ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠬᠠᠷᠢᠶᠠᠲᠤ ᠶᠢᠨ ᠬᠤᠯᠪᠤᠭ᠎ᠠ ᠬᠠᠮᠲᠤ ᠪᠠᠷ ᠬᠠᠷᠢᠶᠠᠲᠤ ᠶᠢᠨ ᠬᠠᠣᠯᠢ ᠶᠢᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2020-07-01
   ᠪᠦᠬᠦ ᠨᠡᠶᠢᠭᠡᠮ ᠤᠨ ᠬᠠᠷᠢᠶᠠᠲᠤ ᠶᠢᠨ ᠬᠠᠤᠯᠢ ᠶᠢ ᠮᠡᠳᠡᠷᠡᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠠᠷᠢᠶᠠᠲᠤ ᠨᠠᠷ ᠢᠶᠠᠨ ᠬᠠᠶᠢᠷᠠᠯᠠᠨ ᠬᠠᠮᠠᠭᠠᠯᠬᠤ ᠨᠡᠩ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠷᠢᠶᠠᠲᠤ ᠶᠢᠨ ᠬᠠᠣᠯᠢ ᠶᠢᠨ ᠵᠣᠷᠢᠭ ᠰᠠᠨᠠᠭ᠎ᠠ ᠶᠢ ᠲᠣᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ 6 ᠳ᠋ᠤᠭᠠᠷ ᠰᠠᠷ᠎ᠠ ᠶᠢᠨ 16 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠬᠠᠷᠢᠶᠠᠲᠤ ᠶᠢᠨ ᠬᠤᠯᠪᠣᠭ᠎ᠠ ᠬᠠᠮᠲᠤ ᠪᠠᠷ ᠬᠠᠷᠢᠶᠠᠲᠤ ᠶᠢᠨ ᠬᠠᠣᠯᠢ ᠶᠢᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠣᠶᠤᠯᠮ᠎ᠠ᠂ ᠬᠤᠰᠢᠭᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠭᠤᠤ ᠲᠠᠢ ᠫᠢᠩ᠂ ᠱᠣᠣ ᠢᠦᠢ ᠹᠧᠩ᠂ ᠬᠤᠰᠢᠭᠤᠨ ᠤ ᠬᠠᠷᠢᠶᠠᠲᠤ ᠶᠢᠨ ᠬᠤᠯᠪᠣᠭᠠᠨ ᠤ ᠲᠡᠷᠢᠭᠦᠯᠡᠭᠴᠢ ᠪᠦᠬᠡᠪᠠᠶᠠᠷ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠨᠢ ᠬᠥᠮᠦᠨ ᠬᠠᠷ᠎ᠠ ᠨᠢᠭᠲᠠᠷᠠᠭᠰᠠᠨ ᠠᠷᠠᠳ ᠤᠨ ᠠᠷᠠᠯᠵᠢᠶ᠎ᠠ ᠬᠤᠳᠠᠯᠳᠤᠭᠠᠨ ᠤ ᠲᠣᠮᠣ ᠠᠰᠠᠷ ᠤᠨ ᠡᠮᠦᠨ᠎ᠡ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠰᠠᠮᠪᠠᠷ᠎ᠠ ᠶᠢᠨ ᠳᠡᠯᠭᠡᠨ ᠦᠵᠡᠭᠦᠯᠭᠡ ᠬᠢᠬᠦ᠂ ᠮᠣᠩᠭᠤᠯ ᠬᠢᠲᠠᠳ ᠬᠤᠤᠰ ᠬᠡᠯᠡᠨ ᠤ ᠤᠬᠠᠭᠤᠯᠭ᠎ᠠ ᠶᠢᠨ ᠬᠠᠭᠤᠳᠠᠰᠤ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠠᠷᠭ᠎ᠠ ᠢᠶᠠᠷ ᠳᠠᠮᠵᠢᠭᠤᠯᠤᠨ᠂ ᠵᠠᠮ ᠪᠠᠷ ᠶᠠᠪᠤᠵᠤ ᠪᠠᠶᠢᠭ᠎ᠠ ᠣᠯᠠᠨ ᠲᠦᠮᠡᠨ ᠳᠤ ᠬᠠᠷᠢᠶᠠᠲᠤ ᠨᠠᠷ ᠤᠨ ᠬᠠᠤᠯᠢ ᠮᠡᠳᠡᠯᠭᠡ ᠶᠢ ᠲᠦᠭᠡᠮᠡᠯᠵᠢᠭᠦᠯᠬᠦ ᠪᠠ ᠬᠠᠷᠢᠶᠠᠲᠤ ᠨᠠᠷ ᠲᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠲᠤᠬᠠᠢ ᠤᠬᠠᠭᠤᠯᠭ᠎ᠠ ᠬᠢᠵᠦ᠂ ᠴᠥᠭᠡᠨ ᠪᠤᠰᠤ ᠰᠠᠭᠤᠭᠠᠯᠢ ᠠᠷᠠᠳ ᠤᠨ ᠠᠰᠠᠭᠤᠨ ᠯᠠᠪᠯᠠᠬᠤ ᠪᠠ ᠣᠷᠣᠯᠴᠠᠬᠤ ᠣᠷᠮ᠎ᠠ ᠶᠢ ᠲᠠᠲᠠᠵᠠᠶ᠃    ᠲᠤᠰ ᠤᠳᠠᠭᠠᠨ ᠤ ᠬᠠᠷᠢᠶᠠᠲᠤ ᠨᠠᠷ ᠤᠨ ᠬᠠᠤᠯᠢ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠨᠢ᠂ ᠬᠠᠷᠢᠶᠠᠲᠤ ᠶᠢᠨ ᠬᠢᠨ ᠳᠤ ᠬᠤᠯᠪᠤᠭᠳᠠᠬᠤ ᠬᠠᠣᠯᠢ ᠴᠠᠭᠠᠵᠠ ᠬᠠᠣᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠦᠭᠡᠶ ᠠᠷᠠᠳ ᠣᠯᠠᠨ ᠤ ᠬᠠᠷᠢᠶᠠᠲᠤ ᠶᠢᠨ ᠶᠠᠪᠤᠳᠠᠯ ᠤᠨ ᠲᠤᠬᠠᠶ ᠲᠠᠨᠢᠯᠲᠠ ᠣᠶᠢᠯᠠᠭᠠᠯᠲᠠ ᠶᠢ  ᠳᠡᠭᠡᠭᠰᠢᠯᠡᠭᠦᠯᠵᠦ᠂ ᠬᠠᠷᠢᠶᠠᠲᠤ ᠶᠢᠨ ᠬᠠᠣᠯᠢ ᠶᠢᠨ ᠤᠬᠠᠭᠤᠯᠭ᠎ᠠ ᠶᠢ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠪᠠ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号