ᠵᠤᠤ ᠢᠦᠢ ᠯᠢᠨ ᠳᠣᠮᠳᠠᠲᠦ ᠣᠯᠣᠰ ᠤᠨ ᠡᠪ ᠬᠠᠮᠲᠦ ᠨᠠᠮ ᠤᠨ ᠡᠸᠡᠩᠬᠢ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ  ᠤ 155 ᠳ᠋ᠣᠭᠠᠷ ᠣᠳᠠᠭᠠᠨ ᠤ ︵ᠦᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/1/18
        1 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠤᠤ ᠢᠦᠢ ᠯᠢᠨ ᠳᠣᠮᠳᠠᠲᠦ ᠣᠯᠣᠰ ᠤᠨ ᠡᠪ ᠬᠠᠮᠲᠦ ᠨᠠᠮ ᠤᠨ ᠡᠸᠡᠩᠬᠢ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 155 ᠳ᠋ᠣᠭᠠᠷ ᠣᠳᠠᠭᠠᠨ ᠤ ︵ᠦᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠣᠭᠤᠯᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠰᠦᠩ ᠶᠠᠨ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ  ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠣᠳᠤᠷᠢᠳᠬᠤ ᠳᠣᠭᠤᠶᠢᠯᠠᠩ ᠤᠨ ᠪᠦᠷᠢᠯᠳᠦᠭᠦᠨ᠂ ᠡᠯ᠎ᠡ ᠰᠣᠮᠣ ᠰᠢᠶᠠᠩ ᠪᠠᠯᠭᠠᠰᠣ ᠶᠢᠨ ᠨᠠᠮ ᠤᠨ ᠬᠤᠷᠢᠶᠠᠨ ᠤ ᠱᠦᠵᠢ ᠭᠤᠤᠯ ᠬᠤᠷᠠᠯ ᠤᠨ ᠲᠠᠯᠠᠪᠠᠢ ᠶᠢᠨ ᠬᠤᠷᠠᠯ ᠳᠤ ᠣᠷᠤᠯᠴᠠᠵᠦ᠂ ᠡᠯ᠎ᠡ ᠰᠣᠮᠣ ᠰᠢᠶᠠᠩ ᠪᠠᠯᠭᠠᠰᠣ ᠶᠢᠨ ᠨᠡᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠠᠮ ᠤᠨ ᠠᠵᠢᠯ ᠤᠨ ᠵᠦᠪᠯᠡᠯ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠨᠠᠮ ᠤᠨ ᠣᠳᠤᠷᠢᠳᠬᠤ ᠳᠣᠭᠤᠶᠢᠯᠠᠩ ᠤᠨ ︵ᠨᠠᠮ ᠤᠨ ᠬᠤᠷᠢᠶ᠎ᠠ︶ ᠱᠦᠵᠢ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠣᠷᠤᠯᠴᠠᠪᠠ᠃      ᠬᠤᠷᠠᠯ ᠳᠡᠭᠡᠷ᠎ᠡ 2020 ᠣᠨ ᠤ ᠡᠯ᠎ᠡ ᠰᠣᠮᠣ ᠰᠢᠶᠠᠩ ᠪᠠᠯᠭᠠᠰᠣ ᠶᠢᠨ ᠨᠠᠮ ᠤᠨ ᠡᠭᠦᠷ ᠤᠨ ᠱᠦᠵᠢ᠂ ᠬᠤᠰᠢᠭᠤᠨ ᠤ ᠰᠢᠭᠤᠳ ᠬᠠᠷᠢᠶ᠎ᠠ ᠨᠠᠮ ᠤᠨ ︵ᠠᠵᠢᠯ︶   ᠤᠨ ᠵᠦᠪᠯᠡᠯ ᠤᠨ ᠱᠦᠵᠢ ᠪᠤᠯᠤᠨ ᠪᠠᠶᠢᠭᠤᠯᠭ᠎ᠠ ᠶᠢᠨ ᠨᠠᠮ ᠤᠨ ᠳᠣᠭᠤᠶᠢᠯᠠᠩ ᠤᠨ ᠱᠦᠵᠢ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠦ ᠲᠤᠬᠠᠢ ᠶᠢᠨ ᠲᠠᠯᠠᠪᠠᠢ ᠶᠢᠨ ᠦᠨᠡᠯᠡᠯᠲᠡ ᠬᠢᠪᠡ᠃ ᠬᠤᠷᠠᠯ ᠳᠡᠭᠡᠷ᠎ᠡ᠂ 2020 ᠣᠨ ᠤ ᠪᠦᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳ᠋ᠦᠩᠨᠡᠵᠦ᠂ 2021 ᠣᠨ ᠤ ᠪᠦᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ  ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃
     
