ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠷᠪᠠᠨ ᠭᠤᠷᠪᠠᠳᠤᠭᠠᠷ ᠬᠤᠭᠤᠴᠠᠭᠠᠨ  ᠤ ᠳᠦᠷᠪᠡᠳᠦᠭᠡᠷ ᠬᠤᠷᠠᠯᠳᠤᠭᠠᠨ ᠤ ᠲᠦᠯᠦᠭᠡᠯᠡᠭᠴᠢᠳ ᠤᠨ ᠰᠠᠨᠠᠭᠤᠯᠭ᠎ᠠ ᠲᠤᠰᠢᠶᠠᠨ ᠰᠢᠢᠳᠪᠦᠷᠢᠯᠡᠬᠦ ᠠᠵᠢᠯ  ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/7/1
   2020 ᠣᠨ ᠤ 6 ᠰᠠᠷ᠎ᠠ ᠶᠢᠨ 15 ᠤ ᠡᠳᠦᠷ᠂ ᠡᠸᠡᠩᠬᠢ ᠦᠨᠳᠦᠰᠦᠳᠡᠨ ᠤ ᠦᠪᠡᠷᠳᠡᠬᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠦᠪᠡᠷᠳᠡᠭᠡᠨ ᠵᠠᠰᠠᠬᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠶᠢ ᠲᠣᠰᠢᠶᠠᠨ ᠰᠢᠢᠳᠪᠦᠷᠢᠯᠡᠭᠦᠯᠬᠦ ᠬᠤᠷᠠᠯ ᠢ ᠬᠤᠷᠠᠯᠳᠤᠭᠤᠯᠵᠦ᠂ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠳᠦᠷᠪᠡᠳᠦᠭᠡᠷ ᠬᠤᠷᠠᠯ ᠤᠨ ᠲᠥᠯᠥᠭᠡᠯᠡᠭᠴᠢ ᠶᠢᠨ ᠳᠤᠷᠠᠳᠤᠭᠰᠠᠨ 75 ᠬᠤᠪᠢ ᠰᠠᠨᠠᠭᠤᠯᠭ᠎ᠠ ᠶᠢ ᠲᠤᠰᠢᠶᠠᠨ ᠥᠭᠴᠦ ᠰᠢᠢᠳᠪᠦᠷᠢᠯᠡᠭᠦᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢᠶᠠᠩ ᠶᠦᠩ ᠰᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠷᠭᠠᠯ᠂ ᠰᠣᠩᠭᠤᠯᠢ ᠲᠣᠮᠢᠯᠠᠯᠲᠠ ᠬᠠᠷᠢᠯᠴᠠᠭᠠᠨ ᠤ ᠵᠥᠪᠯᠡᠯ ᠤᠨ ᠡᠷᠬᠢᠯᠡᠭᠴᠢ ᠬᠤᠩ ᠮᠧᠶ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠣᠷᠤᠯᠴᠠᠭᠤᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠯᠢ ᠲᠣᠮᠢᠯᠠᠯᠲᠠ ᠬᠠᠷᠢᠯᠴᠠᠭᠠᠨ ᠤ ᠵᠥᠪᠯᠡᠯ ᠤᠨ ᠡᠷᠬᠢᠯᠡᠭᠴᠢ ᠬᠤᠩ ᠮᠧᠶ ᠬᠤᠷᠠᠯ ᠡᠷᠭᠢᠯᠡᠪᠡ᠃     ᠬᠤᠷᠠᠯ ᠳᠡᠭᠡᠷ᠎ᠡ᠂  ᠵᠢᠷᠭᠠᠯ ᠭᠤᠷᠪᠠᠨ ᠱᠠᠭᠠᠷᠳᠠᠯᠭ᠎ᠠ ᠳᠣᠷᠠᠳᠴᠠᠢ᠄ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠎ᠠ᠃ ᠳᠠᠷᠤᠢ ᠲᠠᠨᠢᠯᠲᠠ ᠶᠢᠨ ᠲᠠᠯ᠎ᠠ ᠶᠢᠨ ᠬᠤᠶᠠᠷ ᠠᠰᠠᠭᠤᠳᠠᠯ ᠢ ᠰᠢᠢᠳᠪᠦᠷᠢᠯᠡᠬᠦ ᠬᠡᠷᠡᠭᠳᠡᠢ᠄ ᠨᠢᠭᠡ ᠳᠤ᠂ ᠦᠪᠡᠷᠳᠡᠭᠡᠨ ᠵᠠᠰᠠᠬᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠪᠠ ᠠᠷᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠪᠤᠯ ᠣᠯᠠᠨ ᠤ ᠬᠠᠮᠲᠦ ᠶᠢᠨ ᠬᠠᠷᠠᠯᠲᠠ ᠪᠠ ᠬᠠᠮᠲᠦ ᠶᠢᠨ ᠬᠠᠷᠢᠭᠤᠴᠠᠯᠭ᠎ᠠ ᠮᠦᠨ᠂ ᠵᠦᠪᠬᠡᠨ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠴᠢᠳᠠᠪᠬᠢ ᠪᠠ ᠡᠭᠦᠷᠭᠡ ᠬᠠᠷᠢᠭᠤᠴᠠᠯᠭ᠎ᠠ ᠶᠢᠨ ᠠᠳᠠᠯᠢ ᠦᠭᠡᠢ ᠠᠴᠠ ᠠᠵᠢᠯ ᠤᠨ ᠠᠷᠭ᠎ᠠ ᠮᠠᠶ᠋ᠢᠭ᠂ ᠠᠵᠢᠯ ᠤᠨ ᠳᠡᠰ ᠳᠠᠪᠬᠤᠷᠭ᠎ᠠ ᠨᠢ ᠠᠳᠠᠯᠢ ᠦᠭᠡᠢ ᠪᠠᠶᠢᠳᠠᠭ᠃ ᠵᠠᠰᠠᠭ  ᠤᠨ ᠣᠷᠳᠤᠨ ᠤ ᠬᠠᠤᠯᠢ ᠶᠣᠰᠤᠭᠠᠷ ᠵᠠᠰᠠᠭ ᠶᠠᠪᠤᠭᠤᠯᠬᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠣᠯᠢ ᠶᠣᠰᠤᠭᠠᠷ ᠬᠢᠨᠠᠯᠲᠠ ᠲᠠᠯᠪᠢᠬᠤ ᠪᠣᠯ ᠴᠥᠮ ᠨᠠᠮ ᠪᠠ ᠠᠷᠠᠳ ᠲᠦᠮᠡᠨ ᠤ ᠦᠢᠯᠡᠰ ᠤᠨ ᠬᠡᠷᠡᠭᠴᠡᠭᠡ ᠮᠥᠨ᠃  ᠬᠤᠶᠠᠷ ᠲᠤ᠂ ᠲᠥᠪ ᠲᠠᠷᠬᠠᠭᠠᠭᠰᠠᠨ ︵2015︶ 18 ᠳ᠋ᠤᠭᠠᠷ ᠲᠣᠭᠠᠲᠦ ᠪᠢᠴᠢᠭ ᠮᠡᠲ᠋ᠧᠷᠢᠶᠠᠯ   ᠳᠤ᠄ ︽ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠶᠠᠰᠦ ᠴᠢᠨᠠᠷ ᠢ ᠳᠡᠭᠡᠭᠰᠢᠯᠡᠭᠦᠯᠬᠦ ᠬᠡᠷᠡᠭᠳᠡᠢ︾ ︽ᠲᠥᠯᠥᠭᠡᠯᠡᠭᠴᠢᠳ ᠤᠨ ᠰᠠᠨᠠᠭᠤᠯᠭ᠎ᠠ ᠶᠢ ᠬᠢᠨᠠᠮᠠᠭᠠᠶ ᠰᠢᠢᠳᠪᠦᠷᠢᠯᠡᠬᠦ ᠪᠠᠷ ᠲᠦᠯᠦᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠳᠡᠮᠵᠢᠬᠦ ᠶᠠᠪᠤᠳᠠᠯ ᠪᠤᠯᠭᠠᠵᠦ᠂ ᠲᠥᠯᠥᠭᠡᠯᠡᠭᠴᠢᠳ ᠤᠨ ᠵᠠᠩᠭᠢᠯᠠᠭ᠎ᠠ ᠶᠢᠨ ᠭᠤᠭᠴᠤᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠯᠲᠠ ᠦᠭᠬᠦ ᠶᠢ ᠴᠢᠬᠤᠯᠠᠴᠢᠯᠠᠵᠦ᠂ ᠨᠠᠶᠢᠳᠠᠪᠤᠷᠢᠵᠢᠭᠤᠯᠬᠤ ᠶᠢ ᠬᠦᠩᠭᠡᠪᠴᠢᠯᠡᠬᠦ ᠠᠰᠠᠭᠤᠳᠠᠯ ᠢ ᠦᠨᠡᠨ ᠬᠦ  ᠰᠢᠢᠳᠪᠦᠷᠢᠯᠡᠨ᠎ᠡ︾᠃ ᠬᠤᠶᠠᠳᠤᠭᠠᠷ ᠲᠤ᠂ ᠲᠥᠯᠥᠭᠡᠯᠡᠭᠴᠢᠳ ᠲᠠᠢ ᠨᠢᠭᠲᠠ ᠬᠠᠷᠢᠯᠴᠠᠬᠤ ᠬᠡᠷᠡᠭᠲᠡᠶ᠃ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠢ   ᠲᠥᠯᠥᠭᠡᠯᠡᠭᠴᠢᠳ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠠᠪᠤᠴᠠ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠨᠠᠭᠤᠯᠭ᠎ᠠ ᠶᠢ ᠰᠢᠢᠳᠪᠦᠷᠢᠯᠡᠬᠦ ᠶᠠᠪᠤᠴᠠ  ᠳᠤ ᠲᠥᠯᠥᠭᠡᠯᠡᠭᠴᠢᠳ ᠲᠠᠢ ᠬᠠᠷᠢᠯᠴᠠᠬᠤ᠂ ᠠᠰᠠᠭᠤᠳᠠᠯ ᠢ ᠰᠢᠢᠳᠪᠦᠷᠢᠯᠡᠬᠦ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠠᠪᠤᠴᠠ ᠪᠣᠯᠭᠠᠨ᠎ᠠ᠃  ᠪᠢᠴᠢᠭ ᠢᠶᠠᠷ ᠠᠰᠠᠭᠤᠨ ᠯᠠᠪᠯᠠᠬᠤ᠂ ᠤᠲᠠᠰᠤ ᠪᠠᠷ ᠠᠰᠠᠭᠤᠨ ᠯᠠᠪᠯᠠᠬᠤ᠂ ᠰᠣᠷᠪᠤᠯᠵᠢᠯᠠᠨ ᠰᠢᠢᠳᠪᠦᠷᠢᠯᠡᠬᠦ᠂ ᠶᠠᠷᠢᠯᠴᠠᠵᠦ ᠰᠢᠢᠳᠪᠦᠷᠢᠯᠡᠬᠦ ᠵᠡᠷᠭᠡ ᠠᠳᠠᠯᠢ ᠪᠣᠰᠦ ᠬᠡᠯᠪᠡᠷᠢ ᠪᠠᠷ ᠲᠦᠯᠦᠭᠡᠯᠡᠭᠴᠢᠳ ᠯᠦᠭᠡ ᠶᠢᠨ ᠨᠡᠪᠳᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠦ᠂ ᠰᠠᠨᠠᠯ ᠢ ᠭᠦᠢᠴᠡᠳ ᠰᠣᠨᠣᠰᠬᠤ ᠬᠡᠷᠡᠭᠳᠡᠢ᠃ ᠭᠤᠷᠪᠠᠳᠤᠭᠠᠷ ᠲᠤ ᠂ ᠰᠠᠨᠠᠭᠤᠯᠭ᠎ᠠ ᠶᠢ ᠰᠢᠪᠠᠳᠠᠨ ᠭᠦᠢᠴᠡᠳᠭᠡᠯᠭᠡᠬᠦ ᠠᠵᠢᠯ ᠢ ᠴᠢᠩᠭᠠᠳᠬᠠᠨ᠎ᠠ᠃ ᠳᠠᠭᠠᠭᠠᠨ ᠠᠪᠴᠦ ᠰᠢᠢᠳᠪᠦᠷᠢᠯᠡᠬᠦ ᠨᠢᠭᠡᠴᠡ ᠶᠢᠨ ᠰᠠᠨᠠᠭᠤᠯᠭ᠎ᠠ ᠶᠢ ᠰᠢᠢᠳᠪᠦᠷᠢᠯᠡᠬᠦ ᠴᠢᠨᠠᠷ ᠴᠢᠨᠰᠠᠭ᠎ᠠ ᠪᠠ ᠬᠠᠤᠯᠢ ᠳᠤ ᠲᠣᠭᠲᠠᠭᠠᠭᠰᠠᠨ ᠬᠤᠭᠤᠴᠠᠭᠠᠨ ᠳᠣᠲᠤᠷ᠎ᠠ ᠰᠢᠢᠳᠪᠦᠷᠢᠯᠡᠵᠦ ᠳᠠᠭᠤᠰᠬᠠᠬᠤ ᠶᠢ ᠪᠠᠲᠤᠯᠠᠬᠤ ᠶᠢᠨ ᠲᠦᠯᠦᠭᠡ᠂ ᠬᠤᠰᠢᠭᠤᠨ ᠤ ᠵᠠᠰᠠᠭ ᠤᠨ ᠣᠷᠳᠤᠨ ᠤ ᠬᠢᠨᠠᠨ ᠪᠠᠶᠢᠴᠠᠭᠠᠬᠤ ᠠᠯᠪᠠᠨ ᠭᠡᠷ ᠨᠢ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠨᠡᠨ ᠬᠦ ᠪᠠᠳᠠᠷᠠᠭᠤᠯᠵᠦ᠂ ᠳᠠᠭᠠᠭᠠᠨ ᠭᠦᠢᠴᠡᠳᠬᠡᠬᠦ ᠨᠢᠭᠡᠴᠡ ᠶᠢᠨ ᠰᠠᠨᠠᠭᠤᠯᠭ᠎ᠠ ᠶᠢ ᠭᠦᠢᠴᠡᠳᠬᠡᠬᠦ ᠲᠦᠰᠦᠯ ᠲᠤᠭᠲᠠᠭᠠᠬᠤ᠂ ᠪᠤᠳᠠᠲᠠᠢ ᠬᠠᠷᠢᠭᠤᠴᠠᠯᠭ᠎ᠠ ᠪᠠᠨ ᠬᠤᠪᠢᠶᠠᠷᠢᠯᠠᠬᠤ᠂ ᠠᠬᠢᠴᠠ ᠶᠢᠨ ᠶᠠᠰᠤ ᠴᠢᠨᠠᠷ ᠢ ᠮᠦᠷᠳᠡᠨ ᠬᠢᠨᠠᠨ ᠪᠠᠶᠢᠴᠠᠭᠠᠬᠤ ᠬᠡᠷᠡᠭᠳᠡᠢ᠃ ᠳᠠᠭᠠᠭᠠᠨ ᠠᠪᠴᠦ ᠰᠢᠢᠳᠪᠦᠷᠢᠯᠡᠬᠦ  ᠨᠢᠭᠡᠴᠡ ᠶᠢᠨ ᠲᠦᠯᠦᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠠᠪᠤᠴᠠ ᠳᠤᠮᠳᠠ ︽ᠴᠢᠬᠤᠯᠠᠴᠢᠯᠠᠬᠤ ᠦᠭᠡᠢ᠂ ᠭᠦᠨᠵᠡᠭᠡᠶᠢᠷᠡᠬᠦ ᠦᠭᠡᠢ᠂ ᠬᠠᠮᠵᠢᠯᠴᠠᠬᠤ ᠦᠭᠡᠢ︾ ᠵᠡᠷᠭᠡ ᠦᠵᠡᠭᠳᠡᠯ ᠣᠷᠤᠰᠢᠵᠦ ᠪᠠᠶᠢᠬᠤ ᠶᠢ ᠨᠡᠷ᠎ᠡ ᠳᠤᠷᠠᠳᠤᠨ ᠰᠢᠭᠦᠮᠵᠢᠯᠡᠬᠦ ᠬᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号