ᠳ᠋ᠠᠶᠠᠨ ᠪᠠᠯᠭᠠᠰᠤᠨ ᠤ ᠨᠡᠶᠢᠭᠡᠮ ᠤᠨ ᠠᠪᠤᠷᠠᠨ ᠲᠣᠰᠠᠯᠠᠯᠲᠠ ᠶᠢᠨ ᠬᠠᠮᠢᠶ᠎ᠠ ᠪᠦᠬᠦᠢ ᠠᠵᠢᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2020/8/19
       ᠰᠤᠷᠪᠤᠯᠵᠢᠯᠠᠭᠰᠠᠨ ᠡᠳᠦᠷ᠄ 2020 ᠣᠨ ᠤ 4 ᠰᠠᠷ᠎ᠠ ᠶᠢᠨ 17 ᠤ ᠡᠳᠦᠷ    ᠰᠤᠷᠪᠤᠯᠵᠢᠯᠠᠭᠰᠠᠨ ᠵᠣᠴᠢᠨ᠄  ᠳ᠋ᠠᠶᠠᠨ ᠪᠠᠯᠭᠠᠰᠤᠨ ᠤ ᠳᠡᠳ᠋ ᠳᠠᠷᠤᠭ᠎ᠠ ᠪᠠᠶ ᠬᠤᠩ ᠰᠢᠶᠠ    ᠰᠤᠷᠪᠤᠯᠵᠢᠯᠠᠭᠰᠠᠨ ᠭᠠᠵᠠᠷ᠄ ᠡᠸᠡᠩᠬᠢ ᠬᠤᠰᠢᠭᠤᠨ ᠤ ᠳ᠋ᠠᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ    ᠭᠤᠤᠯᠯᠠᠨ ᠡᠷᠭᠢᠯᠡᠭᠰᠡᠨ ᠨᠢᠭᠡᠴᠡ᠄ ᠡᠸᠡᠩᠬᠢ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠦᠷᠳᠡᠭᠡ     ᠰᠣᠷᠪᠣᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠲᠣᠰ ᠬᠤᠭᠤᠴᠠᠭᠠᠨ ᠤ ᠰᠣᠷᠪᠣᠯᠵᠢᠯᠠᠭ᠎ᠠ ᠳᠤ ᠡᠸᠡᠩᠬᠢ ᠬᠤᠰᠢᠭᠤᠨ ᠤ ᠳ᠋ᠠᠶᠠᠨ ᠪᠠᠯᠭᠠᠰᠤᠨ ᠤ ᠳᠡᠳ᠋ ᠳᠠᠷᠤᠭ᠎ᠠ ᠪᠠᠶ ᠬᠤᠩ ᠰᠢᠶᠠ ᠶᠢ ᠣᠨᠴᠠᠭᠠᠶᠢᠯᠠᠨ ᠤᠷᠢᠵᠤ᠂ ᠳ᠋ᠠᠶᠠᠨ ᠪᠠᠯᠭᠠᠰᠤᠨ ᠤ ᠨᠡᠶᠢᠭᠡᠮ ᠤᠨ ᠠᠪᠤᠷᠠᠨ ᠲᠣᠰᠠᠯᠠᠯᠲᠠ ᠶᠢᠨ ᠬᠠᠮᠢᠶ᠎ᠠ ᠪᠦᠬᠦᠢ ᠠᠵᠢᠯ ᠳᠤ ᠲᠠᠶᠢᠯᠤᠮᠵᠢ ᠬᠢᠯᠬᠡᠵᠡᠢ᠃    ᠤᠭᠲᠤᠬᠤ ᠦᠭᠡ᠄    ᠪᠠᠶ ᠬᠤᠩ ᠰᠢᠶᠠ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︖ ︽ᠵᠣᠴᠢᠳ ᠤᠨ ᠰᠤᠷᠪᠤᠯᠵᠢᠯᠠᠭ᠎ᠠ︾ ᠳᠤ ᠣᠯᠠᠨ ᠲᠠᠢ ᠬᠠᠮᠲᠤ ᠳ᠋ᠠ ᠶᠠᠨ ᠪᠠᠯᠭᠠᠰᠤᠨ ᠤ ᠨᠡᠶᠢᠭᠡᠮ ᠤᠨ ᠠᠪᠤᠷᠠᠨ ᠲᠣᠰᠠᠯᠠᠯᠲᠠ ᠶᠢᠨ ᠬᠠᠮᠢᠶ᠎ᠠ ᠪᠦᠬᠦᠢ ᠠᠵᠢᠯ ᠢᠶᠠᠨ ᠰᠣᠯᠢᠯᠴᠠᠬᠤ ᠪᠣᠯᠣᠭᠰᠠᠨ ᠳᠠᠭᠠᠨ ᠲᠤᠩ ᠪᠠᠶᠠᠷᠲᠠᠶ ᠪᠠᠶᠢᠨ᠎ᠠ᠃ ᠡᠩ ᠲᠡᠷᠢᠭᠦᠨ ᠳᠤ ᠤᠷᠲᠦ ᠬᠤᠭᠤᠴᠠᠭᠠᠨ ᠤ ᠲᠤᠷᠰᠢ ᠳ᠋ᠠᠶᠠᠨ ᠪᠠᠯᠭᠠᠰᠤᠨ ᠤ ᠬᠠᠮᠢᠶ᠎ᠠ ᠪᠦᠬᠦᠢ ᠠᠵᠢᠯ ᠢ ᠬᠠᠯᠠᠮᠵᠢᠯᠠᠭᠰᠠᠭᠠᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ᠃    ᠠᠰᠠᠭᠤᠯᠲᠠ 1᠄ ᠳ᠋ᠠᠶᠠᠨ ᠪᠠᠯᠭᠠᠰᠤ ᠶᠢᠨ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠥᠷᠥᠯ ᠵᠦᠢᠯ ᠨᠢ ᠶᠠᠭᠤ ᠶᠠᠭᠤ ᠪᠣᠶ︖    ᠪᠠᠶ ᠬᠤᠩ ᠰᠢᠶᠠ᠄ ᠪᠠᠶᠢᠩᠭᠤ ᠶᠢᠨ ᠴᠢᠨᠠᠷᠲᠠᠶ ᠨᠡᠶᠢᠭᠡᠮ ᠤᠨ ᠠᠪᠤᠷᠠᠨ ᠲᠤᠰᠠᠯᠠᠯᠲᠠ ᠳᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ ᠪᠠ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠥᠨᠥᠴᠢᠨ ᠬᠡᠤᠬᠡᠳ ᠤᠨ ᠠᠮᠢᠳᠤᠷᠠᠯ ᠤᠨ ᠨᠥᠬᠦᠪᠥᠷᠢ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ᠂ ᠲᠦᠷ ᠴᠠᠭ ᠤᠨ ᠠᠪᠤᠷᠠᠨ ᠲᠤᠰᠠᠯᠠᠯᠲᠠ᠂ 80 ᠨᠠᠰᠤᠨ ᠤ ᠥᠨᠳᠥᠷ ᠨᠠᠰᠤᠨ ᠤ ᠨᠡᠮᠡᠭᠦᠷᠢ ᠮᠥᠩᠭᠦ ᠵᠡᠷᠭᠡ ᠪᠠᠭᠳᠠᠨ᠎ᠠ᠃    ᠠᠰᠠᠭᠤᠯᠲᠠ 2᠄ ᠶᠠᠮᠠᠷ ᠬᠥᠮᠦᠨ ᠨᠡᠶᠢᠭᠡᠮ ᠤᠨ ᠲᠤᠰᠠᠯᠠᠮᠵᠢ ᠶᠢ ᠭᠤᠶᠤᠴᠢᠯᠠᠵᠤ ᠪᠣᠯᠬᠤ ᠪᠣᠶ︖    ᠪᠠᠶ ᠬᠤᠩ ᠰᠢᠶᠠ᠄ ᠡᠯ᠎ᠡ ᠵᠦᠢᠯ ᠤᠨ ᠰᠢᠯᠲᠠᠭᠠᠨ ᠠᠴᠠ ᠠᠮᠢᠳᠣᠷᠠᠯ ᠤᠨ ᠬᠦᠴᠢᠷᠳᠡᠯ ᠳᠤ ᠲᠤᠯᠭᠠᠷᠠᠭᠰᠠ ᠮᠥᠷᠲᠡᠭᠡᠨ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠠᠴᠠ ᠳᠣᠣᠷ᠎ᠠ ᠪᠠᠶᠢᠬᠤ ᠲᠤᠰ ᠭᠠᠵᠠᠷ ᠤᠨ ᠡᠷᠦᠬᠡ ᠠᠮᠠ ᠶᠢᠨ ᠳᠠᠩᠰᠠ ᠲᠠᠢ ᠬᠦᠴᠢᠷᠳᠡᠯᠲᠡᠶ ᠰᠠᠭᠤᠭᠠᠯᠢ ᠠᠷᠠᠳ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠤᠶᠤ ᠲᠦᠷ ᠴᠠᠭ ᠤᠨ ᠴᠢᠨᠠᠷᠲᠠᠶ ᠪᠤᠰᠤᠳ ᠲᠤᠰᠠᠯᠠᠮᠵᠢ ᠦᠵᠡᠬᠦᠯᠵᠦ᠂ ᠲᠡᠬᠦᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠬᠡᠷᠡᠭᠴᠡᠭᠡ ᠳᠤ ᠪᠠᠳᠣᠯᠠᠭ᠎ᠠ ᠬᠠᠩᠭᠠᠨ᠎ᠠ᠃    ᠠᠰᠠᠭᠤᠯᠲᠠ 3᠄ ᠣᠲᠣ ᠶᠢᠨ ᠬᠡᠷᠡᠭᠵᠢᠭᠦᠯᠵᠦ ᠪᠠᠶᠢᠭ᠎ᠠ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ ᠪᠠᠷᠢᠮᠵᠢᠶ᠎ᠠ ᠪᠣᠯᠤᠨ ᠥᠨᠥᠴᠢᠨ ᠬᠡᠤᠬᠡᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠨᠢ ᠬᠡᠳᠦᠶ ᠪᠣᠶ︖    ᠪᠠᠶ ᠬᠤᠩ ᠰᠢᠶᠠ᠄ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ A᠂ B᠂ C ᠭᠡᠵᠦ ᠭᠤᠷᠪᠠᠨ ᠲᠥᠷᠥᠯ ᠳᠤ ᠬᠤᠪᠢᠶᠠᠨ᠎ᠠ᠃ A ᠲᠥᠷᠥᠯ ᠳᠤ ᠬᠥᠮᠦᠨ ᠪᠦᠷᠢ ᠰᠠᠷ᠎ᠠ ᠳᠤ 620 ᠲᠥᠭᠦᠷᠢᠭ᠂ B ᠲᠦᠷᠦᠯ ᠳᠤ ᠬᠥᠮᠦᠨ ᠪᠦᠷᠢ ᠰᠠᠷ᠎ᠠ ᠳᠤ 510 ᠲᠥᠭᠦᠷᠢᠭ᠂ C ᠲᠦᠷᠦᠯ ᠳᠤ ᠬᠥᠮᠦᠨ ᠪᠦᠷᠢ ᠰᠠᠷ᠎ᠠ ᠳᠤ 460 ᠲᠥᠭᠦᠷᠢᠭ᠂ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠪᠣᠯᠤᠨ ᠭᠡᠷ ᠪᠦᠯᠢ ᠶᠢᠨ ᠪᠣᠳᠠᠲᠠᠶ ᠠᠮᠢᠳᠤᠷᠠᠯ ᠤᠨ ᠪᠠᠶᠢᠳᠠᠯ ᠶᠣᠰᠣᠭᠠᠷ ᠵᠥᠷᠢᠶᠡᠲᠦ ᠲᠤᠭ᠎ᠠ ᠪᠠᠷ ᠠᠪᠤᠷᠠᠨ ᠲᠤᠰᠠᠯᠠᠬᠤ ᠪᠣᠯᠣᠨ᠎ᠠ᠃ ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ ᠶᠢ ᠲᠥᠪᠯᠡᠷᠡᠭᠦᠯᠦᠨ ᠠᠰᠠᠷᠠᠨ ᠬᠠᠷᠠᠭᠠᠯᠵᠠᠬᠤ ᠪᠠ ᠲᠣᠰᠬᠠᠢ ᠠᠰᠠᠷᠠᠨ ᠬᠠᠷᠠᠭᠠᠯᠵᠠᠬᠤ ᠭᠡᠵᠦ ᠬᠤᠪᠢᠶᠠᠵᠤ᠂ ᠲᠦᠪᠯᠡᠷᠡᠬᠦᠯᠦᠨ ᠠᠰᠠᠷᠠᠨ ᠬᠠᠷᠠᠭᠠᠯᠵᠠᠭᠴᠢ ᠳᠤ ᠰᠠᠷ᠎ᠠ ᠳᠤ 806 ᠲᠥᠭᠦᠷᠢᠭ᠂ ᠲᠣᠰᠬᠠᠢ ᠠᠰᠡᠷᠡᠨ ᠬᠠᠷᠠᠭᠠᠯᠵᠠᠭᠴᠢ ᠳᠤ ᠰᠠᠷ᠎ᠠ ᠳᠤ 806 ᠲᠦᠭᠦᠷᠢᠭ ᠲᠠᠷᠬᠠᠭᠠᠵᠣ᠂ ᠦᠨᠦᠴᠢᠨ ᠬᠡᠣᠬᠡᠳ ᠲᠤ ᠰᠠᠷ᠎ᠠ ᠳᠤ 1329 ᠲᠦᠭᠦᠷᠢᠭ ᠤᠨ ᠲᠣᠰᠠᠯᠠᠮᠵᠢ ᠣᠯᠭᠤᠨ᠎ᠠ᠃    ᠠᠰᠠᠭᠤᠯᠲᠠ 4᠄ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠳᠤ ᠶᠠᠮᠠᠷ ᠮᠠᠲ᠋ᠧᠷᠢᠶᠠᠯ ᠬᠡᠷᠡᠭᠰᠡᠬᠦ ᠪᠣᠶ︖    ᠪᠠᠶ ᠬᠤᠩ ᠰᠢᠶᠠ᠄ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠣᠴᠢᠯᠠᠬᠤ  ᠳᠤ ᠭᠤᠶᠣᠴᠢᠯᠠᠯ ᠤᠨ ᠪᠢᠴᠢᠭ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠢᠶᠠᠨ ᠬᠠᠩᠭᠠᠬᠤ ᠬᠡᠷᠡᠭᠲᠡᠢ᠃ ᠦᠷ᠎ᠡ ᠬᠡᠤᠬᠡᠳ ᠲᠠᠢ ᠪᠣᠯ ᠦᠷ᠎ᠡ ᠬᠡᠤᠬᠡᠳ ᠤᠨ ᠢᠶᠠᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠪᠠᠨ ᠬᠠᠩᠭᠠᠵᠤ᠂ ᠳ᠋ᠠᠶᠠᠨ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠲᠤ ᠬᠦᠷᠴᠦ ᠠᠯᠪᠠᠨ ᠭᠡᠷ ᠠᠴᠠ ᠢᠯᠡ ᠪᠠᠷ ᠭᠥᠯᠢᠶᠡᠨ ᠠᠪᠣᠨ᠎ᠠ᠃ ᠬᠡᠷᠪᠡ ᠣᠷᠤᠭ ᠰᠠᠯᠤᠭᠰᠠᠨ ᠪᠤᠶᠤ ᠬᠠᠨᠢ ᠨᠥᠬᠦᠷ ᠢᠶᠠᠨ ᠠᠯᠳᠠᠭᠰᠠᠨ ᠪᠣᠯ ᠣᠷᠤᠭ ᠰᠠᠯᠤᠭᠰᠠᠨ ᠭᠡᠷᠡᠴᠢ ︵ᠣᠷᠤᠭ ᠰᠠᠯᠬᠤ ᠬᠡᠯᠡᠯᠴᠡᠭᠡᠷ︶ ᠪᠤᠶᠤ ᠥᠭᠦᠭᠰᠡᠨ ᠭᠡᠷᠡᠴᠢ ᠪᠠᠶᠢᠬᠤ ᠬᠡᠷᠡᠭᠲᠡᠶ︔ ᠬᠡᠷᠪᠡ ᠭᠤᠶᠤᠴᠢᠯᠠᠭᠴᠢ  ᠨᠢ ᠵᠡᠮᠳᠡᠭ ᠬᠥᠮᠦᠨ ᠪᠠᠶᠢᠪᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠣᠳ ᠤᠨ ᠦᠨᠡᠮᠯᠡᠯ︾ ᠬᠠᠩᠭᠠᠬᠤ ᠬᠡᠷᠡᠭᠲᠡᠶ︔ ᠬᠡᠷᠪᠡ ᠭᠤᠶᠤᠴᠢᠯᠠᠭᠴᠢ ᠨᠢ ᠡᠪᠡᠳᠴᠢᠯᠡᠭᠰᠡᠨ ᠪᠠᠶᠢᠪᠠᠯ ᠬᠤᠰᠢᠭᠤᠨ ᠤ ᠲᠠᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠣᠮᠵᠢ ᠠᠴᠠ  ᠭᠠᠷᠭᠠᠵᠣ ᠦᠭᠭᠦᠭᠰᠡᠨ ᠣᠨᠣᠰᠢᠯᠠᠯᠲᠠ ᠶᠢᠨ ᠭᠡᠷᠡᠴᠢ᠂ ᠡᠪᠡᠳᠴᠢᠨ ᠤ ᠣᠨᠣᠰᠢᠯᠠᠯᠲᠠ ᠶᠢᠨ ᠲᠡᠮᠳᠡᠭᠯᠡᠯ ᠤᠨ ᠬᠠᠭᠤᠯᠪᠤᠷᠢ ︵ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠳᠠᠷᠤᠨ᠎ᠠ︶ ᠵᠢᠴᠢ ᠡᠮ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠣᠭᠰᠠᠨ ᠬᠠᠭᠤᠳᠠᠰᠤ ᠵᠡᠷᠭᠡ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ︔ ᠭᠤᠶᠤᠴᠢᠯᠠᠭᠴᠢ ᠨᠢ ᠰᠤᠷᠭᠠᠭᠤᠯᠢ ᠳᠤ ᠪᠠᠶᠢᠭ᠎ᠠ ᠰᠣᠷᠣᠭᠴᠢ ᠪᠣᠯ ᠰᠤᠷᠭᠠᠭᠤᠯᠢ ᠳᠤ ᠪᠠᠶᠢᠭ᠎ᠠ ᠭᠡᠷᠡᠴᠢ ᠬᠠᠩᠭᠠᠬᠤ ᠬᠡᠷᠡᠭᠲᠡᠢ︔ ᠬᠡᠷᠪᠡ ᠭᠤᠶᠤᠴᠢᠯᠠᠭᠴᠢ ᠨᠢ ᠭᠡᠷ ᠲᠦᠷᠢᠶᠡᠰᠦᠯᠡᠨ ᠰᠠᠭᠤᠵᠤ ᠪᠠᠶᠢᠪᠠᠯ ᠭᠡᠷ ᠲᠦᠷᠢᠶᠡᠰᠦᠯᠡᠭᠰᠡᠨ ᠭᠡᠷ᠎ᠡ ᠪᠠᠨ ᠬᠠᠩᠭᠠᠬᠤ ᠴᠢᠬᠤᠯᠠᠲᠠᠶ︔ ᠬᠡᠷᠪᠡ ᠭᠤᠶᠤᠴᠢᠯᠠᠭᠴᠢ ᠨᠢ ᠭᠡᠷ ᠪᠠᠶᠢᠰᠢᠩ ᠢ ᠨᠤᠷᠠᠭᠠᠨ ᠨᠡᠭᠦᠯᠭᠡᠬᠦ ᠠᠴᠠ ᠪᠣᠯᠵᠦ ᠨᠥᠬᠦᠪᠥᠷᠢ ᠮᠥᠩᠭᠦ ᠣᠯᠣᠭᠰᠠᠨ ᠪᠣᠯ ︽ᠣᠷᠣᠨ ᠰᠠᠭᠤᠴᠠ ᠨᠤᠷᠠᠭᠠᠨ ᠨᠡᠭᠦᠯᠭᠡᠬᠦ ᠬᠡᠯᠡᠯᠴᠡᠭᠡᠷ ᠤᠨ ᠪᠢᠴᠢᠭ︾ ᠢ ᠬᠠᠩᠭᠠᠬᠤ ᠬᠡᠷᠡᠭᠲᠡᠢ᠃ ᠬᠡᠷᠪᠡ ᠪᠤᠰᠤᠳ ᠪᠠᠶᠢᠳᠠᠯ ᠲᠠᠢ ᠪᠠᠶᠢᠪᠠᠯ ᠂ ᠪᠤᠰᠤᠳ ᠬᠤᠯᠪᠣᠭᠳᠠᠯ ᠪᠦᠬᠦᠢ ᠭᠡᠷᠡᠴᠢ ᠶᠢ ᠬᠠᠩᠭᠠᠬᠤ ᠴᠢᠬᠤᠯᠠ ᠲᠠᠢ᠃    ᠠᠰᠠᠭᠤᠯᠲᠠ 5᠄ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠣᠶᠣᠳᠠᠨ ᠰᠣᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠶᠢ ᠦᠷᠭᠦᠯᠵᠢᠯᠡᠨ ᠭᠥᠷᠳᠡᠵᠦ ᠪᠣᠯᠤᠨ᠎ᠠ ᠦᠦ︖    ᠪᠠᠢ ᠬᠤᠩ ᠰᠢᠶᠠ᠄ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠪᠡᠯ᠂ ᠤᠶᠤᠲᠠᠳ ᠰᠣᠷᠭᠠᠭᠤᠯᠢ ᠪᠠᠨ ᠲᠡᠬᠦᠰᠪᠡᠯ ᠬᠥᠳᠡᠯᠮᠦᠷᠢᠯᠡᠬᠦ ᠴᠢᠳᠠᠪᠤᠷᠢ ᠲᠠᠢ ᠬᠥᠮᠦᠰ ᠲᠤ ᠬᠠᠷᠢᠶᠠᠯᠠᠭᠳᠠᠨ᠎ᠠ᠂ ᠲᠡᠬᠦᠨ  ᠤ ᠣᠷᠣᠯᠭ᠎ᠠ ᠶᠢ ᠡᠸᠡᠩᠬᠢ ᠬᠤᠰᠢᠭᠤᠨ ᠤ ᠬᠠᠮᠤᠭ ᠳᠣᠤᠷ᠎ᠠ ᠴᠠᠯᠢᠩ ᠤᠨ ᠪᠠᠷᠢᠮᠵᠢᠶ᠎ᠠ ᠪᠠᠷ ᠲᠣᠭᠠᠴᠠᠨ ᠪᠣᠳᠣᠨ᠎ᠠ᠃ ᠭᠡᠪᠡᠴᠦ ᠣᠯᠠᠩᠬᠢ ᠰᠤᠷᠤᠭᠴᠢᠳ  ᠲᠡᠬᠦᠰᠦᠩᠭᠦᠳᠡ ᠳᠠᠷᠦ᠋ᠢᠬᠠᠨ ᠠᠵᠢᠯ ᠣᠯᠬᠤ ᠠᠷᠭ᠎ᠠ ᠦᠭᠡᠢ ᠪᠣᠯᠬᠤᠷ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠶᠢ 3 ᠰᠠᠷ᠎ᠠ ᠦᠷᠬᠦᠯᠵᠢᠯᠡᠨ ᠬᠦᠷᠳᠡᠵᠦ ᠪᠣᠯᠣᠨ᠎ᠠ᠂ 3 ᠰᠠᠷ᠎ᠠ ᠶᠢᠨ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠪᠦᠬᠦᠯᠢ ᠡᠷᠦᠬᠡ ᠶᠢᠨ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠶᠢᠨ ᠣᠯᠭᠤᠮᠵᠢ ᠶᠢ ᠬᠦᠴᠦᠨ ᠦᠭᠡᠢ ᠪᠣᠯᠭᠠᠨ᠎ᠠ᠃ ᠬᠡᠷᠪᠡ ᠣᠨᠴᠠᠭᠠᠢ ᠪᠠᠶᠢᠳᠠᠯ ᠲᠠᠢ ᠪᠣᠯ ᠳᠠᠬᠢᠵᠤ ᠭᠤᠶᠤᠴᠢᠯᠠᠵᠤ ᠪᠣᠯᠤᠨ᠎ᠠ᠃     ᠠᠰᠠᠭᠤᠯᠲᠠ 6᠄ ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ ᠭᠡᠳᠡᠭ ᠨᠢ ᠶᠠᠭᠤ ᠪᠣᠶ︖    ᠪᠠᠶ ᠬᠤᠩ ᠰᠢᠶᠠ᠄ ᠣᠨᠴᠠ ᠬᠦᠴᠢᠷᠳᠡᠯᠲᠡᠶ ᠬᠦᠮᠦᠰ ᠢ ᠠᠰᠠᠷᠠᠨ ᠬᠠᠷᠠᠭᠠᠯᠵᠠᠬᠤ ᠭᠡᠳᠡᠭ ᠨᠢ ᠶᠡᠷᠦ ᠳᠡᠭᠡᠨ ᠤᠯᠤᠰ ᠠᠴᠠ ᠬᠦᠳᠡᠯᠮᠦᠷᠢᠯᠡᠬᠦ ᠴᠢᠳᠠᠪᠤᠷᠢ ᠥᠬᠡᠶ᠂ ᠠᠮᠢᠳᠤᠷᠠᠯ ᠤᠨ ᠣᠷᠣᠯᠭ᠎ᠠ ᠥᠬᠡᠶ ᠮᠥᠷᠲᠡᠭᠡᠨ ᠠᠴᠢᠯᠠᠨ ᠲᠡᠵᠢᠭᠡᠬᠦ᠂ ᠠᠰᠠᠷᠠᠨ ᠬᠠᠷᠠᠭᠠᠯᠵᠠᠬᠤ᠂ ᠠᠰᠠᠷᠠᠨ ᠲᠡᠵᠢᠬᠡᠬᠦ ᠡᠭᠦᠷᠭᠡᠲᠦ ᠬᠥᠮᠦᠨ ᠢ ᠨᠣᠲᠠᠯᠠᠨ ᠲᠣᠭᠲᠠᠭᠠᠬᠤ ᠶᠢᠨ ᠠᠷᠭ᠎ᠠ ᠦᠭᠡᠢ ᠬᠦᠮᠦᠰ᠂ ᠡᠰᠡᠬᠦᠯ᠎ᠡ ᠲᠡᠭᠦᠨ ᠤ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ᠂ ᠠᠰᠠᠷᠠᠨ ᠬᠠᠷᠠᠭᠠᠯᠵᠠᠬᠤ᠂ ᠲᠡᠳᠬᠦᠨ ᠳᠡᠮᠵᠢᠬᠦ ᠡᠭᠦᠷᠭᠡᠲᠦ ᠬᠥᠮᠦᠨ ᠨᠢ ᠠᠴᠢᠯᠠᠨ ᠲᠡᠵᠢᠭᠡᠬᠦ᠂ ᠠᠰᠠᠷᠠᠨ ᠬᠠᠷᠠᠭᠠᠯᠵᠠᠬᠤ᠂ ᠠᠰᠠᠷᠠᠨ ᠲᠡᠵᠢᠭᠡᠬᠦ ᠴᠢᠳᠠᠪᠤᠷᠢ ᠦᠭᠡᠢ ᠨᠠᠰᠤᠲᠠᠶᠢᠴᠤᠳ᠂ ᠵᠡᠮᠳᠡᠭᠴᠦᠳ ᠪᠠᠶᠢᠪᠠᠯ ᠣᠨᠴᠠ ᠬᠦᠴᠢᠷᠳᠡᠯᠲᠡᠶ ᠬᠥᠮᠦᠰ  ᠤᠨ ᠬᠠᠷᠠᠭᠠᠯᠵᠠᠯ ᠦᠵᠡᠬᠦᠯᠦᠨ᠎ᠡ᠃    ᠠᠰᠠᠭᠤᠯᠲᠠ 7᠄ ᠶᠠᠮᠠᠷ ᠬᠥᠮᠦᠨ ᠣᠨᠴᠠ ᠬᠦᠴᠢᠷᠳᠡᠯᠲᠡᠶ ᠬᠥᠮᠦᠰ ᠤᠨ ᠬᠠᠷᠠᠭᠠᠯᠵᠠᠯ ᠢ ᠭᠤᠶᠤᠴᠢᠯᠠᠵᠤ ᠪᠣᠯᠬᠤ ᠪᠣᠶ︖    ᠪᠠᠶ ᠬᠤᠩ ᠰᠢᠶᠠ᠄ ᠳ᠋ᠠᠶᠠᠨ ᠪᠠᠯᠭᠠᠰᠤᠨ ᠤ ᠪᠠᠶᠢᠩᠭᠤ ᠰᠠᠭᠤᠭ᠎ᠠ ᠡᠷᠦᠬᠡ ᠠᠮᠠ ᠲᠠᠢ᠂ ᠪᠦᠬᠦᠯᠢ 60 ᠨᠠᠰᠤ ᠬᠦᠷᠦᠭᠰᠡᠨ᠂ ᠬᠥᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠯ ᠤᠨ ᠣᠷᠣᠯᠭ᠎ᠠ ᠦᠭᠡᠢ ᠮᠥᠷᠲᠡᠭᠡᠨ ᠲᠣᠭᠲᠠᠭᠰᠠᠨ ᠠᠴᠢᠯᠠᠨ ᠲᠡᠵᠢᠭᠡᠬᠦ᠂ ᠠᠰᠠᠷᠠᠨ ᠬᠠᠷᠠᠭᠠᠯᠵᠠᠬᠤ᠂ ᠠᠰᠠᠷᠠᠨ ᠲᠡᠵᠢᠭᠡᠬᠦ ᠡᠭᠦᠷᠭᠡᠲᠦ ᠬᠥᠮᠦᠨ ᠦᠭᠡᠢ᠂ ᠡᠰᠡᠬᠦᠯ᠎ᠡ ᠲᠡᠭᠦᠨ ᠤ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ᠂ ᠠᠰᠠᠷᠠᠨ ᠬᠠᠷᠠᠭᠠᠯᠵᠠᠬᠤ᠂ ᠠᠰᠠᠷᠠᠨ ᠲᠡᠵᠢᠬᠡᠬᠦ ᠡᠭᠦᠷᠭᠡᠲᠦ ᠬᠥᠮᠦᠨ ᠨᠢ ᠠᠴᠢᠯᠠᠨ ᠲᠡᠵᠢᠭᠡᠬᠦ᠂ ᠠᠰᠠᠷᠠᠨ ᠬᠠᠷᠠᠭᠠᠯᠵᠠᠬᠤ᠂ ᠠᠰᠠᠷᠠᠨ ᠲᠡᠵᠢᠭᠡᠬᠦ ᠴᠢᠳᠠᠪᠤᠷᠢ ᠦᠭᠡᠢ ᠨᠠᠰᠤᠲᠠᠶᠢᠴᠤᠳ︔ ᠡᠭᠦᠨ ᠠᠴᠠ ᠭᠠᠳᠠᠨ᠎ᠠ ᠬᠠᠷᠠᠭ᠎ᠠ᠂ ᠮᠥᠴᠢ᠂ ᠣᠶᠤᠨ ᠤᠬᠠᠭᠠᠨ᠂ ᠣᠶᠤᠨ ᠮᠡᠳᠡᠷᠡᠯ ᠤᠨ ᠬᠦᠨᠳᠦ ᠵᠡᠮᠳᠡᠭ ︵ᠨᠢᠭᠡ᠂ ᠬᠤᠶᠠᠳᠤᠭᠠᠷ ᠳᠡᠰ︶ ᠪᠠᠶᠢᠪᠠᠯ ᠣᠨᠴᠠ ᠬᠦᠴᠢᠷᠳᠡᠯ ᠤᠨ ᠠᠪᠤᠷᠠᠨ ᠲᠤᠰᠠᠯᠠᠯᠲᠠ ᠶᠢ ᠭᠤᠶᠤᠴᠢᠯᠠᠵᠤ ᠪᠣᠯᠤᠨ᠎ᠠ᠃    ᠠᠰᠠᠭᠤᠯᠲᠠ 8᠄ ᠥᠨᠥᠴᠢᠨ ᠬᠡᠦᠬᠡᠳ ᠢ ᠨᠣᠲᠠᠯᠠᠨ ᠲᠣᠭᠲᠠᠭᠠᠬᠤ ᠨᠥᠬᠦᠴᠡᠯ︖    ᠪᠠᠶ ᠬᠤᠩ ᠰᠢᠶᠠ᠄ ᠳ᠋ᠠᠶᠠᠨ ᠪᠠᠯᠭᠠᠰᠤᠨ ᠤ ᠪᠠᠶᠢᠩᠭᠤ ᠰᠠᠭᠤᠭ᠎ᠠ ᠡᠷᠦᠬᠡ ᠠᠮᠠ ᠲᠠᠢ᠂ ᠡᠴᠢᠭᠡ ᠡᠬᠡ ᠪᠠᠨ ᠠᠯᠳᠠᠭᠰᠠᠨ ᠪᠦᠬᠦᠯᠢ 18 ᠨᠠᠰᠤ ᠬᠦᠷᠦᠭᠡᠳᠦᠢ ᠨᠠᠰᠤᠨ ᠳᠤ ᠥᠯᠥ ᠬᠦᠷᠦᠭᠰᠡᠳ᠂  ᠡᠴᠢᠭᠡ ᠡᠬᠡ ᠳᠡᠭᠡᠨ ᠭᠤᠯᠣᠭᠳᠠᠭᠰᠠᠨ ᠨᠢᠯᠬ᠎ᠠ ᠬᠡᠤᠬᠡᠳ᠂ ᠪᠦᠬᠦᠯᠢ 18 ᠨᠠᠰᠤ ᠬᠦᠷᠦᠭᠡᠳᠦᠢ ᠨᠠᠰᠤᠨ ᠳᠤ ᠥᠯᠥ ᠬᠦᠷᠦᠭᠰᠡᠳ ᠪᠤᠶᠤ ᠡᠴᠢᠭᠡ ᠡᠬᠡ ᠬᠤᠶᠠᠷ ᠤᠨ ᠨᠢᠭᠡ ᠨᠢ ᠥᠭᠦᠭᠰᠡᠨ᠂ ᠨᠢᠬᠡ ᠨᠢ ᠰᠣᠷᠠᠭ ᠦᠭᠡᠢ ᠪᠣᠯᠣᠭᠰᠠᠨ ᠪᠦᠬᠦᠯᠢ 18 ᠨᠠᠰᠤ ᠬᠦᠷᠦᠭᠡᠳᠦᠢ ᠨᠠᠰᠤᠨ ᠳᠤ ᠥᠯᠥ ᠬᠦᠷᠦᠭᠰᠡᠳ ᠪᠠᠶᠢᠪᠠᠯ᠂ ᠣᠷᠣᠨ ᠨᠤᠲᠤᠭ ᠤᠨ ᠬᠤᠰᠢᠭᠤᠨ ᠤ ᠱᠠᠳᠣᠨ ᠠᠴᠠ ᠳᠡᠭᠡᠭᠰᠢᠬᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ ᠪᠣᠯᠤᠨ ᠨᠥᠬᠦᠴᠡᠯ ᠢ ᠦᠨᠳᠦᠰᠦᠯᠡᠨ ᠨᠣᠲᠠᠯᠠᠨ ᠲᠣᠭᠲᠠᠭᠠᠨ᠎ᠠ᠃    ᠠᠰᠠᠭᠤᠯᠲᠠ 9᠄ ᠲᠦᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠬᠡᠷᠡᠭᠰᠡᠬᠦ ᠪᠣᠶ︖ ᠠᠪᠤᠷᠠᠨ ᠲᠤᠰᠠᠯᠠᠬᠤ ᠬᠠᠮᠤᠭ ᠥᠨᠳᠥᠷ ᠪᠠᠷᠢᠮᠵᠢᠶ᠎ᠠ ᠨᠢ ᠬᠡᠳᠦᠢ ᠪᠤᠢ︖    ᠪᠠᠶ ᠬᠤᠩ ᠰᠢᠶᠠ᠄ ᠭᠤᠶᠤᠴᠢᠯᠠᠭᠴᠢ ᠳ᠋ᠠᠶᠠᠨ ᠪᠠᠯᠭᠠᠰᠤᠨ ᠤ ᠵᠠᠰᠠᠭ ᠤᠨ ᠣᠷᠳᠣᠨ ᠤ ᠨᠡᠶᠢᠭᠡᠮ ᠤᠨ ᠶᠠᠪᠤᠳᠠᠯ ᠤᠨ ᠠᠯᠪᠠᠨ ᠭᠡᠷ ᠲᠤ ᠬᠦᠷᠴᠦ ︽ᠲᠦᠷ ᠴᠠᠭ ᠤᠨ ᠠᠪᠤᠷᠠᠨ ᠲᠣᠰᠠᠯᠠᠯᠲᠠ ᠶᠢ  ᠭᠤᠶᠣᠴᠢᠯᠠᠬᠤ ᠪᠢᠴᠢᠭ︾ ᠂ ︽ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠢ ᠬᠢᠨᠠᠨ ᠪᠠᠶᠢᠴᠠᠭᠠᠬᠤ ᠡᠷᠬᠡ ᠣᠯᠭᠤᠬᠤ ᠪᠢᠴᠢᠭ︾ ᠢ ᠲᠠᠭᠯᠠᠨ ᠪᠢᠴᠢᠨ᠎ᠡ᠃ ᠪᠠᠰᠠ ᠬᠦᠴᠢᠷᠳᠡᠯ ᠲᠠᠢ ᠪᠠᠶᠢᠳᠠᠯ ᠤᠨ ᠬᠡᠷᠡᠴᠢ ᠪᠠᠨ ᠭᠠᠷᠭᠠᠵᠣ ᠦᠭᠭᠦᠨ᠎ᠡ︔ ᠡᠷᠦᠬᠡ ᠠᠮᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ ᠵᠡᠷᠭᠡ ᠪᠡᠶ᠎ᠡ  ᠭᠠᠷᠣᠯ ᠤᠨ ᠪᠠᠶᠢᠳᠠᠯ ᠤᠨ ᠬᠡᠷᠡᠴᠢ︔ ᠣᠷᠣᠯᠭ᠎ᠠ᠂ ᠡᠳ᠋ ᠬᠦᠷᠦᠩᠭᠡ ᠶᠢᠨ ᠪᠠᠶᠢᠳᠠᠯ ᠤᠨ ᠬᠡᠷᠡᠴᠢ︔ ᠠᠴᠢᠯᠠᠨ ︵ᠲᠡᠵᠢᠬᠡᠬᠦ᠂ ᠠᠰᠠᠷᠠᠨ ᠬᠠᠷᠠᠭᠠᠯᠵᠠᠬᠤ︶ ᠲᠡᠵᠢᠬᠡᠬᠦ ᠡᠭᠦᠷᠭᠡ ᠲᠠᠢ ᠬᠤᠯᠪᠣᠭᠳᠠᠭᠰᠠᠨ ᠬᠥᠮᠦᠨ ᠤ ᠬᠢᠨᠢ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠤᠨ ᠭᠡᠷᠡᠴᠢ ᠵᠡᠷᠭᠡ ᠬᠠᠮᠢᠶ᠎ᠠ ᠪᠦᠬᠦᠢ ᠬᠡᠷᠡᠴᠢ ᠮᠠᠲ᠋ᠧᠷᠢᠶᠠᠯ ᠢᠶᠠᠨ ᠲᠣᠰᠢᠶᠠᠬᠤ ᠬᠡᠷᠡᠭᠲᠡᠢ    ᠨᠥᠬᠦᠴᠡᠯ ᠳᠤ ᠨᠡᠶᠢᠴᠡᠬᠦ ᠬᠤᠲᠠ ᠬᠥᠳᠡᠭᠡ ᠶᠢᠨ ᠬᠦᠴᠢᠷᠳᠡᠯᠲᠡᠶ ᠭᠡᠷ ᠪᠦᠯᠢ ᠶᠢᠨ ᠨᠢᠭᠡ ᠵᠢᠯ ᠤᠨ ᠳᠣᠲᠣᠷ᠎ᠠ ᠠᠪᠤᠷᠠᠨ ᠲᠤᠰᠠᠯᠠᠬᠤ ᠬᠠᠮᠤᠭ ᠥᠨᠳᠥᠷ ᠪᠠᠷᠢᠮᠵᠢᠶ᠎ᠠ ᠶᠢ 5000 ᠲᠥᠭᠦᠷᠢᠭ ᠠᠴᠠ ᠬᠡᠳᠦᠷᠡᠬᠦᠯᠬᠦ ᠦᠭᠡᠢ᠂ ᠬᠤᠪᠢ ᠬᠥᠮᠦᠨ ᠢ ᠲᠣᠰᠠᠯᠠᠬᠤ ᠪᠠᠷᠢᠮᠵᠢᠶ᠎ᠠ ᠶᠢ 3000 ᠲᠥᠭᠦᠷᠢᠭ ᠠᠴᠠ ᠬᠡᠳᠦᠷᠡᠬᠦᠯᠬᠦ ᠦᠭᠡᠢ᠃ ᠣᠨᠴᠠᠭᠠᠢ ᠪᠠᠶᠢᠳᠠᠯ ᠲᠠᠢ ᠪᠠᠶᠢᠪᠠᠯ ᠬᠠᠮᠤᠭ ᠥᠨᠳᠥᠷ ᠲᠡᠭᠡᠨ 12 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠂ ᠬᠠᠮᠤᠭ ᠦᠨᠳᠦᠷ ᠠᠪᠤᠷᠠᠨ ᠲᠣᠰᠠᠯᠠᠬᠤ ᠲᠤᠭ᠎ᠠ ᠶᠢ ᠲᠣᠰ ᠵᠢᠯ ᠳᠤ ᠨᠡᠶᠢᠲᠡ 8000 ᠲᠥᠭᠦᠷᠢᠭ ᠠᠴᠠ ᠬᠡᠳᠦᠷᠡᠬᠦᠯᠬᠦ ᠦᠭᠡᠢ᠃ ᠶᠡᠭᠡ ᠬᠡᠮᠵᠢᠶᠡᠨ ᠤ ᠪᠡᠯᠡ ᠮᠦᠩᠬᠦ ᠬᠡᠷᠡᠭᠰᠡᠵᠦ ᠠᠪᠣᠷᠠᠨ ᠲᠣᠰᠠᠯᠠᠬᠤ ᠴᠢᠬᠤᠯᠠᠲᠠᠢ ᠦᠶ᠎ᠡ ᠳᠤ ᠴᠠᠭ ᠲᠤᠬᠠᠶ ᠳᠤᠨᠢ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠵᠠᠷᠴᠢᠮ ᠳᠡᠭᠡᠷ᠎ᠡ ᠪᠠᠨ᠂ ᠭᠤᠶᠤᠴᠢᠯᠠᠭᠴᠢ ᠠᠳᠠᠯᠢ ᠨᠢᠭᠡᠨ ᠤᠴᠢᠷ ᠰᠢᠯᠲᠠᠭᠠᠨ ᠢᠶᠠᠷ ᠲᠦᠷ ᠴᠠᠭ ᠠᠪᠤᠷᠠᠨ ᠲᠣᠰᠠᠯᠠᠬᠤ ᠶᠢ ᠳᠠᠬᠢᠨ ᠳᠠᠪᠲᠠᠨ ᠭᠤᠶᠣᠴᠢᠯᠠᠪᠠᠯ᠂ ᠵᠦᠶ ᠶᠣᠰᠣᠨ ᠤ ᠰᠢᠯᠲᠠᠭᠠᠨ ᠦᠭᠡᠢ ᠪᠣᠯ ᠠᠪᠤᠷᠠᠨ ᠲᠤᠰᠠᠯᠠᠬᠤ ᠦᠭᠡᠢ᠃    ᠠᠰᠠᠭᠤᠯᠲᠠ 10᠄ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠬᠡᠷᠡᠭᠰᠡᠬᠦ ᠪᠣᠶ︖    ᠪᠠᠶ ᠬᠤᠩ ᠰᠢᠶᠠ᠄ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠭᠤᠶᠤᠴᠢᠯᠠᠬᠤ ᠳᠤ ᠨᠡᠶᠢᠭᠡᠮ ᠤᠨ ᠠᠪᠤᠷᠠᠨ ᠲᠤᠰᠠᠯᠠᠬᠤ ᠦᠨᠡᠮᠯᠡᠯ ᠤᠨ ᠤᠤᠯ ᠮᠠᠲ᠋ᠧᠷᠢᠶᠠᠯ᠂  ᠡᠮᠨᠡᠯᠭᠡ ᠠᠴᠠ ᠭᠠᠷᠬᠤ ᠳᠤ ᠳ᠋ᠦᠩᠨᠡᠨ ᠪᠣᠳᠣᠭᠰᠠᠨ ᠬᠠᠭᠤᠳᠠᠰᠤ ᠶᠢᠨ ᠤᠭ ᠪᠢᠴᠢᠭ ᠮᠠᠲ᠋ᠧᠷᠢᠶᠠᠯ᠂ ᠡᠷᠦᠬᠡ ᠠᠮᠠ ᠶᠢᠨ ᠳᠡᠪᠲᠡᠷ᠂ ᠡᠮᠨᠡᠯᠭᠡ ᠶᠢᠨ ᠳᠠᠭᠠᠳᠬᠠᠯ  ᠤᠨ ᠦᠨᠡᠮᠯᠡᠯ᠂ ᠨᠡᠶᠢᠭᠡᠮ ᠤᠨ ᠠᠪᠤᠷᠠᠨ ᠲᠣᠰᠠᠯᠠᠯᠲᠠ ᠶᠢᠨ ᠦᠨᠡᠮᠯᠡᠯ ᠤᠨ ᠪᠠᠭᠤᠯᠭᠠᠪᠤᠷᠢ ᠲᠣᠰ ᠪᠦᠷᠢ ᠬᠤᠶᠠᠷ ᠬᠤᠪᠢ᠂ ᠡᠮᠨᠡᠯᠭᠡ ᠠᠴᠠ ᠭᠠᠷᠤᠭᠰᠠᠨ ᠭᠡᠷᠡᠴᠢ ᠦᠨᠡᠮᠯᠡᠯ ᠤᠨ ᠪᠠᠭᠤᠯᠭᠠᠪᠤᠷᠢ ᠪᠠᠨ ᠨᠢᠭᠡ ᠬᠤᠪᠢ ᠶᠢ ᠬᠠᠩᠭᠠᠨ᠎ᠠ᠃    ᠠᠰᠠᠭᠤᠯᠲᠠ 11᠄ ᠳ᠋ᠠᠶᠠᠨ ᠪᠠᠯᠭᠠᠰᠤᠨ ᠤ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢᠨ ᠪᠠᠷᠢᠮᠵᠢᠶ᠎ᠠ ᠨᠢ ᠬᠡᠳᠦᠶ ᠪᠣᠶ︖    ᠪᠠᠶ ᠬᠤᠩ ᠰᠢᠶᠠ᠄ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠬᠥᠮᠦᠨ ᠪᠦᠷᠢ ᠰᠠᠷ᠎ᠠ ᠳᠤ 100 ᠲᠦᠭᠦᠷᠢᠭ︔ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠬᠥᠮᠦᠨ ᠪᠦᠷᠢ ᠰᠠᠷ᠎ᠠ ᠳᠤ 100 ᠲᠥᠭᠦᠷᠢᠭ ᠣᠯᠭᠤᠨ᠎ᠠ᠃    ᠠᠰᠠᠭᠤᠯᠲᠠ 12᠄ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠴᠢᠬᠤᠯᠠᠲᠠᠶ ᠪᠣᠶ︖    ᠪᠠᠶ ᠬᠤᠩ ᠰᠢᠶᠠ᠄ 1. ᠳ᠋ᠠᠶᠠᠨ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠥᠮᠦᠰ ᠤᠨ ᠳᠣᠲᠣᠷᠠᠬᠢ ᠬᠤᠶᠠᠳᠤᠭᠠᠷ ᠦᠶ᠎ᠡ ᠶᠢᠨ ᠰᠢᠨ᠎ᠡ ᠵᠡᠮᠳᠡᠭ ᠤᠨ ᠦᠨᠡᠮᠯᠡᠯ ᠢᠶᠠᠨ ᠬᠦᠢᠴᠡᠳᠬᠡᠭᠰᠡᠨ ᠵᠡᠮᠳᠡᠭ ᠬᠥᠮᠦᠨ᠃    2. ᠲᠣᠰ ᠬᠥᠮᠦᠨ ᠨᠢ ᠪᠢᠴᠢᠭ ᠤᠨ ᠭᠤᠶᠤᠴᠢᠯᠠᠯ ᠲᠤᠰᠢᠶᠠᠨ᠎ᠠ︔    3. ᠵᠡᠮᠳᠡᠭ ᠬᠥᠮᠦᠨ ᠤ ᠪᠠᠨ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠵᠡᠮᠳᠡᠭᠴᠣᠳ ᠤᠨ ᠦᠨᠡᠮᠯᠡᠯ ᠂ ᠨᠠᠭᠠᠳᠣ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠶᠢᠨ ᠦᠨᠡᠮᠯᠡᠯ ᠤᠨ ᠬᠠᠭᠤᠯᠪᠤᠷᠢ ᠨᠢᠭᠡ ᠬᠡᠯᠪᠡᠷᠢ ᠶᠢᠨ ᠬᠤᠶᠠᠷ ᠬᠤᠪᠢ︔    4. ᠣᠶᠢᠷ᠎ᠠ ᠶᠢᠨ ᠬᠤᠭᠤᠴᠠᠭᠠᠨ ᠳᠤ ᠲᠠᠲᠠᠭᠰᠠᠨ ᠬᠥᠬᠡ ᠳᠡᠪᠢᠰᠬᠡᠷ ᠲᠠᠢ 1 ᠢᠮᠠᠬᠤ ᠶᠢᠨ ᠬᠡᠷᠡᠯ ᠵᠢᠷᠤᠭ 2︔    5. ︽ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠭᠤᠶᠤᠴᠢᠯᠠᠬᠤ ᠬᠢᠨᠠᠨ ᠵᠥᠪᠰᠢᠶᠡᠷᠡᠬᠦ ᠬᠦᠰᠦᠨᠦᠭᠲᠦ︾ ᠶᠢ ᠱᠠᠭᠠᠷᠳᠠᠯᠭ᠎ᠠ ᠶᠣᠰᠣᠭᠠᠷ ᠲᠠᠭᠯᠠᠨ᠎ᠠ᠃    ᠠᠰᠠᠭᠤᠯᠲᠠ 13᠄ ᠬᠦᠨᠳᠦ ᠵᠡᠮᠳᠡᠭᠴᠦᠳ ᠢ ᠠᠰᠠᠷᠠᠨ ᠰᠣᠪᠢᠯᠠᠬᠤ ᠨᠥᠬᠦᠪᠥᠷᠢ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠬᠡᠷᠡᠭᠲᠡᠶ ᠪᠣᠶ︖    ᠪᠠᠶ ᠬᠤᠩ ᠰᠢᠶᠠ᠄ 1. ᠳ᠋ᠠᠶᠠᠨ ᠪᠠᠯᠭᠠᠰᠤᠨ ᠤ ᠪᠠᠶᠢᠩᠭᠤ ᠰᠠᠭᠤᠭ᠎ᠠ ᠡᠷᠦᠬᠡ ᠠᠮᠠ ᠶᠢᠨ ᠳᠡᠪᠳᠡᠷ ᠲᠠᠢ᠃ 2. ᠬᠤᠶᠠᠳᠤᠭᠠᠷ ᠦᠶ᠎ᠡ ᠶᠢᠨ ᠰᠢᠨ᠎ᠡ ᠵᠡᠮᠳᠡᠭᠴᠦᠳ ᠤᠨ ᠦᠨᠡᠮᠯᠡᠯ ᠢ ᠨᠢᠭᠡᠨᠲᠡ  ᠬᠦᠢᠴᠡᠳᠬᠡᠭᠰᠡᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠵᠡᠮᠳᠡᠭ ᠬᠥᠮᠦᠰ︔ 3. ᠪᠢᠴᠢᠭ ᠤᠨ ᠭᠤᠶᠤᠴᠢᠯᠠᠯ ᠳᠡᠪᠰᠢᠭᠦᠯᠦᠨ᠎ᠡ︔ 4. ᠵᠡᠮᠳᠡᠭ ᠬᠦᠮᠦᠨ ᠤ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠵᠡᠮᠳᠡᠭ ᠤᠨ ᠦᠨᠡᠮᠯᠡᠯ᠂ ᠬᠠᠷᠠᠭᠠᠯᠵᠠᠨ ᠬᠠᠮᠢᠶᠠᠷᠣᠭᠴᠢ ᠶᠢᠨ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ᠶᠢ ᠨᠢᠭᠡ ᠶᠠᠩᠵᠣ ᠶᠢᠨ ᠬᠤᠶᠠᠷ ᠬᠤᠪᠢ︔ 5. ᠣᠶᠢᠷ᠎ᠠ ᠶᠢᠨ ᠬᠤᠭᠤᠴᠠᠭᠠᠨ ᠳᠤ ᠲᠠᠲᠠᠭᠰᠠᠨ ᠬᠥᠬᠡ ᠳᠡᠪᠢᠰᠬᠡᠷ ᠲᠠᠢ 1 ᠢᠮᠠᠬᠤ ᠶᠢᠨ ᠬᠡᠷᠡᠯ ᠵᠢᠷᠤᠭ 2︔ 6. ᠲᠣᠰ ᠬᠥᠮᠦᠨ ᠪᠤᠶᠤ ᠬᠠᠷᠠᠭᠠᠯᠵᠠᠨ ᠬᠠᠮᠢᠶᠠᠷᠣᠭᠴᠢ ᠶᠢᠨ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠢᠳᠡᠬᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠪᠠᠩᠬᠢ ᠶᠢᠨ ᠺᠠᠷᠲ ᠤᠨ ᠪᠠᠭᠤᠯᠭᠠᠪᠤᠷᠢ ︔ 7. ᠱᠠᠭᠠᠷᠳᠠᠯᠭ᠎ᠠ ᠶᠣᠰᠣᠭᠠᠷ ︽ᠬᠦᠨᠳᠦ ᠵᠡᠮᠳᠡᠭᠴᠦᠳ ᠤᠨ ᠠᠰᠠᠷᠠᠨ ᠰᠤᠪᠢᠯᠠᠯᠲᠠ ᠶᠢᠨ ᠨᠥᠬᠦᠪᠥᠷᠢ ᠭᠤᠶᠤᠴᠢᠯᠠᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ︾ ᠶᠢ ᠲᠠᠭᠯᠠᠨ᠎ᠠ᠃    ᠠᠰᠠᠭᠤᠯᠲᠠ 14᠄ 80 ᠨᠠᠰᠤᠨ ᠤ ᠥᠨᠳᠥᠷ ᠨᠠᠰᠤᠨ ᠤ ᠨᠡᠮᠡᠭᠦᠷᠢ ᠮᠦᠩᠬᠦ ᠶᠢ ᠬᠡᠷᠬᠢᠨ ᠭᠤᠶᠤᠴᠢᠯᠠᠬᠤ ᠪᠣᠶ︖ ᠥᠨᠳᠥᠷ ᠨᠠᠰᠤᠨ ᠤ ᠨᠡᠮᠡᠭᠦᠷᠢ ᠮᠥᠩᠭᠦ ᠰᠠᠷ᠎ᠠ ᠪᠦᠷᠢ ᠬᠡᠳᠦᠢ ᠲᠥᠭᠦᠷᠢᠭ ᠪᠤᠢ︖    ᠪᠠᠶ ᠬᠤᠩ ᠰᠢᠶᠠ᠄ 1. ᠳ᠋ᠠᠶᠠᠨ ᠪᠠᠯᠭᠠᠰᠤᠨ ᠤ ᠪᠠᠶᠢᠩᠭᠤ ᠰᠠᠭᠤᠭ᠎ᠠ ᠡᠷᠦᠬᠡ ᠠᠮᠠ ᠲᠠᠢ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠨ᠃ 2. ᠨᠠᠰᠤᠲᠠᠶᠢᠴᠤᠳ ᠤᠨ ᠡᠷᠦᠬᠡ ᠠᠮᠠ ᠶᠢᠨ ᠲᠠᠩᠰᠠ᠂ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ᠶᠢ ᠨᠢᠭᠡ ᠶᠠᠩᠵᠣ ᠶᠢᠨ ᠭᠤᠷᠪᠠᠨ ᠬᠤᠪᠢ︔ 3. ᠲᠣᠰ ᠬᠥᠮᠦᠨ ᠪᠤᠶᠤ ᠠᠴᠢᠯᠠᠨ ᠲᠡᠵᠢᠭᠡᠭᠴᠢ ᠶᠢᠨ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠪᠠᠩᠬᠢ ᠶᠢᠨ ᠺᠠᠷᠲ ᠤᠨ ᠪᠠᠭᠤᠯᠭᠠᠪᠤᠷᠢ︔ 4. ︽ᠡᠸᠡᠩᠬᠢ ᠬᠤᠰᠢᠭᠤᠨ ᠤ ᠳ᠋ᠠᠶᠠᠨ ᠪᠠᠯᠭᠠᠰᠤᠨ ᠤ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠮᠦᠩᠬᠦ ᠭᠤᠶᠣᠴᠢᠯᠠᠬᠤ ᠬᠢᠨᠠᠨ ᠵᠥᠪᠰᠢᠶᠡᠷᠡᠬᠦ ᠬᠦᠰᠦᠨᠦᠭᠲᠦ︾ ᠶᠢ ᠲᠠᠭᠯᠠᠨ᠎ᠠ︔ 5. ᠠᠵᠣ ᠠᠮᠢᠳᠣᠷᠠᠬᠤᠢ ᠶᠢᠨ ᠬᠡᠷᠡᠴᠢᠯᠡᠯ᠃    80 ᠨᠠᠰᠤᠨ ᠠᠴᠠ ᠳᠡᠭᠡᠭᠰᠢ 100 ᠨᠠᠰᠤᠨ ᠠᠴᠠ ᠳᠣᠷᠣᠭᠰᠢᠬᠢ ᠨᠠᠰᠤᠲᠠᠶᠢᠴᠤᠳ ᠲᠤ ᠥᠨᠳᠥᠷ ᠨᠠᠰᠤᠨ ᠤ ᠨᠡᠮᠡᠭᠦᠷᠢ ᠮᠦᠩᠬᠦ ᠬᠦᠮᠦᠨ ᠪᠦᠷᠢ ᠰᠠᠷ᠎ᠠ ᠳᠤ 100 ᠲᠥᠭᠦᠷᠢᠭ᠂ 100 