ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ  ᠤᠨ ᠳᠤᠭᠤᠶᠢᠯᠠᠩ ᠤᠨ ᠱᠦᠵᠢ᠂ ᠡᠷᠬᠢᠯᠡᠭᠴᠢ ᠮᠢᠨ ᠵᠢᠶᠧ ᠰᠢᠨᠡᠭᠡᠨ ᠵᠡᠭᠦᠨ ᠰᠣᠮᠤᠨ ᠤ ᠮᠦᠩᠭᠦᠨᠲᠤᠶᠠᠭ᠎ᠠ ᠭᠠᠴᠠᠭᠠᠨ ᠳᠤ ᠭᠦᠨᠵᠡᠭᠡᠶᠢᠷᠡᠨ ︽ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠰᠢᠢᠳᠪᠦᠷᠢᠲᠦ ᠳᠠᠶᠢᠯᠠᠯᠳᠤᠭᠠᠨ ᠤ ᠢᠯᠡᠯᠲᠠ ᠶᠢ ᠡᠷᠡᠰ ᠲᠡᠮᠡᠴᠡᠨ ᠣᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2020/7/1
 
6 ᠰᠠᠷ᠎ᠠ ᠶᠢᠨ 17 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠮᠢᠨ ᠵᠢᠶᠧ ᠮᠦᠩᠭᠦᠨᠲᠤᠶᠠᠭ᠎ᠠ ᠭᠠᠴᠠᠭᠠᠨ ᠤ ᠬᠠᠪᠰᠤᠷᠤᠨ ᠲᠡᠳᠬᠦᠬᠦ ᠺᠠᠳ᠋ᠷ ᠢ ᠳᠠᠭᠠᠭᠤᠯᠤᠨ ᠰᠢᠨᠡᠬᠡᠨ ᠵᠡᠭᠦᠨ ᠰᠤᠮᠤᠨ ᠤ ᠮᠦᠩᠭᠦᠨᠲᠤᠶᠠᠭ᠎ᠠ ᠭᠠᠴᠠᠭᠠᠨ ᠳᠤ ᠭᠦᠨᠵᠡᠭᠡᠶᠢᠷᠡᠨ ᠭᠠᠴᠠᠭᠠᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠵᠡᠭᠦᠨ ᠰᠤᠮᠤᠨ ᠤ ᠨᠠᠮ ᠤᠨ ᠬᠤᠷᠢᠶ᠎ᠠ ᠲᠠᠢ ᠬᠠᠮᠲᠤᠷᠠᠨ ︽ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠰᠢᠢᠳᠪᠦᠷᠢᠲᠦ ᠳᠠᠶᠢᠯᠠᠯᠳᠤᠭᠠᠨ ᠤ ᠢᠯᠡᠯᠲᠠ ᠶᠢ ᠡᠷᠡᠰ ᠲᠡᠮᠡᠴᠡᠨ ᠣᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠠ᠃   ᠮᠢᠨ ᠵᠢᠶᠧ ᠲᠦᠷᠦᠭᠦᠯᠡᠨ ᠨᠠᠮ ᠤᠨ ᠬᠢᠴᠢᠶᠡᠯ ᠣᠷᠤᠬᠤ ᠠᠵᠢᠯᠯᠠᠭ᠎ᠠ ᠥᠷᠨᠢᠭᠦᠯᠵᠦ᠂  ︽ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ  ᠶᠢᠨ ᠰᠢᠢᠳᠪᠦᠷᠢᠲᠦ ᠳᠠᠶᠢᠯᠠᠯᠳᠤᠭᠠᠨ ᠤ ᠢᠯᠡᠯᠲᠠ ᠶᠢ ᠡᠷᠡᠰ ᠲᠡᠮᠡᠴᠡᠨ ᠣᠯᠬᠤ︾ ᠪᠠᠷ ᠰᠡᠳᠦᠪ ᠪᠣᠯᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠡᠭᠦᠷᠭᠡ ᠪᠠᠨ ᠪᠡᠶᠡᠯᠡᠭᠦᠯᠬᠦ᠂ ᠰᠢᠨ᠎ᠡ ᠲᠢᠲᠢᠮᠯᠢᠭ ᠬᠢᠵᠢᠭ ᠤᠨ ᠨᠦᠯᠦᠭᠡ  ᠶᠢ ᠢᠯᠠᠨ ᠳᠠᠪᠠᠭ᠋ᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠦᠷ᠎ᠡ ᠪᠦᠲᠦᠭᠡᠯ ᠢᠶᠠᠨ ᠪᠠᠬᠢᠵᠢᠭᠦᠯᠬᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠵᠡᠷᠭᠡ ᠬᠡᠳᠦᠨ ᠲᠠᠯ᠎ᠠ ᠠᠴᠠ ᠮᠦᠩᠭᠦᠨᠲᠤᠶᠠᠭ᠎ᠠ ᠭᠠᠴᠠᠭ᠎ᠠ ᠶᠢᠨ ᠪᠣᠳᠠᠲᠠᠶ ᠲᠠᠢ ᠤᠶᠠᠯᠳᠤᠭᠤᠯᠤᠨ᠂ ᠨᠠᠮ ᠤᠨ ᠭᠡᠰᠢᠭᠦᠳ ᠲᠤ ᠭᠦᠨᠵᠡᠭᠡᠢ ᠣᠶᠢᠯᠠᠭᠠᠮᠵᠢᠲᠠᠢ ᠠᠮᠢᠳᠤᠯᠢᠭ ᠬᠢᠴᠢᠶᠡᠯ ᠣᠷᠣᠪᠠ᠃ ᠳᠠᠷᠠᠭ᠎ᠠ ᠨᠢ᠂ ᠮᠢᠨ ᠵᠢᠶᠧ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠶᠢ ᠳᠠᠭᠠᠭᠤᠯᠤᠨ ᠰᠣᠷᠤᠯᠴᠠᠵᠦ᠂ ᠮᠦᠩᠭᠦᠨᠲᠤᠶᠠᠭ᠎ᠠ  ᠭᠠᠴᠠᠭ᠎ᠠ ᠶᠢᠨ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ᠂ ᠬᠠᠪᠰᠤᠷᠤᠨ ᠲᠡᠳᠬᠦᠬᠦ ᠺᠠᠳ᠋ᠷ᠂ ᠵᠡᠭᠦᠨ ᠰᠣᠮᠤᠨ ᠤ ᠨᠠᠮ ᠤᠨ ᠬᠤᠷᠢᠶᠠᠨ ᠤ ᠬᠢᠨ ᠲᠠᠢ ᠬᠠᠮᠲᠤ ᠪᠠᠷ ᠰᠤᠷᠤᠯᠴᠠᠵᠦ ᠶᠠᠷᠢᠶᠠᠨ ᠤ ᠵᠣᠷᠢᠭ ᠰᠠᠨᠠᠭ᠎ᠠ ᠶᠢ ᠬᠠᠮᠲᠤᠪᠠᠷ ᠣᠶᠢᠯᠠᠭᠠᠪᠠ᠃
   
   ᠮᠢᠨ ᠵᠢᠶᠧ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠦᠷᠨᠢᠭᠦᠯᠵᠦ᠂ ᠰᠤᠮᠤᠨ ᠤ ᠨᠠᠮ ᠤᠨ ᠬᠤᠷᠢᠶ᠎ᠠ᠂ ᠭᠠᠴᠠᠭᠠᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠺᠠᠳ᠋ᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶ ᠪᠣᠯᠭᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠨᠠᠶᠢᠳᠡᠮ ᠪᠠᠶᠢᠴᠠᠭᠠᠬᠤ ᠠᠵᠢᠯ ᠢ ᠨᠠᠷᠢᠯᠢᠭᠵᠢᠭᠤᠯᠦᠨ ᠪᠤᠳᠠᠳᠠᠶᠢᠵᠢᠭᠤᠯᠵᠦ᠂ ᠡᠯ᠎ᠡ ᠶᠠᠳᠠᠭᠤ ᠬᠦᠴᠢᠷᠳᠡᠯᠲᠡᠶ ᠡᠷᠦᠬᠡ  ᠶᠢᠨ ︽ᠬᠤᠶᠠᠷ ᠲᠤ ᠵᠣᠪᠠᠭ᠋ᠤ ᠦᠭᠡᠶ ᠭᠤᠷᠪᠠ  ᠶᠢ ᠪᠠᠲᠤᠯᠠᠬᠤ︾  ᠶᠢ ᠪᠡᠶᠡᠯᠡᠭᠦᠯᠦᠭᠰᠡᠨ ᠪᠣᠳᠠᠲᠠᠶ ᠪᠠᠶᠢᠳᠠᠯ ᠢ ᠡᠵᠡᠮᠰᠢᠨ᠂ ᠶᠠᠳᠠᠭᠤ ᠶᠢ ᠪᠠᠭᠠᠰᠬᠠᠬᠤ ᠲᠥᠰᠦᠯ ᠳᠤ ᠨᠠᠶᠢᠳᠠᠪᠤᠷᠢᠲᠠᠶ ᠦᠨᠳᠦᠰᠦ ᠪᠠᠷᠢᠮᠲᠠ ᠬᠠᠩᠭᠠᠬᠤ ᠶᠢᠨ ᠬᠠᠮᠲᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠰᠠᠶᠢᠲᠤᠷ ᠵᠤᠯᠭᠠᠭᠤᠯᠵᠦ᠂ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠮᠵᠢ ᠶᠢ ᠦᠨᠡᠨᠬᠦ ᠪᠠᠲᠤᠯᠠᠵᠦ᠂ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠳᠡᠢ᠃   ᠮᠢᠨ ᠵᠢᠶᠧ ᠮᠦᠩᠭᠦᠨᠲᠤᠶᠠᠭ᠎ᠠ ᠭᠠᠴᠠᠭ᠎ᠠ ᠶᠢᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ ᠠᠵᠢᠯ ᠳᠤ ᠬᠦᠰᠡᠯ ᠡᠷᠡᠮᠡᠯᠵᠡᠯ ᠳᠤᠷᠠᠳᠴᠤ᠂ ᠮᠦᠩᠭᠦᠨᠲᠤᠶᠠᠭ᠎ᠠ ᠭᠠᠴᠠᠭᠠᠨ ᠤ ᠨᠠᠮ  ᠤᠨ ᠡᠭᠦᠷ ︽ᠬᠠᠮᠤᠭ ᠤᠨ ᠬᠦᠴᠦᠷᠬᠡᠭ ᠨᠠᠮ ᠤᠨ ᠡᠭᠦᠷ︾ ᠪᠠᠶᠢᠭᠤᠯᠬᠤ ᠳᠤ ᠲᠠᠪᠤᠨ ᠲᠠᠯ᠎ᠠ ᠠᠴᠠ ᠭᠠᠷᠳᠠᠵᠦ ᠡᠯ᠎ᠡ ᠵᠦᠢᠯ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠵᠦ᠂ ᠨᠠᠮ ᠢ ᠴᠢᠩᠭ᠎ᠠ ᠵᠠᠰᠠᠬᠤ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠣᠤᠱᠯᠠᠭᠤᠯᠤᠨ ᠨᠠᠶᠢᠳᠠᠪᠤᠷᠢᠵᠢᠭᠤᠯᠵᠦ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ ᠠᠵᠢᠯ ᠢ ᠪᠥᠬᠦ ᠰᠤᠮᠤ᠂ ᠪᠥᠬᠦ ᠬᠤᠰᠢᠭᠤᠨ ᠤ ᠡᠮᠦᠨ᠎ᠡ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃
 
   ᠮᠢᠨ ᠵᠢᠶᠧ ᠨᠡᠷ ᠪᠠᠰᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠭᠠᠴᠠᠭᠠᠨ  ᠤ ᠪᠠᠶᠠᠵᠢᠯ ᠤᠨ ᠳᠠᠭᠠᠭᠤᠯᠤᠭᠴᠢ ᠶᠧᠰᠢᠭᠠᠸᠠ ᠶᠢᠨ ᠭᠠᠭ᠋ᠠᠢ ᠲᠡᠵᠢᠭᠡᠬᠦ ᠲᠠᠯᠠᠪᠠᠢ ᠵᠢᠴᠢ ᠶᠠᠳᠠᠭᠤ ᠬᠦᠴᠢᠷᠳᠡᠯᠲᠡᠢ ᠡᠷᠦᠬᠡ ᠰᠧᠵᠢᠳᠮ᠎ᠠ ᠶᠢᠨ ᠬᠢᠨ ᠳᠤ ᠬᠦᠷᠴᠦ ᠠᠰᠠᠭᠤᠨ ᠰᠤᠷᠪᠤᠯᠵᠢᠯᠠᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号