠᠬᠤ ᠬᠠᠮᠢᠶᠠᠷᠠᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ᠂ ᠠᠵᠢᠯ ᠤᠨ ᠭᠤᠤᠯᠳᠠᠯᠭ᠎ᠠ ᠪᠠᠨ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠳᠡᠭᠡᠷ᠎ᠡ ᠲᠠᠯᠪᠢᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠬᠠᠷᠢᠴᠠᠯ ᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠶᠡᠭᠡ ᠲᠢᠩᠬᠢᠮ ᠳᠤ ᠣᠷᠤᠭᠤᠯᠤᠨ ᠰᠠᠭᠤᠯᠭᠠᠬᠤ ᠶᠢ ᠲᠦᠷᠭᠡᠳᠬᠡᠨ ᠠᠬᠢᠭᠤᠯᠵᠤ᠂ ᠰᠤᠮᠤ ᠰᠢᠶᠠᠩ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠯᠡ ᠤᠳᠠᠭ᠎ᠠ ᠳᠤ ᠨᠢᠭᠡ ᠲᠢᠩᠬᠢᠮ ᠳᠤ ᠪᠦᠬᠦᠨ ᠢ ᠭᠦᠢᠴᠡᠳᠬᠡᠵᠦ ᠳᠠᠭᠤᠰᠬᠠᠬᠤ︾ ᠶᠢ ᠪᠠᠶᠢᠩᠭᠤ ᠶᠢᠨ ᠪᠠᠶᠢᠳᠠᠯ ᠪᠣᠯᠭᠠᠵᠤ᠂ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠶᠡᠷᠥᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠣᠯᠢᠵᠢᠭᠤᠯᠬᠤ᠂ ᠵᠢᠷᠣᠮᠵᠢᠭᠤᠯᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽ᠬᠤᠶᠠᠷ ᠢ ᠲᠣᠬᠢᠶᠠᠯᠳᠤᠯ ᠢᠶᠠᠷ ᠪᠠᠶᠢᠴᠠᠭᠠᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠦᠷᠢᠮ ᠢ ᠦᠷᠬᠦᠯᠵᠢᠯᠡᠨ ᠲᠡᠬᠦᠯᠳᠡᠷᠵᠢᠬᠦᠯᠵᠦ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃      ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠠᠵᠤ ᠠᠬᠤᠶᠢᠯᠠᠯ ᠢ ᠬᠠᠪᠰᠤᠷᠤᠨ ᠲᠡᠳᠬᠦᠬᠦ ᠠᠵᠢᠯᠯᠠᠭ᠎ᠠ ᠶᠢ  ᠬᠦᠨᠵᠡᠭᠡᠢ ᠥᠷᠨᠢᠭᠦᠯᠵᠦ᠂ ᠦᠪᠡᠷ ᠤᠨ ᠦᠷᠳᠡᠭ ᠢ ᠪᠠᠭᠤᠷᠠᠭᠤᠯᠬᠤ᠂ ᠪᠡᠯᠡ ᠲᠣᠬᠢᠷᠠᠭᠤᠯᠭ᠎ᠠ ᠳᠤ ᠦᠢᠯᠡᠴᠢᠯᠡᠭᠡ ᠬᠠᠩᠭᠠᠬᠤ᠂ ᠵᠠᠬ᠎ᠠ ᠳᠡᠯᠭᠡᠭᠦᠷ ᠨᠡᠬᠡᠬᠡᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠳᠡᠮᠵᠢᠯᠭᠡ ᠦᠵᠡᠬᠦᠯᠵᠦ᠂ ᠠᠵᠤ ᠠᠬᠤᠶᠢᠯᠠᠯ ᠨᠡᠩ ᠣᠨᠴᠠᠭᠠᠶᠢᠯᠠᠨ ᠳᠣᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠬᠡ ᠶᠢ ᠬᠠᠪᠰᠤᠷᠴᠣ ᠪᠡᠷᠬᠡ ᠪᠣᠭᠤᠮᠳᠠ ᠶᠢ ᠲᠤᠭᠤᠯᠠᠭᠤᠯᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠦᠷᠢᠳᠦᠵᠦ ᠪᠠᠶᠢᠭ᠎ᠠ ᠳᠠᠩᠰᠠᠨ ᠵᠣᠭᠤᠰ ᠢ ᠢᠯᠭᠠᠷᠠᠭᠤᠯᠬᠤ ᠠᠵᠢᠯ ᠢ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠰᠠᠶᠢᠲᠤᠷ ᠬᠢᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠷᠤᠭᠠᠰᠤ ᠶᠢ ᠬᠦᠴᠦᠯᠡᠨ ᠬᠥᠩᠭᠡᠷᠡᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠲᠥᠷᠥᠯ ᠵᠦᠢᠯ ᠳᠠᠬᠢ ᠮᠥᠷᠳᠡᠨ ᠦᠢᠯᠡᠴᠢᠯᠡᠬᠦ ᠡᠷᠴᠢᠮ ᠢᠶᠠᠨ ᠴᠢᠩᠭᠠᠳᠬᠠᠵᠣ᠂ ᠠᠷᠠᠯᠵᠢᠶᠠᠴᠢᠨ ᠤᠷᠢᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠨᠣᠷᠮ᠎ᠠ᠂ ᠠᠰᠢᠭᠯᠠᠯᠲᠠ ᠳᠤ ᠣᠷᠣᠭᠤᠯᠬᠤ ᠨᠣᠷᠮ᠎ᠠ ᠶᠢ ᠦᠨᠡᠨᠬᠦ ᠳᠡᠭᠡᠭᠰᠢᠯᠡᠭᠦᠯᠦᠨ᠎ᠡ᠃ ᠠᠷᠠᠯᠵᠢᠶᠠᠴᠢᠨ ᠤᠷᠢᠬᠤ ᠲᠥᠷᠥᠯ ᠵᠦᠢᠯ ᠢ ᠦᠨᠡᠯᠡᠨ ᠵᠢᠱᠢᠬᠦ ᠲᠣᠭᠲᠠᠴᠠ ᠶᠢ ᠴᠢᠩᠭ᠎ᠠ ᠨᠠᠶᠢᠳᠠᠪᠦᠷᠢᠵᠢᠭᠤᠯᠵᠦ᠂ ᠠᠵᠤ ᠠᠬᠤᠢ ᠶᠢᠨ ᠦᠷ᠎ᠡ ᠠᠰᠢᠭ ᠤᠨ ᠳᠠᠩᠰᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠩᠰᠠ ᠶᠢ ᠰᠠᠶᠢᠲᠤᠷ ᠪᠣᠳᠣᠵᠤ᠂ ᠠᠷᠠᠯᠵᠢᠶᠠᠴᠢᠨ ᠤᠷᠢᠬᠤ ᠪᠠᠷᠢᠮᠵᠢᠶ᠎ᠠ ᠶᠢ ᠪᠠᠲᠤ ᠰᠠᠬᠢᠵᠤ᠂ ᠠᠷᠠᠯᠵᠢᠶᠠᠴᠢᠨ ᠤᠷᠢᠵᠤ ᠪᠡᠯᠡ ᠣᠷᠤᠭᠤᠯᠬᠤ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠵᠤ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠦᠵᠡᠰᠬᠦᠯᠡᠩ ᠤᠨ ᠬᠡᠯᠡᠯᠴᠡᠭᠡᠷ ᠤᠨ ᠠᠵᠢᠯᠯᠠᠭ᠎ᠠ ᠳᠤ ᠣᠷᠤᠯᠴᠠᠭᠤᠯᠤᠨ᠂ ᠠᠵᠤ ᠠᠬᠤᠶᠢᠯᠠᠯ ᠢ ᠬᠠᠪᠰᠤᠷᠤᠨ ᠲᠠᠨᠢᠯᠴᠠᠭᠤᠯᠭ᠎ᠠ ᠶᠢ ᠠᠳᠬᠤᠨ᠂ ᠵᠠᠬ᠎ᠠ ᠳᠡᠯᠭᠡᠭᠦᠷ ᠲᠤ ᠭᠠᠷᠴᠤ᠂ ᠲᠣᠰ ᠭᠠᠵᠠᠷ ᠣᠷᠤᠨ ᠤ ᠣᠨᠴᠠᠯᠢᠭᠲᠤ ᠠᠵᠤ ᠦᠢᠯᠡᠰ ᠤᠨ ︽ᠭᠠᠷᠴᠤ ᠶᠠᠪᠤᠬᠤ︾ ᠶᠢ ᠲᠦᠯᠬᠢᠨ ᠠᠬᠢᠭᠤᠯᠤᠨ᠎ᠠ᠃     ᠰᠢᠨ᠎ᠡ ᠶᠢ ᠡᠭᠦᠳᠬᠦ ᠡᠸᠡᠩᠬᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠦᠨ᠎ᠠ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠨᠢᠭᠡᠳᠦᠭᠡᠷ ᠬᠦᠳᠡᠯᠭᠡᠭᠦᠷ ᠬᠦᠴᠦᠨ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠳᠣᠪᠤᠶᠢᠯᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠦᠷ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠦ᠂ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠯᠲᠡ ᠬᠢᠬᠦ ᠣᠷᠣᠭᠤᠯᠤᠯᠲᠠ ᠶᠢ ᠳᠡᠮᠵᠢᠵᠦ  ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠠᠵᠣ ᠠᠬᠤᠶᠢᠯᠠᠯ᠂ ᠳᠡᠭᠡᠳᠦ ᠵᠡᠷᠬᠡ ᠶᠢᠨ ᠶᠡᠭᠡ ᠰᠣᠷᠭᠠᠭᠤᠯᠢ᠂ ᠡᠷᠳᠡᠮ ᠰᠢᠨᠵᠢᠯᠡᠬᠡᠨ ᠤ ᠰᠣᠳᠣᠯᠣᠯ ᠤᠨ ᠬᠦᠷᠢᠶᠡᠯᠡᠩ ᠤᠨ ᠬᠤᠭᠤᠷᠣᠨᠳᠣᠬᠢ ᠮᠡᠷᠭᠡᠵᠢᠯ ᠤᠨ ᠲᠠᠯ᠎ᠠ ᠪᠠᠷ ᠨᠢᠬᠳᠠ ᠬᠠᠮᠵᠢᠯᠴᠠᠬᠤ᠂ ᠣᠷᠭᠠᠨᠢᠭ ᠢᠶᠠᠷ ᠵᠣᠯᠭᠠᠭᠤᠯᠬᠤ ᠰᠢᠨ᠎ᠡ ᠶᠢ ᠡᠭᠦᠳᠬᠦ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ᠂ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠭᠤᠯᠤᠯ ᠢ ᠴᠢᠩᠭᠠᠳᠬᠠᠵᠤ᠂ ᠡᠯ᠎ᠡ ᠠᠵᠢᠯ ᠲᠥᠷᠥᠯ ᠤᠨ ᠰᠢᠨ᠎ᠡ ᠶᠢ ᠡᠭᠦᠳᠬᠦ ᠤᠷᠮ᠎ᠠ ᠵᠣᠷᠢᠭ  ᠢ ᠬᠥᠭᠵᠢᠭᠡᠵᠦ᠂ ᠣᠯᠠᠨ ᠨᠡᠶᠢᠲᠡ ᠠᠴᠠ ᠣᠷᠣᠯᠴᠠᠬᠤ᠂ ᠣᠯᠠᠨ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠶᠢ ᠳᠡᠮᠵᠢᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ  ᠃ ︽ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠳᠡᠭᠡᠳᠦ ᠳᠡᠰ ᠳᠠᠪᠬᠤᠷᠭ᠎ᠠ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ  ᠠᠪᠴᠢᠷᠠᠵᠣ ᠣᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠪᠠ ᠣᠶᠣᠨᠯᠢᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠴᠢᠩᠭᠠᠳᠬᠠᠵᠤ᠂ ᠡᠯ᠎ᠡ ᠬᠦᠷᠢᠶᠡᠨ ᠤ ᠴᠢᠳᠠᠪᠣᠷᠢᠳᠠᠨ ᠢ ᠡᠸ᠋ᠨᠩᠬᠢ ᠳᠤ ᠴᠣᠭᠯᠠᠷᠠᠭᠤᠯᠵᠣ᠂ ᠠᠵᠤ ᠠᠬᠤᠶ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠥᠮᠦᠨ ᠤ ᠬᠦᠴᠦᠨ ᠣᠶᠤᠨ ᠤ ᠲᠦᠰᠢᠭ ᠲᠤᠯᠭᠠᠭᠤᠷᠢ ᠬᠠᠩᠭᠠᠬᠤ ᠬᠡᠷᠡᠭᠲᠡᠶ᠃     ︵ᠲᠤᠯᠤᠭ᠎ᠠ︶ ᠠᠷᠠᠳ ᠤᠨ ᠠᠮᠢᠳᠤᠷᠠᠯ ᠢ ᠦᠨᠡᠨᠬᠦ  ᠪᠠᠲᠤᠯᠠᠨ ᠰᠠᠶᠢᠵᠢᠷᠠᠭᠤᠯᠤᠨ᠎ᠠ     ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠢᠯᠡᠰ ᠪᠣᠰᠬᠠᠯᠲᠠ ᠪᠠᠷ ᠠᠵᠢᠯ ᠣᠯᠭᠤᠯᠲᠠ ᠶᠢ ᠠᠬᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠬᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ᠂ ᠠᠵᠢᠯ ᠤᠯᠬᠤ ᠳᠤ ᠬᠦᠴᠢᠷᠲᠡᠶ ᠬᠥᠮᠦᠰ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ ᠵᠢᠯᠣᠭᠤᠳᠬᠤ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠢ ᠨᠡᠶᠢᠭᠡᠮ ᠤᠨ ᠳᠠᠭᠠᠳᠬᠠᠯ ᠳᠤ ᠣᠷᠤᠯᠴᠠᠭᠤᠯᠬᠤ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠠᠪᠤᠷᠠᠨ ᠲᠣᠰᠠᠯᠠᠯᠲᠠ ᠶᠢ ᠦᠨᠡᠨᠬᠦ ᠰᠠᠶᠢᠲᠤᠷ ᠬᠢᠵᠦ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠤᠰᠬᠠᠶ ᠵᠠᠰᠠᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠲᠦᠭᠡᠮᠡᠯ ᠬᠠᠷᠠᠭᠠᠯᠵᠠᠯ ᠤᠨ ᠴᠢᠨᠠᠷ᠂ ᠰᠠᠭᠤᠷᠢ ᠴᠢᠨᠠᠷ᠂ ᠦᠨᠳᠦᠰᠦᠨ ᠵᠦᠢᠯ ᠢ ᠪᠠᠲᠤᠯᠠᠬᠤ ᠨᠡᠶᠢᠭᠡᠮ ᠤᠨ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠴᠢᠬᠤᠯᠠ ᠵᠠᠩᠭᠢᠯᠠᠭ᠎ᠠ ᠶᠢᠨ ᠴᠡᠭ᠂ ᠬᠦᠴᠢᠷᠳᠡᠯᠲᠠᠢ ᠬᠠᠮᠳᠣᠯᠢᠭ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠ ᠬᠠᠮᠢᠶᠠᠷᠤᠯᠲᠠ ᠬᠢᠬᠦ ᠰᠢᠰᠲ᠋ᠧᠮ ᠢ ᠲᠡᠭᠦᠯᠳᠡᠷᠵᠢᠭᠦᠯᠵᠦ᠂ ᠴᠡᠷᠢᠭ ᠪᠠ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃    ᠠᠷᠠᠳ ᠣᠯᠠᠨ ᠳᠤ ᠬᠠᠨᠦᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠣ᠂ ᠬᠠᠯᠳᠠᠪᠦᠷᠢᠯᠠᠯ ᠤᠨ ᠡᠬᠢ ᠰᠤᠷᠪᠤᠯᠵᠢ ᠶᠢ ᠡᠷᠡᠰ ᠬᠤᠷᠢᠭᠯᠠᠵᠦ᠂ ᠬᠠᠯᠳᠠᠪᠦᠷᠢᠯᠠᠬᠤ ᠵᠠᠮ ᠢ ᠲᠠᠰᠤᠯᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠢᠮᠠᠭᠲᠠ ᠪᠠᠷᠢᠮᠲᠠᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠭᠤᠯᠢ ᠶᠢᠨ ᠪᠠᠶᠢᠷᠢᠯᠠᠭᠤᠯᠣᠯᠲᠠ ᠶᠢ ᠲᠡᠭᠦᠯᠳᠡᠷᠵᠢᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠭᠤᠷᠪᠠᠳᠤᠭᠠᠷ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠠᠰᠠᠷ᠂ ᠠᠵᠢᠯ ᠮᠡᠷᠭᠡᠵᠢᠯ ᠤᠨ ᠳᠤᠮᠳᠠᠳᠤ  ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠠᠰᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠢᠮᠢᠨ ᠭᠤᠣᠯ ᠪᠠᠯᠭᠠᠰᠤᠨ ᠤ ᠨᠢᠭᠡᠳᠦᠭᠡᠷ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠬᠤ ᠠᠰᠠᠷ ᠢ ᠥᠷᠭᠡᠳᠬᠡᠨ ᠪᠠᠶᠢᠭᠤᠯᠬᠤ᠂ ᠳ᠋ᠠᠶᠠᠨ ᠪᠠᠯᠭᠠᠰᠤᠨ ᠤ ᠨᠢᠭᠡᠳᠦᠭᠡᠷ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠬᠤ ᠠᠰᠠᠷ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠰᠢᠨ᠎ᠡ ᠬᠤᠲᠠ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ᠃ ᠦᠨᠳᠦᠷ ᠬᠡᠪ ᠪᠣᠯᠪᠠᠰᠣᠷᠠᠯ ᠲᠠᠢ᠂ ᠥᠨᠳᠥᠷ ᠬᠡᠪ ᠴᠢᠨᠠᠷ ᠲᠠᠢ ᠪᠠᠭᠰᠢ ᠶᠢᠨ ᠡᠩᠨᠡᠭᠡ ᠶᠢ ᠬᠦᠴᠦᠯᠡᠨ ᠪᠣᠶᠢᠵᠢᠭᠤᠯᠵᠣ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃     ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠦᠴᠦᠯᠡᠨ ᠬᠥᠭᠵᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤᠨ ᠤ ᠮᠦᠽᠧᠢ ᠶᠢ ᠦᠭᠡᠷᠡᠴᠢᠯᠡᠨ ᠪᠠᠶᠢᠭᠤᠯᠬᠤ᠂ ᠤᠯᠠᠭᠠᠨᠮᠥ᠋ᠴᠢᠷ ᠤᠨ ᠲᠣᠭᠯᠠᠯᠲᠠ ᠪᠣᠯᠪᠠᠰᠤᠷᠠᠬᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠦᠨᠳᠦᠰᠦᠨ ᠱᠠᠲᠤᠨ ᠤ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠭᠠᠨᠮᠥ᠋ᠴᠢᠷ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠴᠢᠳᠠᠪᠦᠷᠢ ᠶᠢ ᠴᠢᠩᠭᠠᠷᠠᠭᠤᠯᠤᠨ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠬᠠᠷᠠᠭᠤᠯᠤᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠨᠠᠩ ᠣᠯᠠᠨ ᠡᠭᠦᠳᠬᠦ ᠬᠡᠷᠡᠭᠲᠡᠶ᠃ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠲᠠᠪᠴᠠᠩ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠦᠨᠳᠦᠰᠦᠲᠡᠨ ᠤ ᠰᠣᠶᠣᠯ ᠢ ᠬᠠᠮᠠᠭᠠᠯᠠᠨ ᠵᠠᠯᠭᠠᠮᠵᠢᠯᠠᠬᠤ᠂ ᠦᠨᠳᠦᠰᠦᠲᠡᠨ ᠤ ᠰᠣᠶᠣᠯ ᠤᠨ ᠠᠵᠤ ᠦᠢᠯᠡᠰ ᠢ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠰᠢᠯᠢᠳᠡᠭ ᠤᠯᠠᠮᠵᠢᠯᠠᠯᠲᠤ ᠰᠣᠶᠣᠯ᠂ ᠭᠠᠵᠠᠷ ᠣᠷᠣᠨ ᠤ ᠰᠣᠶᠣᠯ ᠢ ᠦᠷᠭᠦᠯᠵᠢᠯᠡᠨ ᠪᠠᠳᠠᠷᠠᠭᠤᠯᠤᠨ ᠳᠡᠯᠭᠡᠷᠡᠭᠦᠯᠬᠦ ᠶᠢ ᠲᠦᠯᠬᠢᠨ ᠠᠬᠢᠭᠤᠯᠤᠨ᠎ᠠ᠃ ᠪᠠᠶᠠᠯᠢᠭ ᠰᠠᠶᠢᠬᠠᠨ ᠰᠣᠶᠣᠯ ᠣᠷᠠᠯᠢᠭ ᠤᠨ ᠲᠣᠭᠯᠠᠯᠲᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠵᠦ᠂ ᠢᠮᠢᠨ ᠭᠤᠣᠯ ᠤᠨ ᠵᠤᠨ ᠵᠡᠷᠭᠡ ᠰᠣᠶᠣᠯ ᠤᠨ ᠨᠡᠷᠡᠲᠦ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠬᠥᠯ ᠪᠥᠮᠪᠦᠭᠡ᠂ ᠪᠥᠬᠡ᠂ ᠮᠣᠷᠢᠨ ᠮᠡᠷᠭᠡᠵᠢᠯ ᠵᠡᠷᠭᠡ ᠲᠠᠮᠢᠷ ᠤᠨ ᠤᠷᠤᠯᠳᠤᠭᠠᠨ ᠤ ᠲᠥᠷᠥᠯ ᠵᠦᠢᠯ ᠤᠨ ᠦᠨᠳᠦᠷ ᠲᠦᠪᠰᠢᠨ ᠪᠦᠬᠦᠢ ᠬᠥᠭᠵᠢᠯᠲᠡ ᠶᠢ ᠠᠬᠢᠭᠤᠯᠤᠨ᠎ᠠ᠃    ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ᠂ ᠴᠢᠩᠭ᠎ᠠ ᠴᠣᠬᠢᠯᠲᠠ ᠦᠭᠬᠦ ᠰᠦᠷ ᠬᠦᠴᠦᠲᠦ ᠪᠠᠶᠢᠳᠠᠯ ᠢᠶᠠᠨ ᠢᠮᠠᠭᠲᠠ ᠪᠠᠷᠢᠮᠲᠠᠯᠠᠵᠣ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ ᠵᠠᠬᠢᠳᠠᠯ ᠰᠤᠷᠪᠤᠯᠵᠢᠯᠠᠯ ᠤᠨ ᠡᠮᠬᠢ ᠵᠢᠷᠤᠮ ᠢ ᠵᠢᠷᠤᠮᠵᠢᠭᠤᠯᠵᠤ᠂ ᠵᠥᠷᠢᠴᠡᠯ ᠵᠢᠭᠤᠷᠠᠯᠳᠤᠭᠠᠨ᠂ ᠭᠤᠤᠯᠳᠠᠯᠭ᠎ᠠ ᠲᠠᠢ ᠵᠠᠬᠢᠳᠠᠯ ᠰᠣᠷᠪᠦᠯᠵᠢᠯᠠᠯ ᠤᠨ ᠬᠡᠷᠡᠭ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ᠤᠯᠠᠨ ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠠ᠃ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠴᠢᠩᠭ᠎ᠠ ᠴᠣᠬᠢᠯᠲᠠ ᠥᠭᠴᠦ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠢ ᠴᠢᠷᠮᠠᠶᠢᠨ ᠪᠤᠢ ᠪᠣᠯᠭᠠᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠬᠠᠤᠯᠢ ᠲᠦᠷᠢᠮ ᠤᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠶ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠭᠡᠷ ᠪᠠᠶᠢᠰᠢᠩ ᠭᠠᠵᠠᠷ ᠬᠦᠷᠦᠩᠭᠡ ᠶᠢᠨ ᠳᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠪᠦᠬᠦ ᠣᠯᠣᠰ ᠤᠨ ᠳᠣᠯᠣᠳᠣᠭᠠᠷ ᠣᠳᠠᠭᠠᠨ ᠤ ᠬᠦᠮᠦᠨ ᠠᠮᠠ ᠶᠢᠨ ᠨᠠᠶᠢᠳᠠᠮ ᠪᠠᠶᠢᠴᠠᠭᠠᠯᠲᠠ ᠶᠢ ᠦᠷᠨᠢᠬᠦᠯᠦᠨ᠎ᠡ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠪᠠ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠢ ᠮᠠᠭᠠᠳᠯᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠨᠢᠭᠡᠳᠦᠯᠲᠡᠶ ᠲᠦᠯᠦᠪᠡᠯᠡᠨ ᠰᠠᠶᠢᠲᠤᠷ ᠬᠢᠨ᠎ᠠ᠃      ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ     ︵ᠨᠢᠭᠡ︶ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠳᠡᠢ ᠪᠠᠶᠢᠬᠤ ᠶᠢ ᠪᠠᠷᠢᠮᠲᠠᠯᠠᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠦᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠦᠷᠢᠵᠢᠭᠤᠯᠵᠦ᠂ ︽ᠳᠥᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠵᠠᠰᠠᠭ ᠤᠨ ᠵᠠᠷᠯᠢᠭ ᠢ ᠰᠠᠭᠠᠳ ᠦᠭᠡᠢ ᠶᠠᠪᠤᠭᠤᠯᠬᠤ᠂ ᠵᠠᠷᠯᠢᠭ ᠴᠠᠭᠠᠵᠠ ᠶᠢ ᠲᠠᠭᠠᠬᠤ ᠶᠢ ᠪᠡᠶᠡᠯᠡᠭᠦᠯᠬᠦ ᠬᠡᠷᠡᠭᠲᠡᠶ᠃ ︽ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠥᠷᠭᠡᠨ ᠤᠯᠠᠨ ᠺᠠᠳ᠋ᠷᠴᠤᠤᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭᠠᠨ ᠤ ᠳᠠᠪᠲᠠᠯᠲᠠ᠂ ᠤᠯᠤᠰ ᠲᠦᠷᠦ ᠶᠢᠨ ᠪᠣᠯᠪᠠᠰᠤᠷᠠᠯ᠂ ᠦᠢᠯᠡᠳᠦᠯᠭᠡ ᠶᠢᠨ ᠳᠠᠪᠲᠠᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠣᠷᠠᠭᠤᠯᠬᠤ ᠬᠡᠷᠡᠭᠲᠡᠢ᠃    ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ︽ᠪᠦᠬᠦ ᠣᠷᠣᠨ ᠤ ᠠᠷᠪᠠᠨ ᠶᠡᠭᠡ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠬᠠᠤᠯᠢ ᠶᠣᠰᠣᠭᠠᠷ ᠵᠠᠰᠠᠭ ᠡᠷᠬᠢᠯᠡᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠡᠷᠡᠭ  ᠶᠠᠪᠦᠳᠠᠯ ᠢ ᠰᠢᠢᠳᠪᠦᠷᠢᠯᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠡᠭᠦᠷᠭᠡᠯᠡᠬᠦ ᠬᠡᠷᠡᠭᠲᠡᠶ᠃ ︽ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠶᠠᠪᠤᠳᠠᠯ ᠳᠤ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠭᠤᠯᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠪᠣᠯᠤᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠢ ᠥᠷᠭᠡᠨ ᠢᠶᠠᠷ ᠰᠣᠨᠣᠰᠴᠤ᠂ ᠨᠡᠶᠢᠭᠡᠮ ᠨᠡᠶᠢᠲᠡ ᠶᠢᠨ ᠪᠠ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃    ︵ᠭᠤᠷᠪᠠ︶ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠡᠢ᠃ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ  ᠴᠢᠨᠠᠷᠯᠢᠭ  ᠨᠠᠶᠢᠷᠠᠭᠤᠯᠤᠨ ᠵᠣᠬᠢᠶᠠᠵᠦ᠂ ᠵᠠᠰᠠᠭ ᠤᠨ ᠣᠷᠳᠣᠨ ᠤ ᠴᠢᠳᠠᠪᠬᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠱᠠᠲᠤᠨ ᠤ ᠺᠠᠲᠠᠷᠴᠦᠳ ᠤᠨ ᠬᠡᠷᠡᠭ ᠶᠠᠪᠤᠳᠠᠯ ᠭᠦᠢᠴᠡᠳᠬᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠦᠨ ᠬᠢᠬᠦ᠂ ᠨᠢᠭᠡ ᠱᠠᠲᠤ ᠨᠢ ᠨᠢᠭᠡ ᠱᠠᠲᠤᠨ ᠳᠠᠭᠠᠨ ᠳᠠᠭᠤᠷᠢᠶᠠᠯ ᠪᠤᠯᠬᠤ᠂ ᠦᠨᠡᠨᠬᠦ ᠠᠳᠬᠤᠵᠤ ᠪᠣᠳᠠᠲᠠᠶ ᠠᠵᠢᠯᠯᠠᠬᠤ ᠶᠢ ᠵᠠᠰᠠᠭ ᠤᠨ ᠣᠷᠳᠣᠨ ᠤ ᠠᠵᠢᠯ ᠤᠨ ᠭᠤᠤᠯ ᠬᠥᠭ ᠠᠶᠠᠰ ᠪᠣᠯᠭᠠᠬᠤ ᠬᠡᠷᠡᠭᠲᠡᠢ᠃ ︽ᠳᠥᠷᠪᠡᠨ ᠨᠣᠶᠠᠨ︾ ᠤ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠵᠤ᠂ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠦᠬᠡᠨᠴᠡ ᠵᠠᠰᠠᠭ᠂ ᠠᠯᠵᠢᠭᠤ ᠵᠠᠰᠠᠭ᠂ ᠬᠤᠶᠢᠷᠭᠤ ᠵᠠᠰᠠᠭ ᠤᠨ ᠬᠡᠯᠪᠡᠷᠢᠯ ᠢ ᠡᠷᠡᠰ ᠲᠠᠶᠠᠭᠳᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠰᠢᠷᠭᠠᠭᠤ ᠬᠠᠲᠠᠭᠤᠵᠢᠯᠲᠠᠶ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠵᠥᠪ ᠴᠢᠭᠯᠡᠯ ᠢᠶᠠᠷ ᠤᠷᠮᠠᠰᠢᠭᠤᠯᠬᠤ ᠦᠢᠯᠡᠳᠦᠯ ᠢ ᠴᠢᠩᠭᠠᠷᠠᠭᠤᠯᠵᠤ᠂ ᠠᠯᠳᠠᠭ᠎ᠠ ᠪᠤᠷᠤᠭᠤ ᠶᠢ ᠠᠭᠤᠴᠢᠯᠠᠨ ᠠᠯᠳᠠᠭ᠎ᠠ ᠪᠤᠷᠤᠭᠤ ᠶᠢ ᠵᠠᠯᠠᠷᠠᠭᠤᠯᠬᠤ ᠰᠡᠷᠡᠮᠵᠢᠯᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠭᠴᠢ ᠶᠢ ᠢᠲᠡᠭᠡᠯ ᠵᠣᠷᠢᠭ ᠲᠠᠢ᠂ ᠡᠷᠡᠭᠡᠯᠵᠡᠯ ᠥᠬᠡᠶ ᠪᠣᠯᠭᠠᠨ᠎ᠠ᠃    ︵ᠳᠥᠷᠪᠡ︶ ᠠᠷᠢᠭᠤᠨ ᠴᠢᠬᠡᠴᠢ ᠪᠠᠶᠢᠬᠤ ᠶᠢ ᠪᠠᠲᠤᠯᠠᠬᠤ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠬᠢᠨᠠᠮᠠᠭᠠᠶ ᠲᠣᠤᠱᠯᠠᠭᠤᠯᠵᠤ ᠂ ᠲᠥᠪ ᠤᠨ ᠨᠠᠢᠮᠠᠨ ᠲᠣᠭᠲᠠᠭᠠᠯ ᠵᠢᠴᠢ ᠡᠯ᠎ᠡ ᠱᠠᠲᠤᠨ ᠤ ᠲᠦᠬᠦᠷᠵᠢᠭᠦᠯᠦᠭᠰᠡᠨ ᠲᠣᠭᠲᠠᠭᠠᠯ ᠢ ᠡᠷᠡᠰ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠤᠨ ᠳᠠᠯᠳᠠ ᠬᠤᠪᠢᠷᠠᠯ ᠤᠨ ᠰᠢᠨ᠎ᠡ ᠬᠥᠳᠡᠯᠦᠯ ᠪᠠᠶᠢᠳᠠᠯ᠂ ᠰᠢᠨ᠎ᠡ ᠢᠯᠡᠷᠡᠯ ᠢ ᠴᠠᠭ ᠢᠮᠠᠭᠲᠠ ᠰᠡᠷᠭᠡᠶᠢᠯᠡᠨ᠂ ᠴᠠᠭ ᠲᠤᠬᠠᠶ ᠳᠤᠨᠢ ᠵᠠᠯᠠᠷᠠᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠢᠩᠭ᠎ᠠ ᠰᠢᠢᠳᠪᠦᠷᠢᠯᠡᠬᠦ ᠬᠡᠷᠡᠭᠳᠡᠢ᠃ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠪᠣᠯᠤᠨ ᠬᠢᠨᠠᠨ ᠪᠣᠳᠣᠬᠤ ᠬᠢᠨᠠᠯᠲᠠ ᠲᠠᠯᠪᠢᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠡᠭᠦᠷᠡᠰᠦᠨ ᠤ ᠡᠬᠢ ᠪᠠᠶᠠᠯᠢᠭ ᠢ ᠲᠣᠬᠢᠷᠠᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠬᠢᠮᠳᠠ ᠪᠠᠷ ᠬᠤᠳᠠᠯᠳᠤᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠤᠰᠬᠠᠶ ᠴᠡᠭᠴᠡᠯᠡᠨ ᠵᠠᠰᠠᠯᠲᠠ ᠪᠠᠨ ᠦᠷᠭᠦᠯᠵᠢᠯᠡᠨ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠶᠠᠪᠦᠭᠤᠯᠬᠤ ᠳᠤ ᠪᠠᠯᠠᠶ ᠣᠷᠣᠨ ᠦᠭᠡᠶ᠂ ᠥᠨᠴᠥᠭ ᠪᠤᠯᠤᠩ ᠦᠯᠡᠳᠡᠭᠡᠬᠦ ᠦᠭᠡᠶ ᠪᠠᠶᠢᠬᠤ ᠶᠢ ᠪᠡᠶᠡᠯᠡᠭᠦᠯᠵᠦ᠂ ᠺᠠᠳ᠋ᠷᠴᠤᠳ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠦᠷᠦ ᠭᠡᠭᠡᠨ ᠰᠠᠷᠠᠭᠤᠯ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠳᠡᠢ᠃    ᠲᠥᠯᠥᠭᠡᠯᠡᠭᠴᠢᠳ ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠡᠭᠡᠳᠦ  ᠬᠡᠮᠵᠢᠶᠡᠨ ᠤ ᠬᠠᠷᠢᠭᠤᠴᠠᠬᠤ ᠣᠪᠦᠷ᠂ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ᠂ ᠬᠦᠴᠢᠷ ᠢ ᠲᠤᠭᠤᠯᠤᠨ ᠤᠷᠤᠭᠰᠢᠯᠠᠨ ᠳᠠᠪᠰᠢᠬᠤ ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ᠂ ᠠᠵᠢᠯ ᠬᠢᠵᠦ ᠦᠢᠯᠡᠰ ᠴᠣᠭᠴᠠᠯᠬᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ  ᠬᠦᠴᠦᠯᠡᠨ ᠡᠭᠦᠳᠴᠦ᠂ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ ᠡᠸᠡᠩᠬᠢ ᠢ ᠴᠢᠷᠮᠠᠶᠢᠨ ᠪᠦᠲᠦᠭᠡᠨ  ᠪᠠᠶᠢᠭᠤᠯᠰᠤᠭᠠᠢ︕    

ᠨᠡᠷᠡᠰ   ᠤᠨ  ᠲᠠᠶᠢᠯᠪᠤᠷᠢ

 

    1. ︽ᠳᠥᠷᠪᠡᠨ ᠰᠠᠶᠢᠨ︾ ᠬᠥᠳᠡᠭᠡ ᠲᠣᠰᠬᠤᠨ ᠤ ᠵᠠᠮ᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠵᠦ᠂ ᠰᠠᠶᠢᠲᠤᠷ ᠬᠠᠮᠢᠶᠠᠷᠴᠤ᠂

ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠬᠦ ᠬᠡᠷᠡᠭᠲᠡᠶ᠃

    2. ︽ᠭᠤᠷᠪᠠᠨ ᠬᠠᠩᠭᠠᠯᠠᠭ᠎ᠠ ᠨᠢᠭᠡ ᠦᠢᠯᠡᠰ︾᠄ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ ᠪᠠ ᠠᠳᠠᠯ ᠠᠬᠤᠢ ᠶᠢᠨ ᠬᠠᠮᠢᠶᠠᠷᠤᠯᠲᠠ

 ᠶᠢᠨ ᠦᠢᠯᠡᠰ ᠢ ᠵᠢᠭᠠᠵᠤ ᠪᠣᠢ᠃

   3. ︽ᠵᠢᠷᠭᠤᠭ᠎ᠠ ᠶᠢ ᠲᠣᠭᠳᠠᠪᠣᠷᠢᠵᠢᠭᠤᠯᠬᠤ︾᠄ ᠠᠵᠢᠯ ᠣᠯᠭᠤᠯᠲᠠ ᠶᠢ ᠲᠤᠭᠳᠠᠪᠦᠷᠢᠵᠢᠭᠤᠯᠬᠤ᠂ ᠮᠥᠩᠭᠦᠨ ᠭᠦᠢᠯᠭᠡᠭᠡᠨ ᠢ ᠲᠤᠭᠳᠠᠪᠦᠷᠢᠵᠢᠭᠤᠯᠬᠤ᠂

