ᠮᠠᠨ ᠤ ᠤᠷᠤᠨ ᠤ 3 ᠬᠦᠮᠦᠨ ︽2020 ᠤᠨ ᠤ ᠬᠠᠮᠤᠭ ᠤᠨ ᠭᠤᠶᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠭᠤᠨ ᠰᠠᠶᠢᠨ ᠲᠤᠷᠠᠴᠤᠳ︾ ᠤᠨ ᠨᠡᠷᠡᠰ ᠲᠤ ᠲᠤᠲᠤᠷᠠᠪᠠ
ᠨᠡᠶᠢᠲᠡᠯᠡᠭᠰᠡᠨ ᠴᠠᠭ᠄
2020/9/28
   ᠤᠶᠢᠷ᠎ᠠ ᠳᠤ ᠠᠮᠢ ᠠᠬᠤᠢ ᠤᠷᠴᠢᠨ ᠲᠤᠭᠤᠷᠢᠨ ᠤ ᠶᠠᠮᠤᠨ ᠠᠴᠠ ︽2020 ᠤᠨ ᠤ ᠬᠠᠮᠤᠭ ᠤᠨ ᠭᠤᠶᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠭᠤᠨ ᠰᠠᠶᠢᠨ ᠲᠤᠷᠠᠴᠤᠳ︾ ᠤᠨ ᠨᠡᠷᠡᠰ ᠢ ᠨᠡᠶᠢᠲᠡᠯᠡᠵᠦ᠂ ᠮᠠᠨ ᠤ ᠤᠷᠤᠨ ᠤ ᠭᠤᠷᠪᠠᠨ ᠬᠦᠮᠦᠨ ᠲᠤᠰ ᠨᠡᠷᠡᠰ ᠲᠤ ᠲᠤᠲᠤᠷᠠᠪᠠ᠃ ᠤᠶᠢᠯᠠᠭᠠᠬᠰᠠᠨ ᠢᠶᠠᠷ᠂ 2020 ᠤᠨ ᠤ 3 ᠰᠠᠷ᠎ᠠ ᠳᠤ᠂ ᠠᠮᠢ ᠠᠬᠤᠢ ᠣᠷᠴᠢᠨ ᠲᠣᠭᠤᠷᠢᠨ ᠤ ᠶᠠᠮᠤᠨ᠂ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠬᠠᠮᠲᠤᠷᠠᠨ 2020 ᠣᠨ ᠤ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ᠂ ᠪᠢ ᠪᠣᠯ ᠦᠢᠯᠡᠲᠦᠯᠭᠡᠵᠢᠭᠦᠯᠦᠭᠴᠢ︾ ᠭᠡᠬᠦ ᠭᠤᠣᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠪᠡ᠃ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ᠂ ᠪᠢ ᠪᠣᠯ ᠦᠢᠯᠡᠲᠦᠯᠭᠡᠵᠢᠭᠦᠯᠦᠭᠴᠢ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠨᠡᠩ ᠭᠦᠨᠵᠡᠭᠡᠶ ᠦᠷᠨᠢᠭᠦᠯᠬᠦ ᠶᠢᠨ ᠲᠦᠯᠦᠭᠡ᠂ ᠰᠦᠯᠵᠢᠶᠡᠨ ᠲᠡᠭᠡᠷ᠎ᠡ ᠪᠢᠯᠧᠲ ᠥᠭᠭᠦ ᠪᠠ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠲᠠᠮᠵᠢᠨ 101 ᠬᠥᠮᠦᠨ ᠢ ︽2020 ᠣᠨ ᠤ ᠬᠠᠮᠤᠭ ᠤᠨ ᠭᠤᠶᠣ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠭᠤᠨ ᠰᠠᠶᠢᠨ ᠲᠤᠷᠠᠴᠤᠳ︾ ᠢᠶᠠᠷ ᠦᠨᠡᠯᠡᠪᠡ᠃ ᠡᠭᠦᠨ ᠳᠤ᠂ ᠮᠠᠨ ᠤ ᠤᠷᠤᠨ ᠤ ᠠᠯᠠᠱᠨ ᠵᠡᠭᠦᠨ ᠬᠤᠰᠢᠭᠤᠨ ᠤ ᠵᠢᠭᠠᠨ ᠰᠤᠷᠭᠠᠯᠲᠠ ᠶᠢᠨ ᠰᠤᠳᠤᠯᠭᠠᠨ ᠪᠠ ᠪᠠᠭᠰᠢ ᠶᠢᠨ ᠪᠣᠯᠪᠠᠰᠤᠷᠠᠯ ᠤᠨ ᠲᠥᠪ ᠤᠨ ᠾᠧ ᠷᠦᠨ ᠬᠤᠸᠠ᠂ ᠬᠥᠯᠥᠨ ᠪᠤᠶᠢᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠲᠤᠷᠠᠴᠤᠳ ᠤᠨ ᠨᠡᠶᠢᠭᠡᠮᠯᠢᠭ ᠤᠨ ᠳ᠋ᠠᠢ ᠱᠸᠦ ᠶᠠᠩ᠂ ᠥᠪᠥᠷ ᠮᠣᠩᠭᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠲᠥᠷᠥᠯ ᠤᠨ ᠨᠡᠶᠢᠭᠡᠮᠯᠢᠭ ᠤᠨ ᠬᠠᠨ ᠢᠦᠶ ᠴᠤᠤ ᠵᠡᠷᠭᠡ 3 ᠬᠦᠮᠦᠨ ︽2020 ᠤᠨ ᠤ ᠬᠠᠮᠤᠭ ᠤᠨ ᠭᠤᠶᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠵᠠᠭᠤᠨ ᠰᠠᠶᠢᠨ ᠲᠤᠷᠠᠴᠤᠳ︾ ᠢᠶᠠᠷ ᠦᠨᠡᠯᠡᠭᠲᠡᠪᠡ᠃                                         ᠵᠣᠬᠢᠶᠠᠭᠴᠢ᠄ ᠬᠠᠨ ᠯᠢᠩ ᠯᠢᠩ
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号