    ᠬᠤᠷᠠᠯ ᠠᠴᠠ᠂ ᠣᠯᠣᠰ ᠲᠦᠷᠦ ᠶᠢᠨ ᠵᠤᠭᠰᠣᠴᠠ ᠪᠠᠨ ᠳᠡᠭᠡᠭᠰᠢᠯᠡᠭᠦᠯᠵᠦ᠂ ᠦᠵᠡᠯ ᠰᠨᠠᠭ᠎ᠠ ᠪᠠᠨ ᠨᠢᠭᠡᠳᠬᠡᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠣᠯᠣᠰ ᠲᠦᠷᠦ ᠶᠢᠨ ᠣᠬᠠᠮᠰᠠᠷ ᠢ ᠦᠨᠡᠨᠬᠦ ᠴᠢᠩᠭᠠᠳᠬᠠᠵᠤ᠂ ᠡᠨᠡ ᠵᠢᠯ ᠪᠤᠯ ︽ᠠᠷᠪᠠᠨ ᠳᠦᠷᠪᠡᠳᠦᠭᠡᠷ ᠲᠠᠪᠤᠨ ᠵᠢᠯ︾ ᠤᠨ ᠡᠬᠢᠯᠡᠯᠲᠡ  ᠶᠢᠨ ᠵᠢᠯ ᠪᠤᠯᠤᠨ᠎ᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠦᠬᠦ ᠲᠠᠯ᠎ᠠ ᠪᠡ ᠪᠠᠶᠢᠯᠳᠣᠬᠤ ᠪᠣᠳᠣᠯᠭ᠎ᠠ ᠶᠢᠨ ᠲᠠᠯ᠎ᠠ ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠴᠢᠳᠠᠮᠵᠢ ᠪᠡ ᠪᠠᠶᠢᠷᠢ ᠲᠤᠭᠲᠠᠭᠠᠯᠲᠠ ᠶᠢ ᠡᠵᠡᠮᠳᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠦᠵᠡᠯᠲᠡ ᠵᠣᠷᠢᠯᠲᠠ ᠨᠡᠩ ᠡᠷᠡᠰ ᠪᠠᠲᠦ᠂ ᠦᠢᠯᠡ ᠠᠵᠢᠯᠯᠠᠭ᠎ᠠ ᠨᠡᠩ ᠰᠠᠨᠠᠭᠠᠴᠢᠯᠠᠭ᠎ᠠ ᠲᠠᠢ᠂ ᠠᠷᠭ᠎ᠠ ᠬᠡᠮᠵᠢᠶ᠎ᠡ ᠨᠡᠩ ᠬᠦᠴᠦᠨ ᠲᠠᠢ ᠪᠠᠶᠢᠬᠤ ᠶᠢ ᠪᠠᠶᠡᠯᠡᠭᠦᠯᠬᠦ ᠬᠡᠷᠡᠭᠳᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠣᠯᠣᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠵᠠᠰᠠᠭ ᠤᠨ ᠠᠵᠢᠯ ᠤᠨ ᠬᠠᠮᠤᠭ ᠤᠨ ᠲᠤᠮᠤ ᠠᠮᠵᠢᠯᠲᠠ ᠮᠥᠨ ᠭᠡᠳᠡᠭ ᠢ ᠪᠠᠲᠤ ᠴᠡᠭᠡᠵᠢᠯᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠠᠵᠢᠯ ᠢ ᠰᠠᠭᠤᠷᠢ ᠠᠵᠢᠯ ᠪᠣᠯᠭᠠᠨ ᠴᠠᠭ ᠢᠮᠠᠭᠲᠠ ᠴᠢᠩᠭ᠎ᠠ ᠠᠳᠬᠤᠬᠤ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠪᠠᠨ ᠪᠠᠬᠢᠵᠢᠭᠦᠯᠵᠦ᠂ ᠪᠦᠬᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠡᠭᠦᠨ ᠤ ᠬᠠᠮᠲᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ᠂ ᠲᠦᠷᠦᠯ ᠬᠤᠪᠢᠶᠠᠨ ᠵᠢᠯᠣᠭᠤᠳᠴᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠨᠡᠩ ᠴᠢᠬᠤᠯᠠᠴᠢᠯᠠᠵᠤ᠂ ᠲᠦᠷᠦᠯ ᠬᠤᠪᠢᠶᠠᠨ ᠪᠣᠳᠠᠲᠠᠢ ᠵᠢᠯᠣᠭᠤᠳᠬᠤ᠂ ᠬᠦᠷᠢᠶ᠎ᠡ ᠬᠤᠪᠢᠶᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠰᠢᠨ᠎ᠡ ᠦᠷ᠎ᠡ ᠪᠦᠲᠦᠮᠵᠢ ᠪᠣᠯᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠰᠢᠨ᠎ᠡ ᠠᠮᠵᠢᠯᠲᠠ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠣᠭᠲᠤᠬᠤ ᠬᠡᠷᠡᠭᠳᠡᠢ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号