ᠪᠦᠬᠦ ᠬᠤᠰᠢᠭᠤᠨ ᠤ ᠡᠪᠦᠯ ᠤᠨ ᠣᠯᠠᠷᠢᠯ ᠤᠨ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ  ᠢ ᠴᠢᠩᠭᠠᠳᠬᠠᠬᠤ ᠲᠤᠬᠠᠢ ᠡᠸᠡᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  ᠤᠨ ᠮᠡᠳᠡᠭᠳᠡᠯ
ᠨᠡᠶᠢᠲᠡᠯᠡᠭᠰᠡᠨ ᠴᠠᠭ᠄
2021/1/19
               ᠡᠸᠡᠩᠬᠢ ᠵᠠᠰᠠᠭ ᠠᠯᠪᠠᠨ ᠦᠰᠦᠭᠲᠦ ﹇2020﹈ 132 ᠳ᠋ᠣᠭᠠᠷ ᠲᠣᠭᠠᠲᠦ  ᠡᠯ᠎ᠡ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠭ ᠤᠨ ᠣᠷᠳᠤᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠬᠤᠰᠢᠭᠤᠨ ᠳᠤ ᠰᠠᠭᠤᠭ᠎ᠠ ᠠᠵᠦ ᠠᠬᠤᠶᠢᠯᠠᠯ ᠳᠤ᠄     ᠡᠪᠦᠯ ᠤᠨ ᠣᠯᠠᠷᠢᠯ ᠪᠤᠯ ᠬᠠᠯᠳᠠᠪᠤᠷᠢᠲᠦ ᠲᠠᠭᠰᠢᠭᠤᠷ᠂ ᠬᠠᠯᠳᠠᠪᠤᠷᠢᠲᠦ ᠲᠠᠭᠰᠢᠭᠤᠷ ᠤᠨ ᠴᠢᠰᠣᠰᠠᠭ ᠰᠠᠪᠠᠭ᠋ᠠᠴᠢᠷ ᠪᠠᠺᠲ᠋ᠧᠷᠢ ᠤᠨ ᠬᠠᠯᠳᠠᠪᠤᠷᠢᠯᠠᠯ᠂ ᠠᠭᠤᠰᠬᠢᠨ ᠦᠷᠪᠢᠰᠦᠯ ᠤᠨ ᠪᠦᠮᠪᠦᠭᠡᠨᠴᠢᠷ ᠪᠠᠺᠲ᠋ᠧᠷᠢ ᠤᠨ ᠬᠠᠯᠳᠠᠪᠤᠷᠢᠯᠠᠯ᠂ ᠪᠤᠯᠴᠢᠷᠬᠠᠢ ᠶᠢᠨ ᠸᠢᠷᠦ᠋ᠰ ᠤᠨ ᠬᠠᠯᠳᠠᠪᠤᠷᠢᠯᠠᠯ᠂ ᠠᠮᠢᠰᠬᠤᠯ ᠤᠨ ᠵᠠᠮ ᠤᠨ ᠨᠡᠶᠢᠯᠡᠮᠡᠯ ᠡᠰ ᠤᠨ ᠸᠢᠷᠦ᠋ᠰ ᠤᠨ ᠬᠠᠯᠳᠠᠪᠤᠷᠢᠯᠠᠯ ᠡᠭᠦᠰᠬᠦ ᠵᠡᠷᠭᠡ ᠡᠯ᠎ᠡ ᠲᠦᠷᠦᠯ ᠤᠨ ᠦᠷᠬᠦᠯᠵᠢ ᠲᠤᠬᠢᠶᠠᠯᠳᠣᠳᠠᠭ ᠠᠮᠢᠰᠬᠤᠯ ᠤᠨ ᠵᠠᠮ  ᠤᠨ ᠡᠪᠡᠳᠴᠢᠨ ᠳᠡᠯᠭᠡᠷᠡᠬᠦ ᠣᠯᠠᠷᠢᠯ ᠪᠤᠯᠬᠤ ᠪᠦᠬᠡᠳ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠵᠦ ᠳᠠᠬᠢᠨ ᠡᠭᠦᠰᠬᠦ ᠶᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ᠃ ᠪᠦᠬᠦ ᠬᠤᠰᠢᠭᠤᠨ ᠤ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠠᠬᠢ ᠲᠦᠭᠰᠢᠭᠦᠷᠢᠲᠦ ᠬᠦᠮᠦᠰ ᠪᠠ ᠭᠠᠵᠠᠷ ᠲᠠᠯᠠᠪᠤᠷ ᠲᠤ ᠴᠣᠭᠯᠠᠷᠠᠯ ᠤᠨ ᠴᠢᠨᠠᠷᠲᠠᠢ ᠬᠠᠯᠳᠠᠪᠤᠷᠢᠲᠦ ᠲᠠᠭᠰᠢᠭᠤᠷ ᠵᠡᠷᠭᠡ ᠬᠠᠯᠳᠠᠪᠤᠷᠢᠲᠦ ᠡᠪᠡᠳᠴᠢᠨ ᠤ ᠬᠢᠵᠢᠭ ᠤᠨ ᠪᠠᠶᠢᠳᠠᠯ ᠡᠭᠦᠰᠬᠦ ᠶᠢ ᠰᠡᠷᠭᠡᠶᠢᠯᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠪᠠ ᠬᠠᠯᠳᠠᠪᠤᠷᠢᠲᠦ ᠲᠠᠭᠰᠢᠭᠤᠷ ᠤᠨ ᠬᠢᠵᠢᠭ ᠤᠨ ᠪᠠᠶᠢᠳᠠᠯ ᠳᠠᠪᠬᠤᠴᠠᠨ ᠡᠭᠦᠰᠬᠦ ᠲᠦᠭᠰᠢᠭᠦᠷᠢ ᠶᠢᠨ ᠳᠠᠯᠳᠠ ᠭᠡᠮ ᠢ ᠪᠠᠭᠠᠰᠬᠠᠵᠦ᠂ ᠡᠯ᠎ᠡ ᠦᠨᠳᠦᠰᠦᠳᠡᠨ ᠤ ᠠᠷᠠᠳ ᠣᠯᠠᠨ ᠤ ᠪᠠᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠣᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠦᠯᠦᠭᠡ᠂ ᠡᠳᠦᠭᠡ ᠪᠦᠬᠦ ᠬᠤᠰᠢᠭᠤᠨ ᠤ ᠬᠠᠯᠳᠠᠪᠤᠷᠢᠲᠦ ᠡᠪᠡᠳᠴᠢᠨ  ᠢ ᠰᠡᠷᠭᠡᠶᠢᠯᠡᠨ ᠡᠵᠡᠮᠳᠡᠬᠦ ᠠᠵᠢᠯ ᠢ ᠣᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠷᠠᠭᠤᠯᠬᠤ ᠬᠡᠷᠡᠭᠳᠡᠢ᠃ ᠡᠯ᠎ᠡ ᠰᠣᠮᠣ ᠰᠢᠶᠠᠩ ᠪᠠᠯᠭᠠᠰᠣ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠬᠤᠰᠢᠭᠤᠨ ᠳᠤ ᠰᠠᠭᠤᠭ᠎ᠠ ᠠᠵᠤ ᠠᠬᠤᠶᠢᠯᠠᠯ ᠤᠳ ᠬᠠᠯᠳᠠᠪᠤᠷᠢᠲᠦ ᠡᠪᠡᠳᠴᠢᠨ ᠤ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠢ ᠴᠢᠨᠠᠷ ᠪᠤᠯᠤᠨ ᠨᠠᠷᠢᠨ ᠪᠤᠳᠣᠯᠢᠶᠠᠨᠲᠦ ᠴᠢᠨᠠᠷ ᠢ ᠭᠦᠢᠴᠡᠳ ᠲᠠᠨᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠬᠤ ᠪᠠᠷ ᠪᠠᠷᠠᠬᠤ ᠦᠭᠡᠢ᠂ ᠪᠤᠰᠣᠳ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠦ ᠨᠡᠩ ᠴᠢᠬᠤᠯᠠᠴᠢᠯᠠᠵᠦ᠂ ᠬᠦᠩᠭᠡᠨ ᠬᠠᠭᠤᠮᠠᠭᠠᠢ᠂ ᠬᠠᠰᠢ ᠶᠠᠰᠢ ᠪᠠᠷ ᠬᠠᠨᠳᠣᠵᠦ ᠣᠭᠲᠦ ᠪᠤᠯᠬᠤ ᠦᠭᠡᠢ᠃ ᠣᠳᠣᠷᠢᠳᠣᠯᠭ᠎ᠠ ᠪᠠᠨ ᠴᠢᠩᠭᠠᠳᠬᠠᠵᠦ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠦ᠂ ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠤᠭᠲᠠᠴᠠ ᠶᠢ ᠦᠷᠬᠦᠯᠵᠢᠯᠡᠨ ᠲᠠᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠳᠡᠢ᠃      ᠬᠤᠶᠠᠷ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠪᠠ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠴᠢᠩᠭᠠᠳᠬᠠᠬᠤ ᠬᠡᠷᠡᠭᠲᠡᠢ᠃ ᠣᠯᠠᠨ ᠵᠦᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠬᠠᠨᠳᠣᠯᠭᠠᠲᠦ ᠴᠢᠨᠠᠷᠲᠠᠶ ᠪᠠᠷ ᠥᠷᠨᠢᠭᠦᠯᠵᠦ᠂ ᠠᠷᠢᠭᠤᠨ ᠴᠡᠪᠡᠷ ᠢ ᠡᠷᠬᠢᠮᠯᠡᠬᠦ᠂ ᠮᠠᠭᠤ ᠳᠠᠳᠬᠠᠯ ᠢ ᠲᠠᠪᠴᠢᠬᠦ ᠶᠢ ᠢᠳᠡᠪᠬᠢᠳᠡᠢ ᠰᠠᠨᠠᠭᠠᠴᠢᠯᠠᠵᠦ᠂ ᠳᠤᠷ᠎ᠠ ᠪᠠᠷ ᠬᠠᠶᠠᠬᠤ᠂ ᠳᠤᠷ᠎ᠠ ᠪᠠᠷ ᠨᠤᠯᠮᠤᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠪᠠᠨ ᠲᠠᠶᠠᠭᠳᠠᠬᠤ ᠬᠡᠷᠡᠭᠳᠡᠢ᠃ ᠣᠯᠠᠨ ᠲᠦᠮᠡᠨ ᠳᠤ ᠡᠷᠡᠭᠦᠯ ᠮᠡᠨᠳᠦ ᠶᠢᠨ ᠮᠡᠳᠡᠯᠭᠡ ᠶᠢ ᠭᠦᠨᠵᠡᠭᠡᠢ ᠣᠶᠢᠯᠠᠭᠠᠭᠤᠯᠵᠤ᠂ ᠰᠡᠷᠭᠡᠶᠢᠯᠡᠨ ᠬᠠᠮᠠᠭᠠᠯᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠣ᠂ ᠭᠠᠷ ᠢᠶᠠᠨ ᠦᠷᠬᠦᠯᠵᠢ ᠣᠬᠢᠶᠠᠵᠦ᠂ ᠴᠡᠪᠡᠷ ᠠᠭᠠᠷ ᠨᠡᠪᠲᠡᠷᠡᠭᠦᠯᠬᠦ᠂ ᠠᠷᠢᠭᠤᠨ ᠴᠡᠪᠡᠷ ᠢ ᠡᠷᠬᠢᠮᠯᠡᠬᠦ ᠰᠠᠶᠢᠨ ᠳᠠᠳᠬᠠᠯ ᠢ ᠪᠣᠢ ᠪᠣᠯᠭᠠᠵᠣ᠂ ᠨᠠᠶᠢᠷ ᠴᠤᠭᠯᠠᠭᠠᠨ ᠳᠤ ᠪᠠᠭ᠎ᠠ ᠣᠷᠣᠯᠴᠠᠬᠤ᠂ ᠨᠡᠶᠢᠲᠡ ᠶᠢᠨ ᠮᠠᠰᠢᠨ ᠳᠤ ᠰᠠᠭᠤᠬᠤ ᠪᠤᠶᠤ ᠬᠥᠮᠦᠨ ᠬᠠᠷ᠎ᠠ ᠣᠯᠠᠨ ᠴᠤᠭᠯᠠᠷᠠᠬᠤ ᠭᠠᠵᠠᠷ ᠲᠠᠯᠠᠪᠤᠷ ᠲᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠮᠠᠪᠴᠢ ᠵᠡᠭᠦᠵᠦ᠂ ᠠᠮᠢᠲᠠᠨ ︵ᠢᠯᠠᠩᠭᠤᠶ᠎ᠠ ᠬᠡᠭᠡᠷ᠎ᠡ ᠶᠢᠨ ᠠᠮᠢᠲᠠᠨ︶᠂ ᠵᠢᠭᠦᠷᠲᠡᠨ ᠤ ᠲᠥᠷᠥᠯ ᠪᠤᠶᠤ ᠢᠯᠭᠠᠳᠠᠰᠦ ᠲᠠᠢ ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠶ᠃ ᠠᠷᠠᠳ ᠣᠯᠠᠨ ᠤ ᠡᠷᠡᠭᠦᠯ ᠬᠠᠮᠠᠭᠠᠯᠠᠯ ᠢ ᠡᠷᠬᠢᠮᠯᠡᠵᠦ ᠡᠪᠡᠳᠴᠢᠨ ᠡᠮᠭᠡᠭ ᠢ ᠰᠡᠷᠭᠡᠶᠢᠯᠡᠬᠦ ᠦᠵᠡᠯ ᠤᠬᠠᠮᠰᠠᠷ ᠪᠣᠯᠤᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠥᠮᠦᠨ ᠪᠦᠬᠦᠨ ᠡᠷᠡᠭᠦᠯ ᠮᠡᠨᠳᠦ ᠶᠢ ᠠᠩᠬᠠᠷᠴᠤ᠂ ᠬᠥᠮᠦᠨ ᠪᠦᠬᠦᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠢ  ᠦᠢᠯᠡᠳᠦᠯᠭᠡᠵᠢᠭᠦᠯᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃      ᠭᠤᠷᠪᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠳᠡᠯᠭᠡᠷ ᠦᠷᠭᠦᠯᠵᠢᠯᠡᠨ ᠦᠷᠨᠢᠭᠦᠯᠬᠦ ᠬᠡᠷᠡᠭᠳᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠳ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷ ᠲᠡᠭᠰᠢ ᠪᠠᠶᠢᠯᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠵᠠᠷ ᠳᠣᠣᠷᠠᠬᠢ ᠥᠷᠥᠭᠡ᠂ ᠠᠰᠠᠷ ᠤᠨ ᠱᠠᠲᠤ ᠶᠢᠨ ᠥᠩᠭᠡᠷᠡᠬᠦ ᠵᠠᠮ᠂ ᠪᠣᠬᠢᠷ ᠤᠰᠤᠨ ᠤ ᠬᠤᠭᠤᠯᠠᠢ ᠬᠤᠳᠳᠤᠭ᠂ ᠴᠡᠴᠡᠭ ᠤᠨ ᠬᠦᠯᠡᠮᠵᠢ ᠵᠡᠷᠭᠡ ᠪᠠᠲᠠᠭᠠᠨ᠎ᠠ ᠢᠯᠠᠭ᠎ᠠ ᠶᠢᠨ ᠣᠷᠣᠰᠢᠨ ᠠᠮᠢᠳᠤᠷᠠᠬᠤ ᠣᠷᠴᠢᠨ ᠢ ᠲᠦᠢᠯᠪᠤᠷᠢᠲᠠᠶ ᠴᠡᠪᠡᠷᠯᠡᠵᠦ᠂ ᠡᠷᠦᠬᠡ ᠭᠡᠷ ᠪᠣᠯᠤᠨ ᠠᠵᠢᠯᠯᠠᠭᠠᠨ ᠤ ᠭᠠᠵᠠᠷ ᠲᠠᠯᠠᠪᠤᠷ ᠢ ᠲᠤᠶᠢᠯᠪᠤᠷᠢᠲᠠᠢ ᠱᠦᠭᠦᠷᠳᠡᠨ ᠴᠡᠪᠡᠷᠯᠡᠵᠦ᠂ ᠦᠨᠴᠦᠭ ᠪᠤᠯᠤᠩ ᠬᠦᠷᠲᠡᠯ᠎ᠡ ᠲᠤᠤᠱᠲᠠᠢ ᠴᠡᠪᠡᠷᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠤᠨ᠂ ᠡᠪᠡᠳᠴᠢᠨ ᠢ  ᠬᠤᠯᠪᠤᠭᠠᠯᠠᠨ ᠰᠡᠷᠭᠡᠶᠢᠯᠡᠬᠦ᠂ ᠡᠷᠡᠭᠦᠯ ᠮᠡᠨᠳᠦ ᠶᠢ ᠠᠬᠢᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠨᠠᠮᠤᠷ ᠡᠪᠦᠯ ᠤᠨ ᠤᠯᠠᠷᠢᠯ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠪᠠᠶᠢᠳᠠᠯ ᠵᠢᠴᠢ ᠲᠤᠰ ᠭᠠᠵᠠᠷ ᠣᠷᠣᠨ ᠤ ᠪᠠᠲᠠᠭᠠᠨ᠎ᠠ ᠢᠯᠠᠭ᠎ᠠ᠂ ᠬᠤᠯᠤᠭᠠᠨ᠎ᠠ ᠶᠢᠨ ᠲᠥᠷᠥᠯ ᠵᠡᠷᠭᠡ ᠭᠤᠤᠯ ᠡᠪᠡᠳᠴᠢᠨ ᠤ ᠵᠠᠭᠤᠴᠢ ᠪᠤᠯᠬᠤ ᠠᠮᠢᠳᠤ ᠪᠣᠳᠠᠰ ᠤᠨ ᠲᠥᠷᠥᠯ ᠵᠦᠢᠯ᠂ ᠲᠠᠷᠬᠠᠯᠲᠠ ᠪᠣᠯᠤᠨ ᠨᠢᠭᠲᠠᠴᠠ ᠶᠢᠨ ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ ᠂ ᠣᠷᠴᠢᠨ ᠲᠣᠭᠤᠷᠢᠨ ᠢ ᠵᠠᠰᠠᠬᠤ ᠪᠠᠷ ᠭᠤᠣᠯ ᠪᠤᠯᠭᠠᠵᠦ᠂ ᠬᠢᠮᠢ ᠶᠢᠨ ᠰᠡᠷᠭᠡᠶᠢᠯᠡᠯᠲᠡ ᠪᠠᠷ ᠬᠠᠪᠰᠤᠷᠤᠮᠵᠢ ᠪᠣᠯᠭᠠᠬᠤ ᠠᠷᠭ᠎ᠠ ᠠᠪᠴᠠᠯ ᠢᠶᠠᠷ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠪᠠᠲᠠᠭᠠᠨ᠎ᠠ ᠢᠯᠠᠭ᠎ᠠ ᠬᠤᠯᠤᠭᠠᠨ᠎ᠠ  ᠶᠢᠨ ᠲᠦᠷᠦᠯ ᠢ ᠤᠰᠠᠳᠬᠠᠬᠤ ᠵᠡᠷᠭᠡ ︽ᠳᠥᠷᠪᠡᠨ ᠬᠤᠤᠷᠲᠠᠨ ᠢ ᠠᠷᠢᠯᠭᠠᠬᠤ︾ ᠠᠵᠢᠯᠯᠠᠭ᠎ᠠ ᠶᠢ ᠬᠠᠨᠳᠣᠯᠭᠠᠲᠦ ᠴᠢᠨᠠᠷᠲᠠᠶ ᠪᠠᠷ ᠥᠷᠨᠢᠭᠦᠯᠵᠦ᠂ ᠡᠪᠦᠯ ᠤᠨ ᠪᠠᠲᠠᠭᠠᠨ᠎ᠠ᠂ ᠪᠠᠲᠠᠭᠠᠨ᠎ᠠ ᠶᠢᠨ ᠦᠨᠳᠡᠭᠡᠪᠴᠢ ᠵᠢᠴᠢ ᠬᠤᠯᠤᠭᠠᠨ᠎ᠠ ᠵᠡᠷᠭᠡ ᠶᠢ ᠠᠷᠢᠯᠭᠠᠨ᠂ ᠡᠪᠡᠳᠴᠢᠨ ᠤ ᠵᠠᠭᠤᠴᠢ ᠶᠢᠨ ᠠᠮᠢᠳᠤ ᠪᠣᠳᠠᠰ ᠢ ᠰᠡᠷᠭᠡᠶᠢᠯᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃      ᠳᠥᠷᠪᠡ᠂ ᠡᠷᠲᠡ ᠠᠴᠠ ᠰᠤᠳᠤᠯᠤᠨ ᠮᠠᠭᠠᠳᠯᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠳᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ ᠤᠳ ᠨᠤᠷᠤ ᠸᠢᠷᠦ᠋ᠰ ᠠᠴᠠ ᠬᠠᠯᠳᠠᠪᠤᠷᠢᠯᠠᠭᠰᠠᠨ ᠰᠠᠭᠤᠯᠭᠠᠬᠤ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ ᠢ ᠣᠯᠵᠤ ᠮᠡᠳᠡᠪᠡᠯ᠂ ᠲᠡᠷᠡ ᠳᠠᠷᠤᠢ ᠳᠤᠨᠢ ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ᠂ ᠬᠥᠮᠦᠨ ᠤ ᠣᠶᠢᠷᠠᠳᠬᠤ ᠬᠡᠪᠴᠢᠶ᠎ᠡ ᠶᠢ ᠥᠷᠭᠡᠳᠬᠡᠵᠦ ᠪᠣᠯᠬᠤ ᠥᠬᠡᠶ᠂ ᠪᠠᠶᠢᠭᠤᠯᠭ᠎ᠠ ᠨᠢᠭᠡᠴᠡ ᠶᠢᠨ ᠤᠳᠤᠷᠢᠳᠤᠯᠭ᠎ᠠ ᠠᠴᠠ ᠡᠪᠡᠳᠴᠢᠯᠡᠵᠦ ᠬᠢᠴᠢᠶᠡᠯ ᠰᠠᠭᠠᠲᠠᠭᠰᠠᠨ ᠰᠣᠷᠣᠭᠴᠢ᠂ ᠡᠪᠡᠳᠴᠢᠯᠡᠵᠦ ᠴᠢᠯᠥᠭᠡ ᠠᠪᠤᠭᠰᠠᠨ ᠠᠵᠢᠯᠲᠠᠨ ᠠᠵᠢᠯᠴᠢᠨ ᠢ ᠴᠠᠭ ᠲᠤᠬᠠᠶ ᠳᠤᠨᠢ ᠳᠠᠩᠰᠠᠯᠠᠬᠤ᠂ ᠮᠦᠷᠳᠡᠨ ᠠᠰᠠᠭᠤᠬᠤ᠂  ᠮᠡᠳᠡᠭᠦᠯᠬᠦ ᠠᠵᠢᠯ ᠢ ᠰᠠᠶᠢᠲᠤᠷ ᠬᠢᠵᠦ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠮᠡᠳᠡᠭᠦᠯᠵᠦ᠂ ︽ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠲᠤᠰᠠᠭᠠᠷᠯᠠᠵᠤ᠂ ᠡᠷᠲᠡ ᠣᠨᠣᠰᠢᠯᠠᠵᠤ᠂ ᠡᠷᠲᠡ ᠡᠮᠨᠡᠨ ᠵᠠᠰᠠᠵᠤ︾᠂ ᠬᠢᠵᠢᠭ ᠬᠠᠯᠳᠠᠪᠤᠷᠢᠯᠠᠨ ᠣᠷᠣᠵᠤ ᠢᠷᠡᠬᠦ᠂ ᠳᠠᠷᠬᠠᠨ ᠳᠡᠯᠭᠡᠷᠡᠬᠦ ᠶᠢ ᠰᠡᠷᠭᠡᠶᠢᠯᠡᠵᠦ᠂ ᠡᠪᠡᠳᠴᠢᠨ ᠡᠮᠭᠡᠭ ᠬᠠᠯᠳᠠᠪᠤᠷᠢᠯᠠᠬᠤ ᠶᠢ ᠬᠤᠷᠢᠭᠯᠠᠬᠤ ᠬᠡᠷᠡᠭᠲᠡᠶ᠃      ᠲᠠᠪᠤ᠂ ᠬᠥᠮᠦᠨ ᠬᠠᠷ᠎ᠠ ᠴᠣᠭᠯᠠᠷᠠᠳᠠᠭ ᠭᠠᠵᠠᠷ ᠲᠠᠯᠠᠪᠤᠷ ᠤᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠶ᠃ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠣᠴᠢᠳ ᠤᠨ ᠪᠠᠭᠤᠳᠠᠯ ᠵᠡᠷᠭᠡ ᠬᠥᠮᠦᠨ ᠬᠠᠷ᠎ᠠ ᠲᠥᠪᠯᠡᠷᠡᠭᠰᠡᠨ ᠭᠠᠵᠠᠷ ᠲᠠᠯᠠᠪᠤᠷ ᠤᠨ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠳᠡᠯᠭᠡᠷᠡᠭᠰᠡᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠯᠤᠭᠤᠳᠤᠯᠭ᠎ᠠ ᠪᠤᠶᠤ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠲᠤ ᠪᠠᠷ ᠨᠠᠶᠢᠳᠠᠪᠤᠷᠢᠵᠢᠭᠤᠯᠬᠤ ᠬᠡᠷᠡᠭᠳᠡᠢ᠃                ᠡᠭᠦᠨ ᠤ ᠲᠤᠯᠠ ᠮᠡᠳᠡᠭᠳᠡᠪᠠ                                                                                                          2020 ᠣᠨ ᠤ 11 ᠰᠠᠷ᠎ᠠ ᠶᠢᠨ 9  ᠤ ᠡᠳᠦᠷ                  ︵ᠲᠣᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶          
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号