ᠨᠠᠰᠤᠨ ᠠᠴᠠ ᠳᠡᠭᠡᠭᠰᠢ ︵100 ᠨᠠᠰᠤ ᠪᠠᠭᠲᠠᠨ᠎ᠠ︶ ᠨᠠᠰᠣᠲᠠᠶᠢᠴᠣᠳ ᠲᠤ ᠬᠥᠮᠦᠨ ᠪᠦᠷᠢ ᠰᠠᠷ᠎ᠠ ᠳᠤ 600 ᠲᠥᠭᠦᠷᠢᠭ ᠣᠯᠭᠤᠨ᠎ᠠ᠃    ᠠᠰᠠᠭᠤᠯᠲᠠ 15᠄ 80 ᠨᠠᠰᠤᠨ ᠤ ᠥᠨᠳᠥᠷ ᠨᠠᠰᠤᠨ ᠤ ᠨᠡᠮᠡᠭᠦᠷᠢ ᠮᠥᠩᠭᠦ ᠶᠢ ᠣᠯᠭᠤᠬᠤ ᠳᠤ ᠠᠵᠣ ᠠᠮᠢᠳᠣᠷᠠᠬᠤᠢ ᠶᠢᠨ ᠬᠡᠷᠡᠴᠢᠯᠡᠯ ᠢ ᠬᠡᠷᠬᠢᠨ ᠬᠢᠬᠦ ᠪᠣᠢ︖ ᠨᠢᠬᠡ ᠵᠢᠯ ᠳᠤ ᠬᠡᠳᠦᠨ ᠣᠳᠠᠭ᠎ᠠ ᠭᠡᠷᠡᠴᠢᠯᠡᠬᠦ ᠪᠣᠢ︖    ᠪᠠᠶ ᠬᠤᠩ ᠰᠢᠶᠠ᠄ 80 ᠨᠠᠰᠤᠨ ᠤ ᠥᠨᠳᠥᠷ ᠨᠠᠰᠤᠨ ᠤ ᠨᠥᠬᠦᠪᠥᠷᠢ ᠮᠥᠩᠭᠦ ᠠᠪᠴᠤ ᠪᠠᠶᠢᠭ᠎ᠠ ᠨᠠᠰᠤᠲᠠᠨ  ᠠᠴᠠ ᠵᠢᠯ ᠪᠦᠷᠢ ᠬᠤᠶᠠᠷ ᠤᠳᠠᠭ᠎ᠠ ᠠᠵᠣ ᠠᠮᠢᠳᠣᠷᠠᠬᠤᠢ ᠶᠢᠨ ᠭᠡᠷᠡᠴᠢ ᠠᠪᠤᠨ᠎ᠠ᠃ ᠳᠡᠭᠡᠷ᠎ᠡ ᠬᠠᠭᠠᠰ ᠵᠢᠯ᠂ ᠳᠣᠣᠷ᠎ᠠ ᠬᠠᠭᠠᠰ ᠵᠢᠯ ᠲᠤᠰ ᠪᠦᠷᠢ ᠨᠢᠭᠡ ᠤᠳᠠᠭ᠎ᠠ ᠭᠡᠷᠡᠴᠢᠯᠡᠨ᠎ᠡ᠃ ᠨᠠᠰᠤᠲᠠᠨ ᠤ ᠵᠡᠭᠦᠨ ᠭᠠᠷ ᠲᠠᠭᠠᠨ ᠪᠡᠶ᠎ᠡ ᠶᠢᠨ ᠦᠨᠡᠮᠯᠡᠯ  ᠢᠶᠠᠨ ᠠᠪᠴᠣ᠂ ᠪᠠᠷᠠᠭᠤᠨ ᠭᠠᠷ ᠲᠠᠭᠠᠨ ᠠᠵᠣ ᠠᠮᠢᠳᠣᠷᠠᠬᠤᠢ ᠶᠢ ᠭᠡᠷᠡᠴᠢᠯᠡᠭᠰᠡᠨ ᠡᠳᠦᠷ ᠰᠠᠷ᠎ᠠ ᠲᠠᠢ ᠪᠢᠴᠢᠭ ᠤᠨ ᠵᠢᠷᠤᠭ ᠰᠡᠭᠦᠳᠡᠷ ᠪᠠᠶᠢᠬᠤ ᠬᠡᠷᠡᠭᠲᠡᠢ᠃ ᠬᠡᠷᠪᠡ ᠨᠠᠰᠤᠲᠠᠨ ᠤᠷᠲᠤ ᠬᠤᠭᠤᠴᠠᠭ᠎ᠠ ᠪᠠᠷ ᠪᠣᠰᠣᠳ ᠭᠠᠵᠠᠷ ᠲᠤ ᠰᠠᠭᠤᠵᠤ ᠪᠠᠶᠢᠪᠠᠯ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠠᠭᠠᠨ ᠳᠠᠪᠲᠠᠮᠵᠢ ᠪᠠᠷ ᠠᠵᠣ ᠠᠮᠢᠳᠣᠷᠠᠬᠤᠢ ᠶᠢ ᠬᠡᠷᠡᠴᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠲᠤᠬᠠᠶ ᠶᠢᠨ ᠭᠠᠵᠠᠷ ᠤᠨ ᠢᠶᠠᠨ ᠰᠠᠭᠤᠭᠠᠯᠢ ᠠᠷᠠᠳ ᠤᠨ ᠵᠥᠪᠯᠡᠯ ᠳᠤ ᠬᠡᠷᠡᠴᠢᠯᠡᠯ ᠪᠣᠯᠭᠠᠵᠣ ᠪᠣᠯᠤᠨ᠎ᠠ᠃    ᠲᠡᠭᠦᠰᠬᠡᠯ ᠦᠭᠡ    ᠪᠠᠶ ᠬᠤᠩ ᠰᠢᠶᠠ᠄ ᠡᠨᠡ ᠤᠳᠠᠭᠠᠨ ᠤ ᠬᠦᠨᠳᠦᠲᠦ ᠵᠣᠴᠢᠨ ᠤ ᠰᠣᠷᠪᠣᠯᠵᠢᠯᠠᠭ᠎ᠠ ᠳᠤ ᠳ᠋ᠠᠶᠠᠨ ᠪᠠᠯᠭᠠᠰᠤᠨ ᠤ ᠨᠡᠶᠢᠬᠡᠮ ᠤᠨ ᠠᠪᠤᠷᠠᠨ ᠲᠣᠰᠠᠯᠠᠯᠲᠠ ᠶᠢᠨ ᠬᠠᠮᠢᠶ᠎ᠠ ᠪᠦᠬᠦᠢ ᠠᠵᠢᠯ ᠤᠨ ᠲᠤᠬᠠᠶ ᠰᠠᠨᠠᠯ ᠢᠶᠠᠨ ᠰᠣᠯᠢᠯᠴᠠᠭᠠᠳ ᠮᠠᠰᠢ ᠰᠠᠶᠢᠨ ᠦᠷ᠎ᠡ ᠪᠦᠲᠦᠮᠵᠢ ᠣᠯᠵᠠᠶ᠃ ᠲᠠᠨᠠᠷ ᠬᠡᠷᠪᠡ ᠥᠭᠡᠷ᠎ᠡ ᠪᠣᠰᠣᠳ ᠠᠰᠠᠭᠤᠳᠠᠯ ᠤᠨ ᠲᠣᠬᠠᠢ ᠣᠶᠢᠯᠠᠭᠠᠶ᠎ᠠ ᠬᠡᠪᠡᠯ ᠂ ᠰᠦᠯᠵᠢᠶᠡᠨ ᠤ ᠵᠠᠬᠢᠳᠠᠯ ᠤᠨ ᠬᠠᠶᠢᠷᠴᠠᠭ ᠪᠤᠶᠤ ᠪᠠᠶᠢᠭᠤᠯᠭ᠎ᠠ ᠶᠢᠨ ᠤᠲᠠᠰᠤ ᠪᠠᠷ ᠴᠠᠭ ᠲᠤᠬᠠᠶ ᠳᠤᠨᠢ ᠮᠠᠨ ᠲᠠᠢ ᠬᠠᠷᠢᠯᠴᠠᠵᠣ ᠪᠣᠯᠤᠨ᠎ᠠ᠂ ᠮᠠᠨ ᠤ ᠠᠵᠢᠯᠲᠠᠳ ᠬᠠᠮᠤᠭ ᠤᠨ ᠣᠬᠤᠷ ᠬᠤᠭᠤᠴᠠᠭᠠᠨ ᠳᠣᠲᠣᠷ᠎ᠠ ᠬᠠᠨᠤᠮᠵᠢᠲᠠᠶ ᠬᠠᠷᠢᠭᠤᠯᠲᠠ ᠦᠭᠬᠦ ᠪᠠᠷ ᠴᠢᠷᠮᠠᠶᠢᠨ᠎ᠠ᠃ ᠡᠴᠦᠰ ᠲᠤ᠂ ᠳ᠋ᠠᠶᠠᠨ ᠪᠠᠯᠭᠠᠰᠤᠨ ᠤ ᠬᠠᠮᠢᠶ᠎ᠠ ᠪᠦᠬᠦᠢ ᠠᠵᠢᠯ ᠢ ᠣᠶᠢᠯᠠᠭᠠᠵᠣ᠂ ᠳᠡᠮᠵᠢᠵᠣ᠂ ᠬᠠᠯᠠᠮᠵᠢᠯᠠᠵᠣ ᠬᠠᠶᠢᠷ᠎ᠠ ᠬᠠᠯᠠᠮᠵᠢ ᠦᠵᠡᠬᠦᠯᠦᠭᠰᠡᠨ ᠣᠯᠠᠨ ᠲᠦᠮᠡᠨ ᠳᠡᠭᠡᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠦ ᠪᠠᠶᠢᠨ᠎ᠠ᠂ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠦᠷᠳᠡᠬᠡᠨ ᠤ ᠪᠦᠬᠦ ᠠᠵᠢᠯᠳᠠᠳ ᠤᠨ ᠰᠢᠷᠭᠠᠭᠤ ᠬᠥᠳᠡᠯᠮᠦᠷᠢ ᠳᠤ ᠲᠠᠯᠠᠷᠬᠠᠵᠤ ᠪᠠᠶᠢᠨ᠎ᠠ︕ ᠪᠠᠶᠠᠷᠲᠠᠢ︕
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号