ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠣᠯᠤᠰ ᠲᠦᠷᠦ ᠬᠠᠤᠯᠢ ᠴᠠᠭᠠᠵᠠ  ᠶᠢᠨ ᠬᠤᠷᠢᠶᠠᠨ ᠤ ᠱᠦᠵᠢ ᠮᠦᠸᠧ ᠰᠢᠨ ᠵᠤ᠋ ᠬᠤᠢ ᠭᠤᠤᠯ ᠤᠨ ᠣᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠳᠤ ᠭᠦᠨᠵᠡᠭᠡᠶᠢᠷᠡᠨ ᠪᠠᠶᠢᠴᠠᠭᠠᠨ ᠰᠣᠳᠤᠯᠤᠯᠲᠠ ᠬᠢᠵᠦ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2020/7/1
       6 ᠰᠠᠷ᠎ᠠ ᠶᠢᠨ18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠣᠯᠣᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠮᠦᠸᠧ ᠰᠢᠨ ᠵᠤ᠋ ᠬᠤᠢ ᠭᠤᠤᠯ ᠤᠨ ᠣᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠳᠤ ᠭᠦᠨᠵᠡᠭᠡᠶᠢᠷᠡᠨ ᠪᠠᠶᠢᠴᠠᠭᠠᠨ ᠰᠣᠳᠤᠯᠤᠯᠲᠠ ᠬᠢᠵᠦ ᠵᠢᠭᠠᠨ ᠵᠢᠯᠤᠭᠤᠳᠪᠠ᠃     ᠶᠠᠷᠢᠯᠴᠠᠬᠤ ᠬᠤᠷᠠᠯ ᠳᠡᠭᠡᠷ᠎ᠡ᠂ ᠮᠦᠸᠧ ᠰᠢᠨ ᠵᠤ᠋ ᠬᠤᠢ ᠭᠤᠤᠯ ᠤᠨ ᠣᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠤ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠳᠣᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠢ ᠰᠦᠸᠧ ᠭᠧᠨ ᠬᠠᠮᠠᠭᠠᠯᠠᠯᠲᠠ ᠶᠢᠨ ᠣᠷᠤᠨ ᠤ ᠣᠷᠴᠢᠮ ᠤᠨ ᠵᠢᠯ ᠤᠨ ᠠᠮᠢ ᠠᠬᠤᠢ ᠶᠢᠨ ᠬᠠᠮᠠᠭᠠᠯᠠᠯᠲᠠ᠂ ᠰᠢᠨᠵᠢᠯᠡᠬᠦ ᠣᠬᠠᠭᠠᠨ ᠰᠣᠳᠤᠯᠠᠯ ᠤᠨ ᠬᠢᠨᠠᠨ ᠬᠡᠮᠵᠢᠯᠲᠡ᠂ ᠲᠣᠭᠤᠷᠢᠨ ᠬᠠᠮᠠᠭᠠᠯᠠᠯᠲᠠ ᠬᠠᠣᠯᠢ ᠬᠡᠷᠡᠭᠵᠢᠭᠦᠯᠬᠦ ᠵᠡᠷᠭᠡ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠴᠦ᠂ ᠬᠠᠮᠠᠭᠠᠯᠠᠯᠲᠠ ᠶᠢᠨ ᠣᠷᠤᠨ  ᠢ ᠬᠡᠷᠬᠢᠨ ᠦᠷᠡᠵᠢᠭᠦᠯᠦᠨ ᠬᠦᠭᠵᠢᠭᠦᠯᠬᠦ ᠲᠤᠬᠠᠢ ᠬᠤᠷᠠᠯ ᠳᠤ ᠣᠷᠤᠯᠴᠠᠭᠰᠠᠳ ᠲᠠᠢ ᠰᠠᠨᠠᠯ ᠢᠶᠠᠨ ᠰᠣᠯᠢᠯᠴᠠᠵᠦ ᠰᠣᠳᠤᠯᠤᠨ ᠶᠠᠷᠢᠯᠴᠠᠪᠠ᠃     ᠬᠤᠷᠠᠯ ᠤᠨ ᠳᠠᠷᠠᠭ᠎ᠠ᠂ ᠮᠦᠸᠧ ᠰᠢᠨ ᠵᠤ᠋ ᠨᠠᠷ ᠦᠨᠳᠦᠰᠦᠨ ᠱᠠᠲᠤᠨ ᠤ ᠬᠠᠮᠢᠶᠠᠷᠴᠦ ᠬᠠᠮᠠᠭᠠᠯᠠᠬᠤ ᠠᠵᠢᠯᠲᠠᠳ  ᠤᠨ ᠠᠵᠢᠯ ᠠᠮᠢᠳᠤᠷᠠᠯ ᠤᠨ ᠪᠠᠶᠢᠳᠠᠯ ᠢ ᠪᠠᠶᠢᠴᠠᠭᠠᠨ ᠦᠵᠡᠵᠦ᠂ ᠬᠤᠢ ᠭᠤᠤᠯ ᠤᠨ ᠬᠠᠮᠠᠭᠠᠯᠠᠯᠲᠠ ᠶᠢᠨ ᠣᠷᠤᠨ ᠤ ᠣᠶᠢᠷ᠎ᠠ ᠶᠢᠨ ᠵᠢᠯ ᠤᠨ ᠲᠤᠷᠰᠢᠬᠢ ᠠᠵᠢᠯ ᠪᠤᠯᠤᠨ ᠣᠯᠣᠭᠰᠠᠨ ᠠᠵᠢᠯ ᠤᠨ ᠠᠮᠵᠢᠯᠲᠠ ᠶᠢ ᠭᠦᠢᠴᠡᠳ ᠨᠤᠲᠠᠯᠠᠵᠠᠢ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠢ ᠪᠠᠲᠦ ᠴᠡᠭᠡᠵᠢᠯᠡᠵᠦ᠂ ᠬᠤᠢ ᠭᠤᠣᠯ ᠤᠨ ᠬᠠᠮᠠᠭᠠᠯᠠᠯᠲᠠ ᠶᠢᠨ ᠣᠷᠤᠨ ᠤ ᠠᠮᠢ ᠠᠬᠤᠢ ᠶᠢᠨ ᠣᠷᠴᠢᠨ ᠲᠤᠭᠤᠷᠢᠨ ᠢ ᠰᠠᠶᠢᠲᠤᠷ ᠬᠠᠮᠠᠭᠠᠯᠠᠬᠤ ᠶᠠᠪᠤᠳᠠᠯ ᠢ ᠵᠠᠶᠢᠯᠠᠭᠤᠯᠵᠦ ᠪᠤᠯᠤᠰᠢ ᠦᠭᠡᠢ ᠣᠯᠤᠰ ᠲᠦᠷᠦ ᠶᠢᠨ ᠬᠠᠷᠢᠭᠤᠴᠠᠯᠭ᠎ᠠ ᠪᠤᠯᠭᠠᠵᠦ᠂ ᠬᠤᠢ ᠭᠤᠤᠯ ᠤᠨ ᠠᠮᠢ ᠠᠬᠤᠢ ᠶᠢᠨ  ᠰᠠᠶᠢᠨ ᠬᠠᠮᠠᠭᠠᠯᠠᠭᠴᠢ ᠪᠤᠯᠵᠦ᠂ ︽ᠪᠠᠶᠢᠭᠠᠯᠢ︾ ᠴᠠᠭᠳᠠᠭᠠᠨ ᠤ ᠶᠠᠪᠤᠳᠠᠯ ᠤᠨ ᠲᠠᠰᠤᠭ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠠᠩᠨᠠᠬᠤ ᠵᠡᠷᠭᠡ ᠠᠮᠢ ᠠᠬᠤᠢ ᠣᠷᠴᠢᠨ ᠲᠣᠭᠤᠷᠢᠨ ᠢ ᠡᠪᠳᠡᠬᠦ ᠠᠰᠠᠭᠤᠳᠠᠯ ᠳᠤ ᠴᠣᠬᠢᠯᠲᠠ ᠥᠭᠴᠦ᠂ ᠬᠤᠢ ᠭᠤᠤᠯ ᠤᠨ ᠬᠠᠮᠠᠭᠠᠯᠠᠯᠲᠠ ᠶᠢᠨ ᠣᠷᠣᠨ ᠤ ᠦᠵᠡᠰᠬᠦᠯᠡᠩᠲᠦ ᠰᠠᠶᠢᠬᠠᠨ ᠳᠡᠭᠦᠰ ᠦᠵᠡᠮᠵᠢ ᠶᠢ ᠪᠠᠶᠢᠭᠠᠯᠢᠭ ᠢᠶᠠᠷ ᠨᠢ ᠪᠠᠶᠢᠯᠭᠠᠬᠤ ᠬᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号