ᠡᠸᠡᠩᠬᠢ ᠬᠤᠰᠢᠭᠤ ᠠᠵᠢᠯ ᠤᠯᠭᠤᠯᠳᠠ ᠪᠠᠷ ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ ᠤᠨ ᠦᠢᠯᠡᠳᠦᠯ ᠢ ᠪᠠᠳᠠᠷᠠᠭᠤᠯᠵᠤ ᠮᠠᠯᠴᠢᠳ ᠤᠨ ᠤᠷᠤᠯᠭ᠎ᠠ ᠶᠢ ᠨᠡᠮᠡᠭᠳᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2021/1/13
    ︽ᠠᠵᠢᠯ ᠤᠯᠭᠤᠯᠳᠠ ᠪᠠᠷ ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ︾ ᠪᠤᠯ ᠡᠸᠡᠩᠬᠢ ᠦᠨᠳᠤᠰᠤᠳᠠᠨ ᠤ ᠦᠪᠡᠷᠳᠡᠭᠡᠨ ᠵᠠᠰᠠᠬᠤ ᠬᠤᠰᠢᠭᠤᠨ ᠤ ᠪᠤᠳᠠᠳᠠᠢ ᠦᠢᠯᠡᠳᠦᠯᠭᠡ ᠠᠴᠠ ᠡᠬᠦᠰᠴᠤ ︽ᠵᠠᠰᠠᠭ ᠤᠨ ᠤᠷᠳᠤᠨ + ᠠᠵᠤ ᠠᠬᠤᠶᠢᠯᠠᠯ + ᠶᠠᠳᠠᠭᠤ ᠬᠦᠴᠢᠷᠳᠡᠯᠳᠡᠢ ᠡᠷᠦᠭᠡ︾ ᠶᠢᠨ ᠬᠡᠯᠪᠡᠷᠢ ᠪᠠᠷ ᠰᠦᠪᠡᠭᠴᠢᠯᠡᠵᠤ ᠭᠠᠷᠭᠠᠭᠰᠠᠨ ᠶᠠᠳᠠᠭᠤ ᠶᠢ ᠲᠠᠳᠬᠦᠨ ᠶᠠᠳᠠᠭᠤ ᠠᠴᠠ ᠠᠩᠬᠢᠵᠢᠷᠠᠭᠤᠯᠵᠤ ᠶᠠᠳᠠᠭᠤ ᠭᠦᠴᠢᠷᠳᠡᠯᠳᠡᠢ ᠭᠦᠮᠤᠰ ᠤᠨ ᠤᠷᠤᠯᠭ᠎ᠠ ᠶᠢ ᠨᠢ ᠨᠡᠮᠡᠭᠳᠡᠬᠦᠯᠬᠦ ᠰᠢᠨ᠎ᠡ ᠠᠷᠭ᠎ᠠ ᠵᠠᠮ ᠪᠤᠯᠤᠨ᠎ᠠ᠃ ᠡᠸᠡᠩᠬᠢ ᠬᠤᠰᠢᠭᠤ ︽ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ︾ ᠢᠶᠠᠷ ᠲᠠᠮᠵᠢᠨ᠂ ᠶᠠᠳᠠᠭᠤ ᠬᠦᠴᠢᠷᠳᠡᠯᠳᠡᠢ ᠬᠦᠮᠦᠰ ᠢ ᠪᠦᠬᠦ ᠬᠦᠴᠦᠨ ᠢᠶᠠᠷ ᠤᠨᠤᠪᠴᠢᠳᠡᠢ ᠪᠠᠷ ᠲᠡᠮᠵᠢᠨ ᠲᠡᠳᠬᠦᠵᠤ ᠪᠠᠶᠢᠨ᠎ᠠ᠃     ᠡᠸᠡᠩᠬᠢ ᠬᠤᠰᠢᠭᠤᠨ ᠳᠤ ᠲᠠᠪᠤᠨ ᠰᠤᠪᠤᠳ ᠮᠠᠯ ᠠᠵᠤ ᠠᠬᠤᠢ ᠶᠢᠨ ᠮᠠᠯᠴᠢᠳ ᠤᠨ ᠬᠤᠷᠰᠢᠶᠠᠵᠢᠯ ᠢ ᠲᠤᠷᠠᠳᠬᠤ ᠳᠤ ᠮᠠᠰᠢ ᠤᠯᠠᠨ ᠬᠦᠮᠦᠰ ᠲᠤ ᠲᠤᠩ ᠲᠠᠨᠢᠯ ᠲᠠᠰᠤᠯ ᠰᠠᠨᠠᠭᠳᠠᠳᠠᠭ ᠮᠦᠷᠳᠡᠭᠡᠨ ᠬᠤᠷᠰᠢᠶᠠᠵᠢᠯ ᠠᠴᠠ ᠦᠢᠯᠡᠳᠪᠤᠷᠢᠯᠡᠭᠰᠡᠨ ᠤᠨᠴᠠᠯᠢᠭᠳᠤ ᠴᠠᠭᠠᠨ ᠢᠳᠡᠭᠡᠨ ᠪᠠ ᠦᠨᠳᠦᠰᠦᠳᠡᠨ ᠤ ᠤᠨᠴᠠᠯᠢᠭᠳᠤ ᠪᠤᠭᠤᠷᠰᠤᠭ ᠨᠢ ᠦᠨᠦᠷ ᠠᠮᠳᠠ ᠪᠠᠷ ᠰᠠᠶᠢᠨ᠂ ᠪᠤᠷᠤᠯᠠᠭᠤᠯᠭ᠎ᠠ ᠦᠷᠭᠡᠨ ᠪᠠᠶᠢᠳᠠᠭ᠃ 2017 ᠤᠨ ᠳᠤ᠂ ᠬᠤᠷᠰᠢᠶᠠᠵᠢᠯ ᠨᠢ ᠴᠠᠭᠠᠨᠨᠠᠭᠤᠷ ᠭᠠᠴᠠᠭᠠᠨ ᠤ ᠶᠠᠳᠠᠭᠤ ᠶᠢ ᠲᠡᠳᠬᠦᠬᠦ ᠦᠢᠯᠡᠳᠪᠤᠷᠢᠯᠡᠯ ᠤᠨ ᠲᠠᠰᠤᠭ ᠢ ᠲᠠᠭᠠᠭᠠᠴᠢᠯᠠᠨ᠂ ᠴᠠᠭᠠᠨᠨᠠᠭᠤᠷ ᠭᠠᠴᠠᠭᠠᠨ ᠤ 32 ᠶᠠᠳᠠᠭᠤ ᠬᠦᠴᠢᠷᠳᠡᠯᠳᠡᠢ ᠡᠷᠦᠭᠡ ᠶᠢᠨ 76 ᠬᠦᠮᠦᠨ ᠢ ᠲᠠᠶᠢᠴᠢᠯᠠᠨ ᠲᠡᠳᠬᠦᠬᠦ ᠡᠬᠦᠷᠭᠡ ᠶᠢ ᠲᠠᠭᠠᠭᠠᠨ ᠠᠪᠴᠠᠢ᠃ ᠰᠡᠬᠦᠯᠡᠷ ᠨᠢ ᠡᠸᠡᠩᠬᠢ ᠬᠤᠰᠢᠭᠤᠨ ᠤ ᠵᠠᠰᠠᠭ ᠤᠨ ᠤᠷᠳᠤᠨ ᠪᠠ ᠶᠠᠳᠠᠭᠤ ᠶᠢ ᠲᠡᠳᠬᠦᠬᠦ ᠠᠯᠪᠠᠨ ᠭᠡᠷ ᠤᠨ ᠲᠠᠮᠵᠢᠯᠭᠡ  ᠪᠠᠷ᠂ ᠬᠤᠷᠰᠢᠶᠠᠵᠢᠯ ᠨᠢ ᠴᠠᠭᠠᠨᠨᠠᠭᠤᠷ ᠭᠠᠴᠠᠭᠠᠨ ᠳᠤ 330 ᠲᠡᠭᠰᠢ ᠲᠦᠷᠪᠡᠯᠵᠢᠨ ᠮᠧᠳ᠋ᠷ ᠤᠨ ᠦᠢᠯᠡᠳᠪᠤᠷᠢ ᠶᠢᠨ ᠪᠠᠶᠢᠰᠢᠩ ᠪᠠᠶᠢᠭᠤᠯᠵᠤ᠂ ᠤᠳᠤᠬᠠᠨ ᠡᠳᠦᠷ ᠲᠤ 1 — 2 ᠲᠤᠨ ᠴᠠᠭᠠᠨ ᠢᠳᠡᠭᠡ ᠪᠠ 1 ᠲᠤᠨ ᠮᠢᠬᠠᠨ ᠢᠳᠡᠭᠡᠨ  ᠤ ᠵᠦᠢᠯ ᠢ ᠪᠤᠯᠪᠠᠰᠤᠷᠠᠭᠤᠯᠬᠤ ᠴᠢᠳᠠᠪᠤᠷᠢ ᠲᠠᠢ ᠪᠤᠯᠪᠠ᠃
    ᠮᠠᠯᠵᠢᠬᠤ ᠤᠷᠤᠨ ᠤ ᠰᠠᠭᠠᠯᠢ ᠶᠢᠨ ᠦᠨᠢᠶ᠎ᠡ ᠲᠡᠵᠢᠭᠡᠬᠦ ᠲᠤᠭ᠎ᠠ ᠴᠦᠭᠡᠷᠡᠭᠰᠡᠨ᠂ ᠪᠡᠯᠡ ᠮᠦᠩᠬᠦᠨ ᠤ ᠲᠤᠳᠠᠭᠳᠠᠯ ᠵᠡᠷᠭᠡ ᠰᠢᠯᠳᠠᠭᠠᠨ ᠠᠴᠠ ᠬᠤᠷᠰᠢᠶᠠᠵᠢᠯ ᠤᠨ ᠰᠦᠨ ᠤ ᠢᠷᠡᠯᠳᠡ ᠪᠠ ᠮᠢᠬᠠᠨ ᠤ ᠢᠷᠡᠯᠳᠡ ᠲᠤᠳᠠᠭᠳᠠᠨ᠂ ᠦᠢᠯᠡᠳᠪᠤᠷᠢᠯᠡᠯ ᠢᠶᠠᠨ ᠦᠷᠬᠦᠯᠵᠢᠯᠡᠬᠦᠯᠵᠤ ᠴᠢᠳᠠᠬᠤ ᠦᠬᠡᠢ ᠵᠡᠷᠭᠡ ᠠᠰᠠᠭᠤᠳᠠᠯ ᠳᠤ ᠬᠠᠨᠳᠤᠭᠤᠯᠤᠨ ᠬᠤᠷᠰᠢᠶᠠᠵᠢᠯ  ᠤᠨ ᠬᠠᠷᠢᠭᠤᠴᠠᠯᠭᠠᠳᠠᠨ ᠪᠠᠯᠵᠢᠨᠢᠮ᠎ᠠ᠂ ᠰᠠᠭᠠᠯᠢ ᠶᠢᠨ ᠦᠨᠢᠶ᠎ᠡ ᠪᠠ ᠮᠢᠬᠠᠨ ᠤ ᠦᠬᠡᠷ ᠤᠨ ᠰᠠᠭᠤᠷᠢᠨ ᠭᠠᠵᠠᠷ ᠪᠠᠶᠢᠭᠤᠯᠬᠤ ᠠᠷᠭ᠎ᠠ ᠶᠢ ᠰᠠᠳᠤᠵᠤ᠂ ᠡᠨᠡ ᠨᠢ ᠡᠭᠡ ᠮᠠᠲ᠋ᠧᠷᠢᠶᠠᠯ ᠲᠤᠳᠠᠭᠳᠠᠬᠤ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠬᠡᠢ ᠮᠠᠯᠴᠢᠳ ᠲᠤ ᠠᠵᠢᠯ ᠤᠯᠭᠤᠬᠤ ᠶᠢ ᠴᠤ ᠰᠢᠢᠳᠪᠤᠷᠢᠯᠡᠨ᠂ ᠮᠠᠯᠵᠢᠬᠤ ᠤᠷᠤᠨ ᠤ ᠶᠠᠳᠠᠭᠤ ᠬᠦᠴᠢᠷᠳᠡᠯᠳᠡᠢ ᠤᠯᠠᠨ ᠲᠦᠮᠡᠨ ᠤ ︽ᠦᠢᠯᠡᠳᠪᠤᠷᠢᠯᠡᠯ ᠤᠨ ᠲᠠᠰᠤᠭ ᠢ ᠭᠡᠷ ᠤᠨ ᠭᠠᠳᠠᠨ᠎ᠠ ᠪᠠᠨ ᠪᠠᠶᠢᠭᠤᠯᠵᠤ᠂ ᠵᠤᠭᠤᠰ ᠤᠯᠬᠤ ᠳᠤ ᠭᠠᠳᠠᠭᠰᠢ ᠶᠠᠪᠤᠬᠤ ᠦᠬᠡᠢ ᠪᠠᠶᠢᠬᠤ︾ ᠬᠦᠰᠡᠯ ᠢ ᠪᠡᠶᠡᠯᠡᠬᠦᠯᠦᠭᠰᠡᠨ ᠪᠠᠶᠢᠨ᠎ᠠ᠃     ᠭᠠᠯᠰᠠᠩᠳᠤᠯᠮ᠎ᠠ ᠪᠤᠯ ᠴᠠᠭᠠᠨᠨᠠᠭᠤᠷ ᠭᠠᠴᠠᠭᠠᠨ ᠤ ᠲᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠳᠡᠢ ᠡᠷᠦᠭᠡ ᠪᠤᠯᠤᠨ᠎ᠠ᠃ ᠲᠡᠷᠡ ᠬᠡᠳᠦ᠋ᠢᠪᠡᠷ ᠵᠢᠯ ᠪᠦᠷᠢ ᠭᠠᠴᠠᠭᠠᠨ ᠠᠴᠠ ᠪᠠᠨ 5000 ᠭᠠᠷᠤᠢ ᠲᠦᠬᠦᠷᠢᠭ ᠤᠨ ᠠᠰᠢᠭ ᠬᠤᠪᠢᠶᠠᠵᠤ ᠤᠯᠳᠠᠭ ᠪᠤᠯᠪᠠᠴᠤ ᠬᠡᠤᠭᠡᠳ ᠢᠶᠠᠨ ᠰᠤᠷᠭᠠᠭᠤᠯᠢ ᠳᠤ ᠪᠢᠴᠢᠭ ᠦᠵᠡᠬᠦᠯᠬᠦ ᠪᠠᠷ᠂ 2019 ᠤᠨ ᠠᠴᠠ ᠬᠠᠭᠤᠴᠢᠨ ᠪᠠᠷᠭᠤ ᠬᠤᠰᠢᠭᠤᠨ ᠳᠤ ᠬᠦᠷᠴᠤ ᠠᠰᠠᠷᠠᠭᠴᠢ ᠶᠢᠨ ᠠᠵᠢᠯ ᠬᠢᠵᠤ ᠬᠡᠤᠭᠡᠳ ᠤᠨ ᠢᠶᠠᠨ ᠰᠤᠷᠤᠯᠭ᠎ᠠ ᠠᠮᠢᠳᠤᠷᠠᠯ ᠢ ᠬᠠᠷᠠᠭᠠᠯᠵᠠᠵᠤ ᠴᠢᠳᠠᠬᠤ ᠦᠬᠡᠢ ᠪᠤᠯᠤᠭᠰᠠᠨ ᠳᠠᠭᠠᠨ ᠲᠤᠩ ᠰᠠᠨᠠᠭ᠎ᠠ ᠪᠤᠯᠵᠤ ᠪᠠᠶᠢᠵᠠᠢ᠃ ᠤᠷᠴᠢᠮᠬᠠᠨ ᠭᠠᠴᠠᠭᠠᠨ ᠤ ᠵᠤᠬᠢᠴᠠᠭᠤᠯᠭ᠎ᠠ ᠪᠠᠷ ᠭᠠᠯᠰᠠᠩᠳᠤᠯᠮ᠎ᠠ ᠲᠠᠪᠤᠨ ᠰᠤᠪᠤᠳ ᠮᠠᠯ ᠠᠵᠤ ᠠᠬᠤᠢ ᠶᠢᠨ ᠮᠠᠯᠴᠢᠳ ᠤᠨ ᠲᠤᠰᠬᠠᠢ ᠬᠤᠷᠰᠢᠶᠠᠵᠢᠯ ᠳᠤ ᠢᠷᠡᠵᠤ ᠰᠦᠢᠳᠬᠡᠯ ᠦᠬᠡᠢ ᠪᠠᠷ ᠪᠤᠭᠤᠷᠰᠤᠭ ᠬᠢᠬᠦ ᠪᠤᠯᠪᠠᠰᠤᠷᠠᠯ ᠬᠦᠷᠳᠡᠨ᠂ ᠪᠤᠯᠪᠠᠰᠤᠷᠠᠯ ᠤᠨ ᠬᠤᠭᠤᠴᠠᠭᠠᠨ ᠳᠠᠭᠠᠨ ᠴᠠᠭ ᠪᠦᠷᠢ 10 ᠲᠦᠬᠦᠷᠢᠭ ᠤᠨ ᠴᠠᠯᠢᠩ ᠤᠯᠵᠤ ᠨᠢᠭᠡᠯᠭᠡᠨ ᠰᠠᠷ᠎ᠠ ᠲᠤᠳᠤᠷ᠎ᠠ 2500 ᠲᠦᠬᠦᠷᠢᠭ ᠤᠨ ᠴᠠᠯᠢᠩ ᠤᠯᠪᠠ᠃ ᠪᠤᠯᠪᠠᠰᠤᠷᠠᠯ ᠲᠠᠭᠤᠰᠤᠭᠰᠠᠨ ᠤ ᠲᠠᠷᠠᠭ᠎ᠠ ᠴᠠᠭ ᠪᠦᠷᠢ 12 ᠲᠦᠬᠦᠷᠢᠭ ᠤᠨ ᠴᠠᠯᠢᠩ ᠤᠯᠬᠤ ᠪᠦᠭᠡᠳ ᠭᠡᠷ ᠤᠨ ᠢᠶᠠᠨ ᠡᠬᠦᠳᠡᠨ ᠳᠤ ᠠᠵᠢᠯᠯᠠᠵᠤ ᠤᠷᠤᠯᠭ᠎ᠠ ᠨᠢ ᠲᠡᠭᠡᠭᠰᠢᠯᠡᠭᠰᠡᠨ ᠮᠦᠷᠳᠡᠬᠡᠨ ᠪᠠᠰᠠ ᠭᠡᠷ ᠪᠦᠯᠢ ᠪᠠᠨ ᠴᠤ ᠬᠠᠷᠠᠭᠠᠯᠵᠠᠵᠤ ᠴᠢᠳᠠᠬᠤ ᠪᠤᠯᠤᠭᠰᠠᠨ ᠳᠠᠭᠠᠨ ᠲᠡᠷᠡ ᠲᠤᠩ ᠪᠠᠶᠠᠷᠳᠡᠢ ᠪᠠᠶᠢᠯ᠎ᠠ    
 
    ᠲᠠᠰᠤᠷᠠᠯᠳᠠ ᠦᠬᠡᠢ ᠰᠢᠨ᠎ᠡ ᠶᠢ ᠡᠭᠦᠳᠬᠦ ᠪᠠᠷ ᠲᠠᠮᠵᠢᠨ ᠲᠠᠪᠤᠨ ᠰᠤᠪᠤᠳ ᠮᠠᠯ ᠠᠵᠤ ᠠᠬᠤᠢ ᠶᠢᠨ ᠮᠠᠯᠴᠢᠳ ᠤᠨ ᠬᠤᠷᠰᠢᠶᠠᠵᠢᠯ ᠤᠨ ᠴᠠᠭᠠᠨ ᠢᠳᠡᠭᠡᠨ ᠪᠠ ᠮᠢᠬᠠᠨ ᠢᠳᠡᠭᠡᠨ ᠤᠯᠠᠮ ᠢᠶᠠᠷ ᠪᠠᠶᠠᠯᠢᠭᠵᠢᠵᠤ᠂ ᠪᠤᠷᠤᠯᠠᠭᠤᠯᠭ᠎ᠠ ᠶᠢᠨ ᠵᠠᠮ ᠨᠢ ᠴᠤ ᠦᠷᠭᠡᠵᠢᠵᠤ᠂ ᠬᠦᠯᠦᠨ ᠪᠤᠶᠢᠷ ᠠᠴᠠ ᠪᠠᠨ ᠭᠠᠷᠴᠤ ᠦᠪᠤᠷ ᠮᠤᠩᠭᠤᠯ ᠤᠨ ᠲᠦᠪ ᠬᠦᠭᠡᠬᠤᠳᠠ ᠳᠤ ᠬᠦᠷᠴᠠᠢ᠃ ᠪᠤᠳᠠᠳᠠᠢ ᠪᠤᠷᠤᠯᠠᠭᠤᠯᠬᠤ ᠭᠠᠵᠠᠷ ᠠᠴᠠ ᠭᠠᠳᠠᠨ᠎ᠠ ᠪᠠᠰᠠ ᠸᠢᠴᠠᠲ ᠵᠡᠷᠭᠡ ᠰᠦᠯᠵᠢᠶᠡᠨ ᠤ ᠲᠠᠪᠴᠠᠩ ᠤᠨ ᠵᠠᠬᠢᠶᠠᠯᠠᠭ᠎ᠠ ᠨᠢ ᠴᠤ ᠲᠠᠰᠤᠷᠠᠯᠳᠠ ᠦᠬᠡᠢ ᠨᠡᠮᠡᠭᠳᠡᠵᠡᠢ᠃ ᠤᠳᠤᠬᠠᠨ᠂ ᠶᠠᠳᠠᠭᠤ ᠶᠢ ᠲᠡᠳᠬᠦᠬᠦ ᠦᠢᠯᠡᠳᠪᠤᠷᠢᠯᠡᠯ ᠤᠨ ᠲᠠᠰᠤᠭ ᠤᠨ ᠬᠦᠭᠵᠢᠯᠳᠠ ᠨᠢ ᠰᠠᠶᠢᠨ ᠪᠤᠯᠵᠤ᠂ ᠰᠠᠷ᠎ᠠ ᠶᠢᠨ ᠲᠡᠭᠰᠢᠳᠭᠡᠭᠰᠡᠨ ᠤᠷᠤᠯᠭ᠎ᠠ ᠨᠢ 10 ᠲᠦᠮᠡ ᠶᠢ ᠲᠠᠪᠠᠨ᠂ 18 ᠶᠠᠳᠠᠭᠤ ᠬᠦᠴᠢᠷᠳᠡᠯᠲᠡᠢ ᠡᠷᠦᠭᠡ ᠶᠢ ᠲᠠᠶᠢᠴᠢᠯᠠᠨ ᠠᠵᠢᠯ ᠤᠯᠭᠤᠵᠤ᠂ ᠶᠠᠳᠠᠭᠤ ᠬᠦᠴᠢᠷᠳᠡᠯᠳᠡᠢ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠭᠰᠡᠨ ᠢᠶᠠᠷ ᠪᠠᠷᠠᠬᠤ ᠦᠬᠡᠢ ᠲᠡᠳᠡᠨ ᠤ ᠢᠳᠡᠭᠡᠯ ᠵᠤᠷᠢᠭ ᠢ ᠴᠤ ᠬᠦᠪᠴᠢᠯᠡᠭᠰᠡᠨ ᠪᠠᠶᠢᠨ᠎ᠠ᠃     ᠲᠠᠪᠤᠨ ᠰᠤᠪᠤᠳ ᠮᠠᠯ ᠠᠵᠤ ᠠᠬᠤᠢ ᠶᠢᠨ ᠮᠠᠯᠴᠢᠳ ᠤᠨ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠳᠠᠨ ᠪᠠᠯᠵᠢᠨᠢᠮ᠎ᠠ᠄ ᠪᠢᠳᠠ ᠰᠡᠬᠦᠯᠡᠷ ᠮᠠᠯᠵᠢᠬᠤ ᠤᠷᠤᠨ ᠤ ᠰᠦ ᠮᠢᠬ᠎ᠠ ᠵᠡᠷᠭᠡ ᠪᠦᠳᠦᠭᠡᠭᠳᠡᠬᠦᠨ ᠢ ᠤᠯᠠᠮ ᠨᠢᠬᠡ ᠠᠯᠬᠤᠮ ᠬᠦᠨᠵᠡᠭᠡᠢ ᠪᠤᠯᠪᠠᠰᠤᠷᠠᠭᠤᠯᠵᠤ᠂ ᠵᠠᠬ᠎ᠠ ᠲᠡᠯᠭᠡᠬᠦᠷ ᠲᠤ ᠤᠷᠤᠭᠤᠯᠤᠨ᠂ ᠪᠢᠳᠡᠨ ᠤ ᠦᠪᠡᠷ ᠤᠨ ᠶᠠᠭᠤᠮ᠎ᠠ ᠪᠠᠨ ᠪᠤᠯᠪᠠᠰᠤᠷᠠᠭᠤᠯᠵᠤ᠂ ᠮᠠᠯᠴᠢᠳ ᠢᠶᠠᠨ ᠲᠠᠶᠢᠴᠢᠯᠠᠨ ᠨᠢᠭᠡᠳᠬᠡᠵᠤ᠂ ᠬᠤᠷᠰᠢᠶᠠᠵᠢᠯ ᠤᠨ ᠮᠠᠯᠵᠢᠯ ᠤᠨ ᠲᠠᠯᠠᠪᠠᠢ ᠪᠠᠶᠢᠭᠤᠯᠤᠨ ᠬᠠᠮᠳᠤᠪᠡᠷ ᠬᠢᠬᠦ ᠰᠠᠨᠠᠭ᠎ᠠ ᠲᠠᠢ ᠬᠡᠵᠡᠢ᠃    ᠤᠶᠢᠯᠭᠠᠭᠰᠠᠨ ᠢᠶᠠᠷ᠂ ᠡᠸᠡᠩᠬᠢ ᠬᠤᠰᠢᠭᠤ ᠵᠠᠯᠭᠠᠪᠠᠷ ᠲᠦᠷᠪᠡᠨ ᠵᠢᠯ 67 ᠲᠦᠷᠦᠯ ᠤᠨ ︽ᠤᠨᠤᠪᠴᠢᠳᠠᠢ ᠪᠠᠷ ᠶᠠᠳᠠᠭᠤ ᠶᠢ ᠲᠡᠳᠬᠦᠬᠦ ᠠᠷᠭ᠎ᠠ︾ ᠭᠡᠷᠡᠭᠵᠢᠬᠦᠯᠦᠨ᠂ ︽ᠲᠠᠪᠤᠨ ᠨᠢᠭᠡ ᠪᠦᠯᠦᠭ︾ ᠤᠨ ᠶᠠᠳᠠᠭᠤ ᠠᠴᠠ ᠠᠩᠬᠢᠵᠢᠷᠠᠭᠤᠯᠬᠤ ᠵᠠᠮ ᠤᠨ ᠤᠷᠤᠨ ᠨᠤᠳᠤᠭᠴᠢᠯᠠᠭᠰᠠᠨ ᠦᠢᠯᠡᠳᠦᠯᠭᠡ ᠶᠢ ᠰᠦᠪᠡᠭᠴᠢᠯᠡᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠲᠤᠭᠳᠠᠭᠤᠨ ᠤᠷᠤᠯᠭ᠎ᠠ ᠶᠢ ᠪᠠᠳᠤᠯᠠᠨ᠂ ᠡᠬᠦᠨ ᠳᠤ ᠠᠵᠢᠯ ᠤᠯᠭᠤᠵᠤ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠬᠦᠯᠬᠦ ᠳᠤ ᠰᠢᠨᠵᠢᠯᠡᠬᠦ ᠤᠬᠠᠭᠠᠨᠴᠢ ᠪᠠᠷ ᠪᠤᠯᠪᠠᠰᠤᠷᠠᠭᠤᠯᠬᠤ ᠲᠦᠯᠦᠪᠯᠡᠭᠡ ᠲᠤᠭᠳᠠᠬᠤ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠦᠨᠡᠨ ᠨᠡᠷ᠎ᠡ ᠶᠢᠨ ᠲᠦᠷᠢᠮ ᠤᠨ ᠲᠤᠭᠠᠴᠠᠯᠠᠭᠰᠠᠨ ᠬᠦᠮᠦᠷᠭᠡ ᠪᠠᠶᠢᠭᠤᠯᠬᠤ᠂ ᠠᠵᠢᠯ ᠤᠯᠭᠤᠬᠤ ᠱᠠᠭᠠᠷᠳᠠᠯᠭ᠎ᠠ ᠶᠢᠨ ᠦᠢᠯᠡᠴᠢᠯᠡᠭᠡ ᠬᠠᠩᠭᠠᠬᠤ᠂ ᠠᠵᠢᠯ ᠤᠯᠭᠤᠵᠤ ᠦᠢᠯᠡᠰ ᠪᠤᠰᠬᠠᠬᠤ ᠨᠦᠬᠦᠪᠤᠷᠢ ᠶᠢ ᠨᠠᠶᠢᠳᠠᠪᠤᠷᠢᠵᠢᠭᠤᠯᠬᠤ᠂ ᠶᠠᠳᠠᠭᠤ ᠶᠢ ᠲᠡᠳᠭᠦᠬᠦ ᠦᠢᠯᠡᠳᠪᠤᠷᠢ ᠶᠢᠨ ᠲᠠᠰᠤᠭ ᠤᠨ ᠬᠠᠮᠢᠶᠠᠷᠤᠯᠳᠠ ᠶᠢ ᠲᠦᠷᠢᠮᠵᠢᠬᠦᠯᠬᠦ ᠪᠠᠷ ᠲᠠᠮᠵᠢᠨ ᠶᠠᠳᠠᠭᠤ ᠬᠦᠴᠢᠷᠳᠡᠯᠳᠡᠢ ᠤᠯᠠᠨ ᠲᠦᠮᠡᠨ ᠤ ᠲᠤᠭᠳᠠᠭᠤᠨ ᠤᠷᠤᠯᠭ᠎ᠠ ᠶᠢᠨ ᠨᠡᠮᠡᠭᠳᠡᠯ ᠢ ᠪᠡᠶᠡᠯᠡᠬᠦᠯᠵᠤ ᠪᠠᠶᠢᠨ᠎ᠠ᠃ ᠤᠨᠤᠯ ᠤᠨ ᠰᠤᠷᠤᠯᠴᠠᠯᠭ᠎ᠠ᠂ ᠲᠤᠬᠠᠢ ᠶᠢᠨ ᠲᠠᠯᠠᠪᠠᠢ ᠳᠤ ᠰᠤᠷᠤᠯᠴᠠᠬᠤ᠂ ᠨᠢᠬᠡ ᠨᠢᠬᠡ ᠪᠠᠷ ᠵᠢᠯᠤᠭᠤᠳᠬᠤ ᠵᠡᠷᠭᠡ ᠬᠡᠯᠪᠡᠷᠢ ᠪᠠᠷ ᠤᠨᠴᠠᠯᠢᠭᠳᠤ ᠲᠠᠷᠢᠵᠤ ᠲᠡᠵᠢᠬᠡᠬᠦ ᠦᠢᠯᠡᠰ᠂ ᠦᠨᠳᠦᠰᠦᠳᠡᠨ ᠤ ᠢᠳᠡᠭᠡᠨ᠂ ᠦᠨᠳᠦᠰᠦᠳᠡᠨ ᠤ ᠭᠠᠷ ᠤᠷᠠᠯᠠᠯ ᠵᠡᠷᠭᠡ ᠠᠵᠤ ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠯᠪᠠᠰᠤᠷᠠᠯ ᠤᠨ ᠠᠩᠬᠢ ᠶᠢ 65 ᠬᠤᠭᠤᠴᠠᠭ᠎ᠠ ᠡᠷᠬᠢᠯᠡᠨ 970 ᠬᠦᠮᠦᠨ ᠤᠳᠠᠭ᠎ᠠ ᠪᠤᠯᠪᠠᠰᠤᠷᠠᠯ ᠬᠦᠷᠲᠡᠭᠡᠵᠦ᠂ ᠡᠬᠦᠨ ᠳᠤ ᠶᠠᠳᠠᠭᠤ ᠬᠦᠴᠢᠷᠳᠡᠯᠳᠡᠢ ᠡᠷᠦᠭᠡ ᠶᠢᠨ 673 ᠬᠦᠮᠦᠨ ᠤᠳᠠᠭ᠎ᠠ ᠪᠤᠯᠪᠠᠰᠤᠷᠠᠯ ᠬᠦᠷᠳᠡᠭᠰᠡᠨ ᠪᠠᠶᠢᠨ᠎ᠠ᠃ 2020 ᠤᠨ ᠳᠤ ᠨᠦᠬᠦᠴᠡᠯ ᠳᠤ ᠲᠤᠬᠢᠷᠠᠬᠤ ᠠᠵᠢᠯ ᠤᠯᠭᠤᠯᠲᠠ ᠪᠠᠷ ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ 6 ᠭᠠᠷᠭᠠᠨ᠂ ᠤᠳᠤᠬᠠᠨ ᠪᠤᠯᠳᠠᠯ᠎ᠠ ᠶᠠᠳᠠᠭᠤ ᠬᠦᠴᠢᠷᠳᠡᠯᠳᠡᠢ ᠡᠷᠦᠭᠡ ᠶᠢᠨ 32 ᠬᠦᠮᠦᠨ ᠢ ᠲᠠᠶᠢᠴᠢᠯᠠᠨ ᠠᠵᠢᠯ ᠤᠯᠭᠤᠭᠰᠠᠨ ᠪᠠᠶᠢᠨ᠎ᠠ᠃    ᠰᠣᠷᠪᠤᠯᠵᠢᠯᠠᠭᠴᠢ᠄ ᠨᠠᠨᠰᠡᠯᠮ᠎ᠠ ᠬᠠᠨ ᠵᠧ  
 
ᠢᠷᠡᠯᠲᠡ᠄ ᠬᠦᠯᠦᠨ ᠪᠤᠶᠢᠷ ᠤᠨ ᠷᠠᠳᠢᠤ᠋ ᠲᠧᠯᠸᠢᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号