ᠨᠢᠳᠤᠨᠤᠨ ᠵᠢᠯ ᠡᠸᠡᠩᠬᠢ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠲᠤᠭᠳᠠᠮᠠᠯ ᠬᠥᠷᠤᠩᠭᠡ ᠶᠢᠨ ᠪᠠᠯᠠ ᠤᠷᠤᠭᠤᠯᠤᠯᠳᠠ ᠶᠢᠨ ᠨᠡᠮᠡᠭᠳᠠᠯ ᠤᠨ ᠬᠤᠷᠳᠤᠴᠠ ᠪᠥᠬᠦ ᠬᠤᠳᠠ ᠳᠤ ᠲᠦᠷᠦᠭᠦᠯᠡᠪᠡ ᠪᠥᠬᠦ ᠬᠤᠳᠠ ᠶᠢᠨ ᠨᠡᠮᠡᠭᠳᠠᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 43.9 ᠬᠤᠪᠢ ᠶᠢᠨ ᠴᠡᠭ ᠥᠨᠳᠤᠷ ᠪᠤᠯᠵᠠᠢ
ᠨᠡᠶᠢᠲᠡᠯᠡᠭᠰᠡᠨ ᠴᠠᠭ᠄
2021/3/5
    ᠠᠵᠤ ᠤᠢᠢᠯᠡᠳᠪᠤᠷᠢ ᠪᠤᠯᠤᠨ ᠭᠡᠷ ᠭᠠᠵᠠᠷ ᠬᠥᠷᠤᠩᠭᠡ ᠶᠢᠨ ᠨᠡᠭᠡᠭᠡᠯᠳᠠ ᠶᠢᠨ ᠪᠠᠯᠠ ᠤᠷᠤᠭᠤᠯᠤᠯᠳᠠ ᠶᠢᠨ ᠲᠥᠷᠤᠯ ᠵᠦᠢᠯ ᠤᠨ ᠲᠠᠶᠢᠴᠢᠯᠠᠯᠳᠠ ᠪᠠᠷ᠂ ᠡᠸᠡᠩᠬᠢ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠲᠤᠭᠳᠠᠮᠠᠯ ᠬᠥᠷᠤᠩᠭᠡ ᠶᠢᠨ ᠪᠠᠯᠠ ᠤᠷᠤᠭᠤᠯᠤᠯᠳᠠ ᠨᠢᠳᠤᠨᠤᠨ ᠵᠢᠯ ᠤᠨ 6 ᠰᠠᠷ᠎ᠠ ᠠᠴᠠ ᠨᠠᠭᠠᠰᠢ ᠰᠦᠷᠭᠡᠦ ᠪᠠᠶᠢᠳᠠᠯ ᠳᠤ ᠨᠡᠮᠡᠭᠳᠡᠨ᠂ ᠪᠠᠯᠠ ᠤᠷᠤᠭᠤᠯᠤᠯᠳᠠ ᠶᠢᠨ ᠶᠠᠷᠤᠩᠭᠡᠢ ᠭᠡᠮᠵᠢᠶ᠎ᠠ ᠪᠤᠯᠤᠨ ᠨᠡᠮᠡᠭᠳᠠᠯ ᠤᠨ ᠬᠤᠷᠳᠤᠴᠠ ᠲᠡᠭᠡᠳᠤ ᠬᠤᠷᠳᠤᠴᠠᠳᠤ ᠨᠡᠮᠡᠭᠳᠠᠯ ᠢ ᠪᠠᠳᠤᠯᠠᠵᠤ᠂ ᠨᠡᠮᠡᠭᠳᠠᠯ ᠤᠨ ᠬᠤᠷᠳᠤᠴᠠ ᠪᠠᠷ ᠪᠥᠬᠦ ᠬᠤᠳᠠ ᠳᠤ ᠲᠦᠷᠦᠬᠦᠯᠡᠨ᠂ ᠪᠥᠬᠦ ᠬᠤᠳᠠ ᠶᠢᠨ ᠨᠡᠮᠡᠭᠳᠠᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 43.9 ᠬᠤᠪᠢ ᠶᠢᠨ ᠴᠡᠭ ᠥᠨᠳᠤᠷ ᠪᠤᠯᠵᠠᠢ᠃       ᠤᠢᠢᠯᠠᠭᠠᠭᠰᠠᠨ ᠢᠶᠠᠷ᠂ ᠨᠢᠳᠤᠨᠤᠨ ᠵᠢᠯ ᠡᠸᠡᠩᠬᠢ ᠬᠤᠰᠢᠭᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠲᠤᠭᠳᠠᠮᠠᠯ ᠬᠥᠷᠤᠩᠭᠡ ᠶᠢᠨ ᠪᠠᠯᠠ ᠤᠷᠤᠭᠤᠯᠤᠯᠳᠠ ᠶᠢ 190709 ᠲᠥᠮᠠᠨ ᠲᠥᠬᠦᠷᠢᠭ ᠪᠠᠶᠠᠯᠡᠬᠦᠯᠵᠤ᠂ ᠤᠷᠵᠢᠨᠤᠨ ᠤ ᠠᠳᠠᠯᠢ ᠬᠤᠭᠤᠴᠠᠭᠠᠨ ᠤ ᠬᠢ ᠠᠴᠠ 45.4% ᠪᠠᠷ ᠨᠡᠮᠡᠭᠳᠠᠵᠠᠢ᠃ ᠡᠬᠦᠨ ᠳᠤ ᠲᠥᠷᠤᠯ ᠵᠦᠢᠯ ᠤᠨ ᠪᠠᠯᠠ ᠤᠷᠤᠭᠤᠯᠤᠯᠳᠠ 135328 ᠲᠥᠮᠠᠨ ᠲᠥᠬᠦᠷᠢᠭ ᠢ ᠪᠠᠶᠠᠯᠡᠬᠦᠯᠵᠤ᠂ ᠤᠷᠵᠢᠨᠤᠨ ᠤ ᠠᠳᠠᠯᠢ ᠬᠤᠭᠤᠴᠠᠭᠠᠨ ᠤ ᠬᠢ ᠠᠴᠠ 28.6% ᠪᠠᠷ ᠨᠡᠮᠡᠭᠳᠡᠵᠡᠢ︔ ᠭᠡᠷ ᠭᠠᠵᠠᠷ ᠬᠥᠷᠤᠩᠭᠡ ᠶᠢᠨ ᠨᠡᠭᠡᠭᠡᠯᠳᠠ ᠶᠢᠨ ᠪᠠᠯᠠ ᠤᠷᠤᠭᠤᠯᠤᠯᠳᠠ 55381 ᠲᠥᠮᠠᠨ ᠲᠥᠬᠦᠷᠢᠭ ᠢ ᠪᠠᠶᠠᠯᠡᠬᠦᠯᠵᠤ᠂ ᠤᠷᠵᠢᠨᠤᠨ ᠤ ᠠᠳᠠᠯᠢ ᠬᠤᠭᠤᠴᠠᠭᠠᠨ ᠤ ᠬᠢ ᠠᠴᠠ 114% ᠪᠠᠷ ᠨᠡᠮᠡᠭᠳᠠᠵᠠᠢ᠃ 5000 ᠲᠥᠮᠠᠨ ᠲᠥᠬᠦᠷᠢᠭ ᠠᠴᠠ ᠲᠡᠭᠡᠭᠰᠢ ᠪᠠᠯᠠ ᠤᠷᠤᠭᠤᠯᠬᠤ ᠪᠠᠷ ᠲᠥᠯᠤᠪᠯᠡᠭᠰᠠᠨ ᠲᠥᠷᠤᠯ ᠵᠦᠢᠯ ᠪᠤᠯ ᠲᠤᠭᠳᠠᠮᠠᠯ ᠬᠥᠷᠤᠩᠭᠡ ᠶᠢᠨ ᠪᠠᠯᠠ ᠤᠷᠤᠭᠤᠯᠤᠯᠳᠠ ᠶᠢᠨ ᠨᠡᠮᠡᠭᠳᠠᠯ ᠢ ᠲᠠᠶᠢᠴᠢᠯᠠᠬᠤ ᠭᠤᠤᠯ ᠬᠦᠳᠡᠯᠭᠡᠬᠦ ᠬᠥᠴᠤᠨ ᠪᠤᠯᠤᠨ᠎ᠠ᠃ ᠲᠤᠰ ᠬᠤᠰᠢᠭᠤᠨ ᠳᠤ 5000 ᠲᠥᠮᠠᠨ ᠲᠥᠬᠦᠷᠢᠭ ᠠᠴᠠ ᠲᠡᠭᠡᠭᠰᠢᠬᠢ ᠪᠠᠷᠢᠯᠭ᠎ᠠ ᠶᠢᠨ ᠲᠥᠷᠤᠯ ᠵᠦᠢᠯ 11 ᠪᠠᠶᠢᠵᠤ᠂ ᠪᠥᠬᠦ ᠪᠠᠷᠢᠯᠭ᠎ᠠ ᠶᠢᠨ ᠲᠥᠷᠤᠯ ᠵᠦᠢᠯ ᠤᠨ 33.3% ᠶᠢ ᠡᠵᠠᠯᠠᠨ᠎ᠠ︔ ᠪᠥᠬᠦ ᠵᠢᠯ ᠳᠤ ᠲᠤᠭᠳᠠᠮᠠᠯ ᠬᠥᠷᠤᠩᠭᠡ ᠶᠢᠨ ᠪᠠᠯᠠ ᠤᠷᠤᠭᠤᠯᠤᠯᠳᠠ ᠶᠢ 105015 ᠲᠥᠮᠠᠨ ᠲᠥᠬᠦᠷᠢᠭ ᠪᠠᠶᠠᠯᠡᠬᠦᠯᠵᠤ᠂ ᠤᠷᠵᠢᠨᠤᠨ ᠤ ᠠᠳᠠᠯᠢ ᠬᠤᠭᠤᠴᠠᠭᠠᠨ ᠤ ᠬᠢ ᠠᠴᠠ 84% ᠪᠠᠷ ᠨᠡᠮᠡᠭᠳᠠᠨ᠂ ᠪᠥᠬᠦ ᠪᠠᠯᠠ ᠤᠷᠤᠭᠤᠯᠤᠯᠳᠠ ᠶᠢᠨ 55.1% ᠶᠢ ᠡᠵᠠᠯᠠᠪᠠ᠃ ᠭᠡᠷ ᠭᠠᠵᠠᠷ ᠬᠥᠷᠤᠩᠭᠡ ᠶᠢᠨ ᠨᠡᠭᠡᠭᠡᠯᠳᠠ ᠶᠢᠨ ᠲᠠᠶᠢᠴᠢᠯᠠᠯᠳᠠ ᠪᠠᠷ ᠠᠷᠠᠳ ᠤᠨ ᠪᠠᠯᠠ ᠤᠷᠤᠭᠤᠯᠤᠯᠳᠠ ᠲᠡᠭᠡᠳᠤ ᠬᠤᠷᠳᠤᠴᠠᠳᠤ ᠨᠡᠮᠡᠭᠳᠠᠯ ᠢ ᠪᠠᠳᠤᠯᠠᠵᠠᠢ᠃ ᠪᠥᠬᠦ ᠬᠤᠰᠢᠭᠤᠨ ᠤ ᠠᠷᠠᠳ ᠤᠨ ᠪᠠᠯᠠ ᠤᠷᠤᠭᠤᠯᠤᠯᠳᠠ 57878 ᠲᠥᠮᠠᠨ ᠲᠥᠬᠦᠷᠢᠭ ᠢ ᠪᠠᠶᠠᠯᠡᠬᠦᠯᠵᠤ᠂ ᠤᠷᠵᠢᠨᠤᠨ ᠤ ᠠᠳᠠᠯᠢ ᠬᠤᠭᠤᠴᠠᠭᠠᠨ ᠤ ᠬᠢ ᠠᠴᠠ 77.9% ᠪᠠᠷ ᠨᠡᠮᠡᠭᠳᠠᠵᠠᠢ᠃ ᠠᠵᠢᠯ ᠲᠥᠷᠤᠯ ᠤᠨ ᠲᠠᠷᠬᠠᠯᠳᠠ ᠠᠴᠠ ᠥᠵᠠᠪᠠᠯ᠂ ᠭᠤᠤᠯᠳᠠᠭᠤ ᠤᠢᠢᠯᠡᠳᠬᠦ ᠤᠢᠢᠯᠡᠰ ᠪᠤᠯᠤᠨ ᠭᠡᠷ ᠭᠠᠵᠠᠷ ᠬᠥᠷᠤᠩᠭᠡ ᠶᠢᠨ ᠠᠵᠤ ᠤᠢᠢᠯᠡᠰ ᠲᠤ ᠲᠥᠪᠯᠠᠷᠠᠵᠤ᠂ ᠲᠤᠰ ᠲᠤᠰ 2497 ᠲᠥᠮᠠᠨ ᠲᠥᠬᠦᠷᠢᠭ ᠪᠤᠯᠤᠨ 55381 ᠲᠥᠮᠠᠨ ᠲᠥᠬᠦᠷᠢᠭ ᠢ ᠪᠠᠶᠠᠯᠡᠬᠦᠯᠪᠠ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号