ᠡᠸᠡᠩᠬᠢ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠳᠡᠰ ᠪᠦᠬᠦ ᠣᠷᠤᠨ ᠤ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠲᠤᠭᠤᠰᠢᠯᠠᠭᠤᠯᠬᠤ ᠰᠣᠷᠤᠯᠴᠠᠯᠭ᠎ᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/2/4
      2 ᠰᠠᠷ᠎ᠠ ᠶᠢᠨ 1 ᠤ ᠡᠳᠦᠷ᠂ ᠡᠸᠡᠩᠬᠢ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠤᠨᠲ ᠤᠨ ᠬᠡᠯᠳᠡᠰ ᠪᠦᠬᠦ ᠣᠷᠤᠨ ᠤ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠶᠢ ᠣᠯᠠᠮᠵᠢᠯᠠᠨ ᠲᠤᠭᠤᠰᠢᠯᠠᠭᠤᠯᠬᠤ ᠰᠣᠷᠤᠯᠴᠠᠯᠭ᠎ᠠ ᠶᠢᠨ ᠬᠤᠷᠠᠯ ᠬᠤᠷᠠᠯᠳᠣᠭᠤᠯᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠰᠣᠶᠤᠯᠮ᠎ᠠ ᠬᠤᠷᠠᠯ ᠡᠷᠬᠢᠯᠡᠨ ᠶᠠᠷᠢᠶ᠎ᠠ ᠲᠠᠯᠪᠢᠵᠦ᠂ ᠬᠡᠯᠳᠡᠰ ᠤᠨ ᠪᠠᠶᠢᠭᠤᠯᠭ᠎ᠠ ᠶᠢᠨ ᠪᠦᠬᠦ ᠺᠠᠳ᠋ᠷᠴᠦᠳ ᠬᠤᠷᠠᠯ ᠳᠤ ᠣᠷᠤᠯᠴᠠᠪᠠ᠃       ᠰᠣᠶᠣᠯᠮ᠎ᠠ ᠴᠢᠬᠤᠯᠠᠴᠢᠯᠠᠭᠰᠠᠨ ᠨᠢ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠨᠢ 2021 ᠣᠨ ᠤ ᠨᠢᠭᠡᠳᠦᠮᠡᠯ ᠹᠷᠣᠨᠲ ᠤᠨ ᠠᠵᠢᠯ ᠤᠨ ᠴᠢᠭᠯᠡᠯ ᠢ ᠲᠣᠳᠣᠷᠬᠠᠢ ᠵᠢᠭᠠᠵᠤ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠪᠦᠬᠦ ᠬᠤᠰᠢᠭᠤᠨ ᠤ ᠨᠢᠭᠡᠳᠦᠮᠡᠯ ᠹᠷᠣᠨᠲ ᠤᠨ ᠬᠢᠨ ᠰᠢᠨ᠎ᠡ ᠪᠠᠶᠢᠳᠠᠯ ᠳᠣᠣᠷᠠᠬᠢ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠡᠭᠦᠷᠭᠡᠲᠦ ᠪᠤᠳᠤᠯ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠣᠬᠠᠮᠰᠠᠷ ᠠᠴᠠ  ᠪᠠᠨ ᠬᠤᠷᠠᠯ ᠤᠨ ᠡᠯ᠎ᠡ ᠵᠦᠢᠯ ᠤᠨ ᠱᠠᠭᠠᠷᠳᠠᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠤᠰᠢᠭᠤᠨ ᠤ ᠨᠢᠭᠡᠳᠦᠮᠡᠯ ᠹᠷᠣᠨᠲ ᠲᠤ ᠦᠨᠳᠦᠰᠦᠯᠡᠨ ᠰᠣᠶᠣᠭᠠᠯᠠᠵᠤ ᠴᠡᠴᠡᠭᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ︽ᠬᠥᠮᠦᠰ ᠤᠨ ᠰᠡᠳᠬᠢᠯ ᠢ ᠨᠢᠭᠲᠠᠷᠠᠭᠤᠯᠬᠤ︾ ᠡᠨᠡ ᠬᠦ ᠭᠤᠤᠯ ᠠᠭᠤᠯᠭ᠎ᠠ ᠶᠢᠨ ᠲᠤᠭᠤᠷᠢᠨ ᠳᠤ᠂ ᠦᠵᠡᠯ ᠰᠠᠨᠠᠭ᠎ᠠ ᠤᠯᠤᠰ ᠲᠦᠷᠦ ᠶᠢᠨ ᠬᠦᠳᠦᠯᠥᠨ ᠳᠠᠭᠠᠭᠤᠯᠬᠤ ᠡᠨᠡ ᠬᠦ ᠭᠤᠣᠯ ᠰᠢᠵᠢᠮ ᠢ ᠲᠤᠪᠤᠶᠢᠯᠭᠠᠵᠤ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠢ᠃ ᠪᠦᠬᠦ ᠬᠤᠰᠢᠭᠤᠨ ᠤ ᠭᠤᠣᠯ ᠠᠵᠢᠯ ᠤᠨ ᠲᠣᠭᠤᠷᠢᠨ ᠳᠤ᠂ ᠨᠢᠭᠡᠳᠦᠮᠡᠯ ᠹᠷᠣᠨᠲ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠭᠠᠷᠳᠠᠬᠤ ᠴᠡᠭ᠂ ᠤᠶᠠᠯᠳᠤᠯ ᠴᠡᠭ᠂ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠥᠷᠭᠡᠨ ᠤᠯᠠᠨ ᠨᠢᠭᠡᠳᠦᠮᠡᠯ ᠹᠷᠣᠨᠲ ᠤᠨ ᠪᠦᠷᠢᠯᠳᠦᠬᠦᠨ ᠢ ᠢᠳᠡᠪᠬᠢᠲᠡᠢ ᠬᠦᠳᠦᠯᠦᠨ ᠵᠢᠯᠣᠭᠤᠳᠴᠤ ᠡᠸᠡᠩᠬᠢ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠠᠷᠭ᠎ᠠ ᠪᠤᠳᠣᠯᠭ᠎ᠠ ᠳᠠᠪᠰᠢᠭᠦᠯᠵᠦ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠠᠵᠢᠯ ᠤᠨ ᠠᠷᠭ᠎ᠠ ᠪᠠᠨ ᠬᠠᠯᠠᠨ ᠰᠠᠶᠢᠵᠢᠷᠠᠭᠤᠯᠵᠤ᠂ ᠴᠢᠳᠠᠪᠤᠷᠢ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠬᠦᠴᠦᠯᠡᠨ ᠴᠢᠷᠮᠠᠶᠢᠵᠤ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠠᠶᠠᠷᠯᠠᠨ ᠪᠡᠯᠭᠡᠯᠡᠬᠦ ᠬᠡᠷᠡᠭᠲᠡᠶ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09002379号