ᠭᠠᠳᠠᠭᠠᠳᠤ ᠠᠷᠠᠯᠵᠢᠶ᠎ᠠ ᠶᠢ ᠲᠤᠭᠳᠠᠪᠦᠷᠢᠵᠢᠭᠤᠯᠬᠤ᠂ ᠭᠠᠳᠠᠭᠠᠳᠤ ᠪᠡᠯᠡ ᠶᠢ ᠲᠤᠭᠳᠠᠪᠦᠷᠢᠵᠢᠭᠤᠯᠬᠤ᠂ ᠪᠠᠯᠠ ᠣᠷᠣᠭᠤᠯᠤᠯᠲᠠ ᠶᠢ ᠲᠤᠭᠳᠠᠪᠦᠷᠢᠵᠢᠭᠤᠯᠬᠤ᠂

ᠵᠢᠱᠢᠯᠲᠡ ᠶᠢ  ᠲᠤᠭᠳᠠᠪᠦᠷᠢᠵᠢᠭᠤᠯᠬᠤ ᠶᠢ ᠵᠢᠭᠠᠵᠤ ᠪᠣᠶ᠃  

    4. ︽ᠵᠢᠷᠭᠤᠭ᠎ᠠ ᠶᠢ ᠪᠠᠲᠤᠯᠠᠬᠤ︾᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂

ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠬᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠶᠢᠨ

ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ ᠵᠢᠭᠠᠵᠤ ᠪᠣᠶ᠃

   5. ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾᠄ ︽ᠬᠤᠶᠠᠷ ᠲᠤ ᠵᠣᠪᠠᠭ᠋ᠤ ᠥᠬᠡᠶ︾ ᠭᠡᠳᠡᠭ ᠨᠢ ᠲᠠᠷᠢᠶᠠᠯᠠᠬᠤ ᠮᠠᠯᠵᠢᠬᠤ ᠣᠷᠤᠨ ᠤ ᠶᠠᠳᠠᠭᠤ

ᠬᠦᠴᠢᠷᠳᠡᠯᠲᠡᠢ ᠬᠦᠮᠦᠨ ᠠᠮᠠ ᠶᠢᠨ ᠢᠳᠡᠵᠦ ᠳᠡᠭᠡᠨ ᠵᠣᠪᠠᠭ᠋ᠤ ᠥᠬᠡᠶ᠂ ᠡᠮᠦᠰᠬᠦ ᠳᠡᠭᠡᠨ ᠵᠣᠪᠠᠭ᠋ᠤ ᠥᠬᠡᠶ ᠪᠠᠶᠢᠬᠤ ᠶᠢ ᠲᠣᠭᠲᠠᠭᠤᠨ ᠢᠶᠠᠷ ᠪᠡᠶᠡᠯᠡᠭᠦᠯᠬᠦ ᠶᠢ ᠵᠢᠭᠠᠵᠤ ᠪᠣᠶ

︔ ︽ᠭᠤᠷᠪᠠ ᠶᠢ ᠪᠠᠲᠤᠯᠠᠬᠤ︾ ᠭᠡᠳᠡᠭ ᠨᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ ᠪᠠ ᠣᠷᠣᠨ ᠰᠠᠭᠤᠴᠠ ᠶᠢᠨ ᠠᠮᠤᠷ ᠲᠦᠪᠰᠢᠨ ᠢ

ᠪᠠᠲᠤᠯᠠᠬᠤ ᠶᠢ ᠵᠢᠭᠠᠵᠤ ᠪᠠᠶᠢᠨ᠎ᠠ᠃

   6. ︽ᠭᠤᠷᠪᠠᠨ ᠣᠷᠣᠨ ᠭᠤᠷᠪᠠᠨ ᠱᠤᠭᠤᠮ︾ ᠭᠡᠳᠡᠭ ᠨᠢ ᠬᠤᠲᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ

ᠵᠠᠶ ᠵᠡᠷᠭᠡ ᠭᠤᠷᠪᠠᠨ ᠲᠦᠷᠦᠯ ᠬᠡᠯᠪᠡᠷᠢ ᠶᠢᠨ ᠣᠷᠣᠨ ᠵᠠᠶ ᠶᠢ ᠦᠨᠳᠦᠰᠦᠯᠡᠨ᠂ ᠲᠣᠰ ᠲᠣᠰ ᠵᠠᠭᠠᠭᠯᠠᠨ ᠲᠣᠭᠲᠠᠭᠠᠬᠤ ᠶᠣᠰᠣᠲᠠᠶ ᠬᠤᠲᠠ ᠪᠠᠯᠭᠠᠰᠤ ᠶᠢᠨ ᠨᠡᠭᠡᠭᠡᠨ

ᠬᠥᠭᠵᠢᠭᠦᠯᠬᠦ ᠵᠠᠭᠠᠭ ᠬᠢᠵᠠᠭᠠᠷ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠶ ᠶᠢᠨ ᠬᠠᠮᠠᠭᠠᠯᠠᠯᠲᠠ ᠶᠢᠨ

ᠤᠯᠠᠭᠠᠨ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠵᠢᠭᠠᠵᠦ ᠪᠠᠶᠢᠨ᠎ᠠ᠃

ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