ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠨᠠ ᠰᠢᠶᠣᠤ ᠭᠤᠸᠠᠩ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠤᠨ ᠵᠢᠯᠤᠭᠤᠳᠤᠯᠭ᠎ᠠ ᠬᠢᠪᠠ
ᠨᠡᠶᠢᠲᠡᠯᠡᠭᠰᠡᠨ ᠴᠠᠭ᠄
2020/7/1
   6 ᠰᠠᠷ᠎ᠠ ᠶᠢᠨ 22  ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠨᠠ ᠰᠢᠶᠤᠤ ᠭᠤᠸᠠᠩ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠤᠨ ᠵᠢᠯᠤᠭᠤᠳᠣᠯᠭ᠎ᠠ ᠬᠢᠵᠡᠢ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠵᠠᠩ ᠬᠠᠶ ᠹᠧᠩ᠂ ᠳᠡᠳ᠋ ᠡᠷᠬᠢᠯᠡᠭᠴᠢ ᠬᠥᠭᠵᠢᠯᠲᠦ ᠵᠢᠴᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠵᠠᠮ ᠳᠡᠭᠡᠭᠡᠪᠦᠷᠢ  ᠶᠢᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠠᠮᠲᠤ ᠪᠠᠶᠢᠴᠠᠭᠠᠨ ᠰᠤᠳᠤᠯᠤᠯᠲᠠ ᠬᠢᠪᠠ᠃    ᠨᠠ ᠰᠢᠶᠤᠤ ᠭᠤᠸᠠᠩ ᠨᠠᠷ ᠪᠠᠴᠢᠮ ᠪᠠᠶᠢᠳᠠᠯ ᠢ ᠠᠷᠭᠠᠴᠠᠬᠤ ᠲᠡᠷᠭᠡ᠂ ᠠᠪᠤᠷᠠᠨ ᠲᠤᠰᠠᠯᠠᠬᠤ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠵᠡᠷᠭᠡ ᠰᠠᠭᠤᠷᠢ ᠲᠥᠬᠦᠭᠡᠷᠦᠮᠵᠢ ᠶᠢᠨ ᠪᠠᠶᠢᠳᠠᠯ ᠳᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠦ᠂ ᠲᠡᠷᠡᠴᠢᠯᠡᠨ ᠲᠡᠷᠭᠡ ᠬᠥᠰᠬᠡ᠂ ᠲᠣᠨᠤᠭ ᠲᠥᠬᠦᠭᠡᠷᠦᠮᠵᠢ ᠶᠢᠨ ᠲᠤᠭ᠎ᠠ ᠬᠡᠮᠵᠢᠶ᠎ᠡ᠂ ᠠᠷᠠᠴᠢᠯᠠᠨ ᠬᠠᠮᠠᠭᠠᠯᠠᠵᠤ ᠪᠠᠶᠢᠭ᠎ᠠ ᠪᠠᠶᠢᠳᠠᠯ ᠤᠨ ᠲᠤᠬᠠᠢ ᠨᠠᠷᠢᠯᠢᠭ ᠣᠶᠢᠯᠠᠭᠠᠪᠠ᠃
   
   ᠲᠤᠬᠠᠶ ᠶᠢᠨ ᠭᠠᠵᠠᠷ ᠲᠤᠨᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠤᠣ ᠷᠦᠢ ᠮᠢᠨ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠢ  ᠭᠤᠤᠯᠳᠠᠯᠭ᠎ᠠ ᠲᠠᠢ ᠬᠠᠷᠢᠭᠤ ᠮᠡᠳᠡᠭᠦᠯᠦᠯᠲᠡ ᠬᠢᠪᠠ︔ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠭᠢ ᠬᠠᠮᠢᠶ᠎ᠠ ᠪᠥᠬᠦᠶ ᠠᠵᠢᠯ ᠤᠨ ᠲᠤᠬᠠᠶ ᠲᠣᠰ ᠲᠣᠰ ᠬᠠᠷᠢᠭᠤ ᠮᠡᠳᠡᠭᠦᠯᠦᠯᠲᠡ ᠬᠢᠪᠠ᠃ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠨᠠ ᠰᠢᠶᠣᠤ ᠭᠤᠸᠠᠩ   ᠴᠢᠬᠤᠯᠠᠴᠢᠯᠠᠭᠰᠠᠨ ᠨᠢ᠄ ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ︽ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠣᠰᠤᠭᠠᠷ᠂ ᠡᠯ᠎ᠡ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠤᠬᠠᠮᠰᠠᠷ ᠢ ᠦᠷᠭᠦᠯᠵᠢᠯᠡᠨ ᠴᠢᠩᠭᠠᠳᠬᠠᠬᠤ ᠬᠡᠷᠡᠭᠳᠡᠢ︔ ᠬᠤᠶᠠᠷ ᠲᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠤᠰ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ᠠᠶᠤᠯᠭᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠲᠣᠭᠲᠠᠭᠠᠯ ᠲᠠᠢ ᠬᠠᠷᠢᠴᠠᠭᠤᠯᠤᠨ᠂ ᠮᠠᠨ ᠤ ᠬᠤᠰᠢᠭᠤᠨ ᠤ ᠬᠠᠮᠢᠶ᠎ᠠ ᠪᠥᠬᠦᠶ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ ᠭᠤᠷᠪᠠ ᠳᠤ ᠂ ᠵᠢᠭᠤᠯᠴᠢᠯᠠᠯ ᠤᠨ ᠠᠵᠢᠯ ᠲᠥᠷᠥᠯ᠂ ᠢᠯᠠᠩᠭᠤᠶ᠎ᠠ ᠵᠢᠭᠤᠯᠴᠢᠯᠠᠯ ᠤᠨ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠳᠥᠷᠪᠡ ᠳᠤ ᠂ ᠪᠠᠴᠢᠮ ᠪᠠᠶᠢᠳᠠᠯ ᠢ ᠠᠷᠭᠠᠴᠠᠬᠤ ᠡᠯ᠎ᠡ ᠵᠦᠢᠯ ᠤᠨ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ᠂ ᠭᠠᠵᠠᠷ ᠤᠨ ᠭᠠᠮᠰᠢᠭ ᠤᠨ ᠲᠠᠯ᠎ᠠ ᠪᠠᠷ ᠬᠢ ᠠᠪᠤᠷᠠᠨ ᠲᠤᠰᠠᠯᠠᠬᠤ ᠰᠣᠷᠢᠯᠲᠠ ᠶᠢ ᠭᠤᠤᠯᠳᠠᠯᠭ᠎ᠠ ᠲᠠᠢ ᠥᠷᠨᠢᠭᠦᠯᠵᠦ᠂ ᠳᠤᠲᠠᠭᠤᠳᠠᠯ ᠢ ᠨᠦᠬᠦᠪᠦᠷᠢᠯᠡᠵᠦ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠤᠨ ᠵᠤᠨ ᠤ ᠤᠯᠠᠷᠢᠯ ᠤᠨ ᠪᠠᠶᠢᠭᠠᠯᠢ ᠶᠢᠨ ᠭᠠᠮᠰᠢᠭ ᠢ ᠠᠷᠭᠠᠴᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠭᠠᠯ ᠰᠡᠷᠭᠡᠶᠢᠯᠡᠨ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠡᠯ᠎ᠡ ᠲᠥᠷᠥᠯ ᠤᠨ ᠠᠪᠤᠷᠠᠨ ᠲᠤᠰᠠᠯᠠᠬᠤ ᠡᠭᠦᠷᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠦᠬᠦ ᠶᠡᠷᠦᠩᠬᠡᠶᠢᠯᠡᠭᠰᠡᠨ ᠴᠢᠨᠠᠷᠲᠠᠢ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠶ᠃    ᠳᠠᠷᠠᠭ᠎ᠠ ᠨᠢ᠂ ᠨᠠ ᠰᠢᠶᠤᠤ ᠭᠤᠸᠠᠩ ᠨᠠᠷ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠤᠨ ᠪᠠᠷᠢᠯᠭ᠎ᠠ ᠶᠢᠨ ᠭᠠᠵᠠᠷ᠂ ᠱᠧᠩ ᠹᠧᠩ ᠰᠢᠲᠠᠮᠠᠬᠠᠶ ᠬᠡᠶ ᠶᠢᠨ ᠺᠣᠮᠫᠠᠨᠢ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠪᠠ᠃ ᠨᠠ ᠰᠢᠶᠤᠤ ᠭᠤᠸᠠᠩ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠶ᠃ ᠣᠳᠤᠬᠠᠨ  ᠤ ᠬᠢᠵᠢᠭ ᠤᠨ ᠪᠠᠶᠢᠳᠠᠯ ᠤᠨ ᠡᠮᠦᠨ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠠᠮᠤᠷ ᠲᠦᠪᠰᠢᠨ᠂ ᠡᠷᠡᠭᠦᠯ᠂ ᠲᠣᠭᠲᠠᠭᠤᠨ ᠬᠥᠭᠵᠢᠯᠲᠡ ᠶᠢ ᠪᠠᠲᠤᠯᠠᠬᠤ ᠬᠡᠷᠡᠭᠲᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号