ᠰᠢᠨ᠎ᠡ ᠪᠠᠷᠭᠤ ᠪᠠᠷᠠᠭᠤᠨ ᠬᠤᠰᠢᠭᠤ ᠳᠠᠬᠢᠨ ᠠᠰᠢᠭᠯᠠᠵᠦ ᠪᠤᠯᠬᠤ ᠤᠰᠤ ᠶᠢ ᠬᠤᠲᠠ ᠲᠣᠭᠤᠷᠢᠭᠰᠠᠨ ᠭᠤᠤᠯ ᠤᠨ ᠵᠠᠮ ᠤᠨ ᠤᠰᠤᠨ ᠰᠤᠪᠠᠭ ᠲᠤ ᠠᠮᠵᠢᠯᠲᠠ ᠲᠠᠢ ᠲᠡᠳᠡᠨ ᠣᠷᠣᠭᠤᠯᠪᠠ
ᠨᠡᠶᠢᠲᠡᠯᠡᠭᠰᠡᠨ ᠴᠠᠭ᠄
2020/8/13
   8 ᠰᠠᠷ᠎ᠠ ᠶᠢᠨ 8 ᠤ ᠡᠳᠦᠷ᠂ ᠮᠠᠨ ᠤ ᠬᠤᠰᠢᠭᠤᠨ ᠤ ᠪᠤᠵᠠᠷ ᠤᠰᠤᠨ ᠤ ᠦᠢᠯᠡᠳᠪᠦᠷᠢ ᠶᠢᠨ ᠨᠢᠭᠡᠨᠳᠡ ᠰᠢᠢᠳᠪᠦᠷᠢᠯᠡᠭᠰᠡᠨ ᠳᠠᠬᠢᠨ ᠠᠰᠢᠭᠯᠠᠵᠦ ᠪᠤᠯᠬᠤ ᠤᠰᠤ ᠶᠢ ᠬᠤᠲᠠ ᠲᠣᠭᠤᠷᠢᠭᠰᠠᠨ ᠭᠤᠣᠯ ᠤᠨ ᠵᠠᠮ ᠳᠣᠲᠣᠷᠠᠬᠢ ᠰᠢᠨ᠎ᠡ ᠪᠠᠷ ᠪᠠᠶᠢᠭᠤᠯᠤᠭᠰᠠᠨ ᠤᠰᠤᠨ ᠰᠤᠪᠠᠭ ᠲᠤ ᠠᠮᠵᠢᠯᠲᠠ ᠲᠠᠢ ᠳᠠᠳᠠᠨ ᠤᠷᠤᠭᠤᠯᠵᠦ᠂ ᠡᠳᠦᠷ ᠲᠤ 3200 ᠺᠦᠪ ᠮᠧᠲᠷ ᠤᠰᠤ ᠰᠢᠢᠳᠪᠦᠷᠢᠯᠡᠵᠦ᠂ ᠪᠠᠷᠤᠭ 4000 ᠮᠧᠲᠷ ᠤᠷᠲᠤ ᠬᠤᠲᠠ ᠲᠣᠭᠤᠷᠢᠭᠰᠠᠨ ᠤᠰᠤᠨ ᠰᠢᠰᠲ᠋ᠧᠮ ᠢ ᠪᠦᠷᠢᠯᠳᠦᠭᠦᠯᠵᠡᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠴᠧᠨ ᠯᠦᠩ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠪᠡ᠃
   
   ᠴᠧᠨ ᠯᠦᠩ ᠵᠢᠭᠠᠬᠤ ᠳᠠᠭᠠᠨ᠂ ᠳᠠᠬᠢᠨ ᠠᠰᠢᠭᠯᠠᠵᠦ ᠪᠤᠯᠬᠤ ᠤᠰᠤ ᠶᠢ ᠡᠬᠡᠬᠦᠯᠦᠨ ᠬᠡᠷᠡᠭᠯᠡᠬᠦ ᠲᠥᠷᠥᠯ ᠵᠦᠢᠯ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠦ᠂ ᠮᠠᠨ ᠤ ᠬᠤᠰᠢᠭᠤᠨ ᠤ ᠶᠡᠷᠦᠩᠬᠡᠶ ᠱᠦᠵᠢ ᠰᠢ ᠶᠢᠨ ᠫᠢᠩ ᠤᠨ ︽ᠬᠦᠭᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠠᠮᠢ ᠠᠬᠤᠶ ᠶᠢᠨ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠬᠦᠯᠦᠭᠰᠡᠨ ᠠᠮᠢᠳᠤᠯᠢᠭ ᠵᠢᠱᠢᠶ᠎ᠡ ᠮᠥᠨ᠃ ᠡᠨᠡᠬᠦ ᠲᠦᠷᠦᠯ ᠵᠦᠢᠯ ᠢ ᠤᠷᠤᠭᠰᠢᠲᠠᠶ ᠬᠡᠷᠡᠭᠵᠢᠭᠦᠯᠬᠦ ᠨᠢ ᠮᠠᠨ ᠤ ᠬᠤᠰᠢᠭᠤᠨ ᠤ ᠠᠯᠳ᠋ᠬᠠᠮᠡᠭᠡᠯ ᠪᠠᠯᠭᠠᠰᠦ ᠶᠢᠨ ᠡᠷᠬᠢᠨ ᠳᠤᠭᠤᠷᠢᠨ ᠤ ᠠᠮᠢ ᠠᠬᠤᠢ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠂ ᠦᠷᠬᠦᠯᠵᠢᠯᠡᠯ ᠬᠥᠭᠵᠢᠯᠲᠡ ᠶᠢ ᠲᠦᠯᠬᠢᠨ ᠠᠬᠢᠭᠤᠯᠵᠤ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠬᠥᠭᠵᠢᠯᠲᠡ ᠶᠢᠨ ᠰᠢᠨ᠎ᠡ ᠪᠠᠶᠢᠷᠢᠰᠢᠭᠤᠯᠤᠯᠳᠠ ᠶᠢ ᠪᠣᠶ ᠪᠣᠯᠭᠠᠬᠤ ᠳᠤ ᠴᠢᠬᠤᠯᠠ ᠦᠢᠯᠡᠳᠦᠯ ᠦᠵᠡᠭᠦᠯᠦᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠢᠶᠠᠨ ᠬᠤᠪᠢᠳᠠᠨ ᠬᠠᠮᠵᠢᠯᠴᠠᠵᠤ᠂ ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠳᠠᠬᠢ ᠬᠠᠮᠢᠶᠠᠷᠤᠨ ᠬᠠᠮᠠᠭᠠᠯᠠᠬᠤ ᠠᠵᠢᠯ ᠢ ᠦᠨᠡᠨᠬᠦ ᠴᠢᠩᠭᠠᠳᠬᠠᠵᠤ᠂ ᠤᠰᠤᠨ ᠰᠤᠷᠪᠤᠯᠵᠢ ᠡᠪᠳᠡᠭᠳᠡᠬᠦ ᠠᠴᠠ ᠰᠡᠷᠭᠡᠶᠢᠯᠡᠬᠦ ᠬᠡᠷᠡᠭᠲᠡᠶ ᠭᠡᠵᠡᠢ᠃
   
   ᠳᠠᠬᠢᠨ ᠠᠰᠢᠭᠯᠠᠵᠦ ᠪᠤᠯᠬᠤ ᠤᠰᠤ ᠶᠢ ᠡᠭᠡᠬᠦᠯᠦᠨ ᠭᠡᠷᠡᠭᠯᠡᠬᠦ ᠢᠨᠵᠧᠨᠧᠷᠢᠩ᠂ ᠬᠤᠲᠠ ᠲᠣᠭᠤᠷᠢᠭᠰᠠᠨ ᠭᠤᠤᠯ ᠤᠨ ᠵᠠᠮ ᠤᠨ ᠲᠥᠷᠥᠯ ᠵᠦᠢᠯ ᠪᠣᠯ ᠠᠮᠢ ᠠᠬᠤᠢ ᠶᠢᠨ ᠦᠵᠡᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠪᠤᠵᠠᠷ ᠤᠰᠤᠨ ᠤ ᠦᠢᠯᠡᠳᠪᠦᠷᠢ ᠶᠢᠨ ᠨᠢᠭᠡᠨᠳᠡ ᠰᠢᠢᠳᠪᠦᠷᠢᠯᠡᠭᠰᠡᠨ ᠳᠠᠬᠢᠨ ᠠᠰᠢᠭᠯᠠᠵᠦ ᠪᠤᠯᠬᠤ ᠤᠰᠤ ᠶᠢ ᠰᠢᠨ᠎ᠡ ᠪᠠᠷ ᠪᠠᠶᠢᠭᠤᠯᠤᠭᠰᠠᠨ ᠤᠰᠤ ᠲᠠᠲᠠᠬᠤ ᠬᠥᠭᠡᠷᠭᠡ ᠶᠢᠨ ᠥᠷᠲᠡᠭᠡ ᠪᠣᠯᠤᠨ ᠤᠰᠤ ᠳᠠᠮᠵᠢᠭᠤᠯᠬᠤ ᠬᠤᠭᠤᠯᠠᠶ ᠶᠢᠨ ᠵᠠᠮ ᠢᠶᠠᠷ ᠳᠠᠮᠵᠢᠭᠤᠯᠤᠨ ᠤᠰᠤ ᠬᠠᠳᠠᠭᠠᠯᠠᠬᠤ ᠴᠥᠭᠦᠷᠥᠮ ᠳᠤ ᠬᠦᠷᠭᠡᠵᠦ᠂ ᠳᠠᠬᠢᠨ ᠤᠰᠤ ᠬᠠᠳᠠᠭᠠᠯᠠᠬᠤ ᠴᠥᠭᠦᠷᠥᠮ ᠠᠴᠠ ᠬᠤᠲᠠ ᠲᠣᠭᠤᠷᠢᠭᠰᠠᠨ ᠭᠤᠤᠯ ᠤᠨ ᠵᠠᠮ ᠳᠣᠲᠣᠷᠠᠬᠢ ᠰᠢᠨ᠎ᠡ ᠪᠠᠷ ᠪᠠᠶᠢᠭᠤᠯᠤᠭᠰᠠᠨ ᠤᠰᠤᠨ ᠰᠤᠪᠠᠭ ᠲᠤ ᠤᠷᠤᠭᠤᠯᠵᠦ᠂ ᠳᠠᠬᠢᠨ ᠠᠰᠢᠭᠯᠠᠵᠦ ᠪᠤᠯᠬᠤ ᠤᠰᠤ ᠶᠢ ᠭᠠᠳᠠᠭᠰᠢᠯᠠᠭᠤᠯᠬᠤ ᠠᠰᠠᠭᠤᠳᠠᠯ ᠢ ᠰᠢᠢᠳᠪᠦᠷᠢᠯᠡᠭᠰᠡᠨ ᠮᠥᠷᠲᠡᠭᠡᠨ ᠪᠠᠰᠠ ᠬᠠᠳᠠᠭᠰᠠᠨ ᠭᠤᠤᠯ ᠤᠨ ᠵᠠᠮ ᠢ ᠠᠮᠢᠵᠢᠷᠠᠯ ᠤᠨ ᠬᠦᠴᠦᠨ ᠲᠠᠢ ᠪᠤᠯᠭᠠᠵᠦ᠂ ᠬᠤᠲᠠ ᠪᠠᠯᠭᠠᠰᠦ ᠶᠢᠨ ᠤᠰᠤᠨ ᠤ ᠠᠮᠢ ᠠᠬᠤᠶ ᠣᠷᠴᠢᠨ ᠲᠣᠭᠤᠷᠢᠨ ᠤ ᠬᠥᠭᠵᠢᠯᠲᠡ ᠶᠢ ᠲᠦᠯᠬᠢᠨ ᠠᠬᠢᠭᠤᠯᠵᠦ᠂ ᠠᠵᠤ ᠠᠬᠤᠶ᠂ ᠨᠡᠶᠢᠭᠡᠮ᠂ ᠠᠮᠢ ᠠᠬᠤᠶ ᠣᠷᠴᠢᠨ ᠳᠤᠭᠤᠷᠢᠨ ᠤ ᠦᠷ᠎ᠡ ᠠᠰᠢᠭ ᠤᠨ ᠵᠣᠬᠢᠴᠠᠩᠭᠤᠶ ᠬᠥᠭᠵᠢᠯᠲᠡ ᠶᠢ ᠪᠠᠶᠡᠯᠡᠬᠦᠯᠦᠭᠰᠡᠨ ᠪᠠᠶᠢᠨ᠎ᠠ᠃                                         ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号