ᠬᠤᠰᠢᠭᠤᠨ ᠤ ᠨᠠᠮ ᠤᠨ ᠬᠤᠷᠢᠶᠠᠨ ᠤ ᠱᠦᠵᠢ ᠵᠤᠤ ᠢᠦᠢ ᠯᠢᠨ ᠨᠠᠷ  ᠪᠠᠶᠠᠨᠲᠤᠬᠤᠢ ᠪᠠᠯᠭᠠᠰᠤᠨ ᠳᠤ ᠭᠦᠨᠵᠡᠭᠡᠶᠢᠷᠡᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠣᠳᠤᠯᠤᠯᠲᠠ ᠬᠢᠪᠡ
ᠨᠡᠶᠢᠲᠡᠯᠡᠭᠰᠡᠨ ᠴᠠᠭ᠄
2020/7/1
 
   2020 ᠣᠨ ᠤ 6 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠤᠤ ᠢᠦᠢ ᠯᠢᠨ᠂ ᠳᠡᠳ᠋ ᠱᠦᠵᠢ ᠸᠠᠩ ᠰᠦᠩ ᠶᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠣᠣ ᠡᠾᠤᠢ ᠷᠠᠨ ᠨᠠᠷ ᠪᠠᠶ᠋ᠨᠲᠤᠬᠠᠢ ᠪᠠᠯᠭᠠᠰᠤᠨ ᠳᠤ ᠭᠦᠨᠵᠡᠭᠡᠶᠢᠷᠡᠵᠦ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠳᠤᠯᠬᠤ ᠵᠢᠴᠢ ᠤᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠣᠳᠣᠯᠣᠯᠲᠠ ᠬᠢᠵᠠᠢ᠃    ᠵᠤᠤ ᠢᠦᠢ ᠯᠢᠨ ᠨᠠᠷ ᠤᠷᠢᠳ ᠬᠤᠵᠢᠳ ᠮᠠ ᠲᠢ ᠺᠧᠩ ᠭᠠᠴᠠᠭ᠎ᠠ ᠶᠢᠨ ᠦᠬᠡᠷ ᠲᠡᠵᠢᠭᠡᠬᠦ ᠰᠠᠭᠤᠷᠢᠨ ᠭᠠᠵᠠᠷ  ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠪᠠ ᠭᠠᠴᠠᠭᠠᠨ ᠤ ᠬᠦᠳᠡᠯᠭᠡᠭᠡᠨ ᠤ ᠲᠠᠰᠤᠭ᠂ ᠪᠦᠯᠬᠦᠮᠳᠡᠯ ᠭᠠᠴᠠᠭ᠎ᠠ  ᠶᠢᠨ ᠪᠤᠬᠢᠷᠳᠤᠯ ᠦᠭᠡᠢ ᠭᠡᠷ ᠣᠷᠤᠨ ᠤ ᠬᠤᠷᠰᠢᠶᠠᠵᠢᠯ᠂ ᠪᠠᠶᠠᠨᠲᠤᠬᠤᠢ ᠭᠠᠴᠠᠭ᠎ᠠ ᠶᠢᠨ ᠣᠨᠳᠤᠤ ᠭᠠᠵᠠᠷ ᠲᠤ ᠨᠡᠭᠦᠭᠰᠡᠨ ᠤ ᠵᠠᠯᠭᠠᠮᠵᠢ ᠠᠵᠦ ᠦᠢᠯᠡᠰ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠭᠠᠴᠠᠭᠠᠨ ᠤ ᠬᠠᠮᠢᠶ᠎ᠠ ᠪᠦᠬᠦᠢ ᠬᠦᠮᠦᠰ ᠤᠨ ᠠᠵᠢᠯ ᠤᠨ ᠬᠠᠷᠢᠭᠤ ᠮᠡᠳᠡᠭᠦᠯᠦᠯᠲᠠ ᠶᠢ ᠰᠣᠨᠣᠰᠪᠠ᠃ ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠂ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ᠂ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠪᠠᠶᠢᠴᠠᠭᠠᠨ ᠰᠣᠳᠤᠯᠤᠯᠲᠠ ᠶᠢᠨ ᠶᠠᠪᠤᠴᠠ  ᠳᠤ ᠢᠯᠡᠷᠡᠭᠦᠯᠦᠭᠰᠡᠨ ᠠᠰᠠᠭᠤᠳᠠᠯ ᠪᠠ ᠳᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠬᠢᠭᠤᠯᠬᠤ ᠠᠵᠢᠯ ᠤᠨ ᠲᠤᠬᠠᠢ ᠬᠠᠷᠢᠭᠤ ᠲᠤᠰᠬᠠᠵᠦ᠂ ᠪᠠᠶᠠᠨᠲᠤᠬᠤᠢ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠪᠦᠬᠦ ᠪᠠᠯᠭᠠᠰᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠪᠠ᠃    
   
   ᠵᠤᠤ ᠢᠦᠢ ᠯᠢᠨ ᠴᠢᠬᠤᠯᠠᠴᠢᠯᠠᠭᠰᠠᠨ ᠨᠢ᠂ ᠪᠠᠶ᠋ᠨᠨᠲᠤᠬᠤᠢ ᠪᠠᠯᠭᠠᠰᠤ ᠨᠢ ᠰᠢᠶᠠᠨ ᠤ ᠳᠡᠰ ᠤᠨ ᠲᠦᠪ ᠪᠤᠯᠤᠭᠰᠠᠨ  ᠤ ᠬᠤᠪᠢ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠨᠡᠯᠢᠶᠡᠳ ᠶᠡᠭᠡ ᠪᠠᠶᠢᠵᠦ᠂ ᠨᠢᠭᠡ ᠲᠠᠯ᠎ᠠ  ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠦ᠂ ᠨᠦᠭᠦᠭᠡ ᠲᠠᠯ᠎ᠠ ᠪᠠᠷ ᠠᠵᠦ ᠠᠬᠤᠢ ᠨᠡᠶᠢᠭᠡᠮ  ᠤᠨ ᠬᠦᠭᠵᠢᠯᠲᠡ   ᠶᠢ ᠠᠳᠬᠤᠵᠦ᠂ ᠡᠯ᠎ᠡ ᠵᠦᠢᠯ ᠤᠨ ᠠᠵᠢᠯ ᠢ ᠪᠦᠬᠦ ᠬᠤᠰᠢᠭᠤᠨ ᠤ ᠡᠮᠦᠨ᠎ᠡ ᠡᠩᠨᠡᠭᠡᠨ ᠳᠤ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠢᠮᠠᠭᠲᠠ ᠴᠢᠩᠭ᠎ᠠ ᠰᠡᠷᠭᠡᠶᠢᠯᠡᠨ ᠡᠵᠡᠮᠳᠡᠬᠦ ᠡᠨᠡ ᠬᠦ ᠬᠦᠪᠴᠢ ᠶᠢ ᠴᠢᠩᠭ᠎ᠠ ᠠᠳᠬᠤᠵᠦ᠂ ᠴᠢᠩᠭ᠎ᠠ ᠰᠡᠷᠭᠡᠶᠢᠯᠡᠨ ᠬᠢᠵᠠᠭᠠᠷᠯᠠᠬᠤ᠂ ᠣᠯᠠᠨ  ᠢᠶᠠᠷ ᠢᠶᠠᠨ ᠰᠡᠷᠭᠡᠶᠢᠯᠡᠨ ᠬᠢᠵᠠᠭᠠᠷᠯᠠᠬᠤ ᠶᠢ  ᠪᠠᠷᠢᠮᠲᠠᠯᠠᠬᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠨᠠᠷᠢᠯᠢᠭ ᠪᠤᠳᠠᠲᠠᠢ ᠨᠠᠶᠢᠳᠠᠪᠤᠷᠢᠵᠢᠭᠤᠯᠵᠦ᠂ ᠬᠡᠪ ᠤᠨ ᠰᠡᠷᠭᠡᠶᠢᠯᠡᠯᠲᠡ ᠳᠤ ᠦᠨᠴᠦᠭ ᠪᠤᠯᠤᠩ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠳᠡᠢ᠃ ᠣᠳᠤᠬᠢ ᠱᠠᠲᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠭᠤᠤᠯᠳᠠᠯᠭ᠎ᠠ ᠶᠢ ᠣᠨᠤᠪᠴᠢᠲᠠᠢ ᠡᠵᠡᠮᠰᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠢ ᠤᠶᠠᠯᠳᠤᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠵᠦᠢᠯ ᠳᠠᠷᠠᠭᠠᠯᠠᠨ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢ ᠨᠡᠶᠢᠳᠡᠮ ᠪᠠᠶᠢᠴᠠᠭᠠᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠳᠡᠢ᠃ ᠬᠠᠮᠤᠭ ᠤᠨ ᠬᠦᠴᠦᠷᠬᠡᠭ ᠨᠠᠮ ᠤᠨ ᠡᠭᠦᠷ ᠤᠨ ᠪᠠᠶᠢᠭᠤᠯᠤᠯᠲᠠ ᠲᠠᠢ ᠤᠶᠠᠯᠳᠤᠭᠤᠯᠤᠨ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ᠂ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠣᠯᠤᠨ ᠨᠠᠮ ᠤᠨ ᠭᠡᠰᠢᠭᠦᠨ ᠤ ᠭᠤᠤᠯᠯᠠᠭᠴᠢ ᠡᠷᠦᠬᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠦ᠂ ᠪᠠᠶᠠᠵᠢᠨ ᠴᠢᠨᠡᠭᠡᠯᠢᠭᠵᠢᠭᠰᠡᠨ ᠨᠡᠶᠢᠲᠡᠯᠢᠭ ᠵᠢᠱᠢᠶ᠎ᠡ ᠶᠢ ᠪᠤᠶᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠡᠷᠴᠢᠮ ᠢᠶᠠᠨ ᠴᠢᠩᠭᠠᠳᠬᠠᠵᠤ᠂ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠶᠠᠳᠠᠭᠤᠷᠠᠬᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠵᠠᠬᠢᠳᠠᠯ  ᠰᠣᠷᠪᠤᠯᠵᠢᠯᠠᠯ ᠲᠣᠭᠲᠠᠭᠤᠨ ᠤ ᠪᠠᠶᠢᠳᠠᠯ ᠢ ᠬᠠᠮᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠠᠶᠠᠨᠲᠤᠬᠤᠢ ᠪᠠᠯᠭᠠᠰᠤ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号