ᠲᠦᠯᠦᠭᠡᠯᠡᠭᠴᠢ ᠰᠦᠯᠳᠡ᠄ ᠵᠠᠰᠠᠭ ᠤᠨ ᠤᠷᠳᠤᠨ ᠤ ᠲᠠᠮᠵᠢᠯᠭᠡ ᠶᠢ ᠰᠠᠶᠢᠳᠤᠷ ᠠᠰᠢᠭᠯᠠᠵᠤ ᠮᠠᠯᠵᠢᠬᠤ ᠤᠷᠤᠨ ᠤ ᠤᠳᠤᠬᠢᠴᠢᠯᠠᠯᠳᠠ ᠶᠢ ᠪᠠᠶᠠᠯᠡᠬᠦᠯᠬᠦ ᠳᠤ ᠦᠢᠯᠡᠴᠢᠯᠡᠨ᠎ᠠ
ᠨᠡᠶᠢᠲᠡᠯᠡᠭᠰᠡᠨ ᠴᠠᠭ᠄
2021/3/9
     2021 ᠤᠨ ᠤ ᠬᠤᠳᠠ ᠶᠢᠨ ︽ᠬᠤᠶᠠᠷ ᠬᠤᠷᠠᠯ︾ ᠬᠤᠷᠠᠯᠳᠤᠵᠤ ᠪᠠᠶᠢᠬᠤ ᠲᠠᠰᠢᠷᠠᠮ ᠢᠶᠠᠷ᠂ ᠬᠤᠳᠠ ᠶᠢᠨ ᠠᠷᠠᠳ ᠤᠨ ᠲᠥᠯᠤᠭᠡᠯᠡᠭᠴᠢ᠂ ᠬᠠᠭᠤᠴᠢᠨ ᠪᠠᠷᠭᠤ ᠬᠤᠰᠢᠭᠤᠨ ᠤ ᠡᠸᠡᠩᠬᠢ ᠥᠨᠳᠤᠰᠤᠳᠠᠨ ᠤ ᠰᠤᠮᠤ ᠶᠢᠨ ᠬᠠᠵᠢ ᠭᠠᠴᠠᠭᠠᠨ ᠤ ᠨᠠᠮ ᠤᠨ ᠡᠬᠦᠷ ᠤᠨ ᠱᠥᠵᠢ᠂ ᠭᠠᠴᠠᠭᠠᠨ ᠲᠠᠷᠤᠭ᠎ᠠ ᠰᠥᠯᠳᠠ ᠶᠢᠨ ︽ᠬᠤᠶᠠᠷ ᠬᠤᠷᠠᠯ︾ ᠳᠤ ᠲᠠᠪᠰᠢᠬᠦᠯᠬᠦ ᠪᠠᠷ ᠪᠡᠯᠡᠳᠭᠡᠭᠰᠠᠨ ᠰᠠᠨᠠᠯ ᠵᠥᠪᠯᠡᠯᠭᠡ ᠪᠤᠯᠤᠨ ᠬᠠᠮᠤᠭ ᠤᠨ ᠥᠨᠳᠤᠰᠤᠨ ᠱᠠᠳᠤᠨ ᠤ ᠨᠠᠮ ᠤᠨ ᠡᠬᠦᠷ ᠤᠨ ᠱᠥᠵᠢ ᠪᠤᠯᠤᠭᠰᠠᠨ ᠤ ᠬᠤᠪᠢ ᠳᠤ ᠰᠢᠨ᠎ᠠ ᠴᠠᠭ ᠥᠶ᠎ᠠ ᠶᠢᠨ ᠰᠢᠨ᠎ᠠ ᠠᠶᠠᠨ ᠳᠤ ᠮᠠᠯᠴᠢᠳ ᠢᠶᠠᠨ ᠭᠡᠷᠬᠢᠨ ᠲᠠᠶᠢᠴᠢᠯᠠᠨ ᠲᠠᠭᠠᠭᠤᠯᠵᠤ ᠮᠠᠯᠵᠢᠬᠤ ᠤᠷᠤᠨ ᠤ ᠤᠳᠤᠬᠢᠴᠢᠯᠠᠯᠳᠠ ᠶᠢ ᠪᠠᠶᠠᠯᠡᠬᠦᠯᠬᠦ ᠳᠤ ᠭᠡᠷᠬᠢᠨ ᠤᠢᠢᠯᠡᠴᠢᠯᠡᠬᠦ ᠲᠤᠬᠠᠢ ᠥᠵᠠᠯ ᠪᠤᠳᠤᠯ ᠢ ᠨᠢ ᠤᠩᠰᠢᠭᠴᠢ ᠲᠥᠮᠠᠨ ᠲᠠᠢ ᠪᠠᠨ ᠬᠤᠪᠢᠶᠠᠯᠴᠠᠬᠤ ᠪᠠᠷ ᠪᠤᠯᠤᠯ᠎ᠠ᠃
     
     ᠰᠦᠯᠳᠡ ᠪᠤᠯ ᠬᠤᠳᠠ ᠶᠢᠨ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠲᠥᠷᠪᠠᠳᠤᠭᠡᠷ ᠬᠤᠭᠤᠴᠠᠭᠠᠨ ᠤ ᠠᠷᠠᠳ ᠤᠨ ᠲᠥᠯᠤᠭᠡᠯᠡᠭᠴᠢ ᠪᠠᠶᠢᠵᠤ᠂ ᠥᠡᠭᠭᠡᠷᠡᠭᠰᠠᠨ ᠵᠢᠯ ᠤᠳ ᠲᠤ ᠮᠠᠯᠴᠢᠳ ᠤᠨ ᠥᠨᠳᠤᠷ ᠬᠥᠤ ᠲᠠᠢ ᠵᠢᠭᠡᠯᠡᠯᠭᠡ ᠶᠢ ᠭᠡᠷᠬᠢᠨ ᠰᠢᠢᠳᠪᠤᠷᠢᠯᠡᠬᠦ ᠲᠤᠬᠠᠢ ᠰᠠᠨᠠᠯ ᠵᠥᠪᠯᠡᠯᠭᠡ ᠪᠠᠨ ᠲᠠᠪᠰᠢᠬᠦᠯᠵᠤ ᠪᠠᠶᠠᠯᠠᠯ ᠢᠶᠠᠨ ᠤᠯᠵᠤ ᠪᠠᠶᠢᠭᠰᠠᠨ ᠪᠤᠯ ᠥᠨᠤ ᠵᠢᠯ ᠲᠠᠷᠠ ᠮᠠᠯᠵᠢᠬᠤ ᠤᠷᠤᠨ ᠢ ᠭᠡᠷᠬᠢᠨ ᠪᠠᠶᠢᠡᠭᠭᠤ ᠶᠢᠨ ᠴᠠᠬᠢᠯᠭᠠᠨ ᠲᠠᠢ ᠪᠤᠯᠭᠠᠬᠤ᠂ ᠮᠠᠯᠴᠢᠳ ᠤᠨ ᠡᠳᠤᠷ ᠲᠤᠳᠤᠮ ᠤᠨ ᠤᠢᠢᠯᠡᠳᠪᠤᠷᠢᠯᠠᠯ ᠠᠮᠢᠳᠤᠷᠠᠯ ᠤᠨ ᠬᠤᠭ ᠨᠤᠪᠰᠢ ᠶᠢ ᠭᠡᠷᠬᠢᠨ ᠰᠢᠢᠳᠪᠤᠷᠢᠯᠡᠬᠦ᠂ ᠬᠤᠯᠤᠭᠠᠨ᠎ᠠ ᠶᠢᠨ ᠭᠠᠮᠰᠢᠭ ᠢ ᠭᠡᠷᠬᠢᠨ ᠰᠡᠷᠭᠡᠶᠢᠯᠠᠨ ᠤᠰᠠᠳᠬᠠᠬᠤ ᠵᠡᠷᠭᠡ ᠭᠤᠷᠪᠠᠨ ᠲᠠᠯ᠎ᠠ ᠶᠢᠨ ᠰᠠᠨᠠᠯ ᠵᠥᠪᠯᠡᠯᠭᠡ ᠪᠠᠨ ᠬᠠᠭᠤᠴᠢᠨ ᠪᠠᠷᠭᠤ ᠬᠤᠰᠢᠭᠤᠨ ᠤ ᠲᠥᠯᠤᠭᠡᠯᠡᠭᠴᠢᠳ ᠤᠨ ᠪᠥᠯᠬᠦᠮ ᠤᠨ ᠲᠤᠭᠤᠢᠢᠯᠠᠩ ᠤᠨ ᠶᠠᠷᠢᠯᠴᠠᠭ᠎ᠠ ᠳᠤ ᠲᠠᠪᠰᠢᠬᠦᠯᠥᠭᠰᠠᠨ ᠪᠠᠶᠢᠯ᠎ᠠ᠃      ᠲᠠᠬᠦᠨ ᠤ ᠥᠵᠡᠬᠦ ᠪᠠᠷ᠂ ᠨᠢᠭᠡ ᠳᠤ ᠮᠠᠯᠵᠢᠬᠤ ᠤᠷᠤᠨ ᠳᠤ ᠨᠠᠷᠠ ᠰᠠᠯᠬᠢᠨ ᠢ ᠬᠠᠷᠢᠯᠴᠠᠨ ᠨᠥᠬᠦᠪᠤᠷᠢᠯᠡᠬᠦ ᠴᠠᠬᠢᠯᠭᠠᠨ ᠢ ᠭᠡᠷᠡᠭᠯᠠᠵᠤ ᠪᠠᠶᠢᠭ᠎ᠠ ᠴᠤ ᠲᠠᠷᠠ ᠨᠢ ᠤᠷᠳᠤ ᠬᠤᠭᠤᠴᠠᠭᠠᠨ ᠤ ᠴᠠᠬᠢᠯᠭᠠᠨ ᠢ ᠬᠠᠨᠭ᠍ᠭᠠᠬᠤ ᠳᠤ ᠪᠠᠷᠭᠡ ᠲᠠᠢ᠂ ᠵᠢᠱᠢᠶᠠᠯᠠᠪᠠᠯ ᠬᠤᠳᠳᠤᠭ ᠠᠴᠠ ᠤᠰᠤ ᠭᠠᠷᠭᠠᠬᠤ ᠵᠡᠷᠭᠡ ᠳᠤ ᠤᠳᠤᠬᠠᠨ ᠳᠤ ᠮᠥᠨ ᠴᠢᠶ᠋ᠢᠤ ᠪᠤᠶᠦ ᠴᠠᠶᠢᠶ᠋ᠢᠤ ᠲᠤᠰᠤᠨ ᠤ ᠮᠠᠰᠢᠨ ᠢ ᠭᠡᠷᠡᠭᠯᠠᠵᠤ ᠪᠠᠶᠢᠭ᠎ᠠ᠂ ᠴᠠᠬᠢᠯᠭᠠᠨ ᠭᠠᠷᠭᠠᠬᠤ ᠮᠠᠰᠢᠨ ᠤ ᠴᠡᠨᠡᠭ ᠢ ᠴᠤ 2 — 3 ᠵᠢᠯ ᠳᠤ ᠨᠢᠭᠡ ᠤᠳᠠᠭ᠎ᠠ ᠰᠤᠯᠢᠳᠠᠭ ᠠᠴᠠ ᠮᠠᠯᠴᠢᠳ ᠤᠨ ᠴᠠᠬᠢᠯᠭᠠᠨ ᠠᠴᠠ ᠪᠤᠯᠤᠭᠰᠠᠨ ᠵᠠᠷᠤᠯᠭ᠎ᠠ ᠪᠠᠶᠢᠡᠭᠭᠤ ᠶᠢᠨ ᠴᠠᠬᠢᠯᠭᠠᠨ ᠭᠡᠷᠡᠭᠯᠡᠬᠦ ᠠᠴᠠ ᠬᠤᠯᠠ ᠢᠯᠡᠬᠦᠤ ᠭᠡᠳᠡᠭ ᠢ ᠤᠯᠵᠤ ᠮᠡᠳᠡᠵᠠᠢ᠃ ᠭᠡᠳᠠᠯ᠎ᠠ ᠪᠠᠶᠢᠡᠭᠭᠤ ᠶᠢᠨ ᠴᠠᠬᠢᠯᠭᠠᠨ ᠤᠷᠤᠭᠤᠯᠬᠤ ᠨᠢ ᠬᠦᠳᠡᠭᠡ ᠨᠤᠳᠤᠭ ᠲᠤ ᠴᠠᠬᠢᠯᠭᠠᠨ ᠪᠠᠭᠠᠨ᠎ᠠ ᠰᠥᠯᠵᠢᠯᠳᠤᠵᠤ ᠠᠭᠤᠳᠠᠮ ᠰᠠᠷᠠᠭᠤᠯ ᠲᠠᠯ᠎ᠠ ᠨᠤᠳᠤᠭ ᠤᠨ ᠥᠡᠭᠭᠡ ᠥᠵᠠᠮᠵᠢ ᠶᠢ ᠬᠠᠷᠰᠢᠯᠠᠬᠤ᠂ ᠲᠠᠷᠠᠬᠠᠢ ᠪᠤᠳᠠᠷᠬᠠᠢ ᠰᠠᠭᠤᠷᠢᠰᠢᠯ ᠲᠠᠢ ᠮᠠᠯᠵᠢᠬᠤ ᠤᠷᠤᠨ ᠳᠤ ᠠᠪᠴᠤ ᠭᠡᠯᠠᠪᠠᠯ ᠪᠠᠶᠢᠡᠭᠭᠤ ᠶᠢᠨ ᠴᠠᠬᠢᠯᠭᠠᠨ ᠤᠷᠤᠭᠤᠯᠬᠤ ᠳᠤ ᠴᠤ ᠶᠡᠭᠡ ᠪᠠᠯᠠ ᠮᠥᠡᠭᠬᠦ ᠭᠡᠷᠡᠭᠰᠡᠬᠦ ᠵᠡᠷᠭᠡ ᠤᠯᠠᠨ ᠲᠠᠯ᠎ᠠ ᠶᠢᠨ ᠲᠥᠪᠡᠭ  ᠲᠠᠢ ᠠᠰᠠᠭᠤᠳᠠᠯ ᠤᠳ ᠤᠷᠤᠰᠢᠵᠤ ᠪᠠᠶᠢᠬᠤ ᠶᠢ ᠰᠠᠷᠠᠵᠤ ᠮᠡᠳᠡᠭᠰᠠᠨ ᠪᠠᠶᠢᠨ᠎ᠠ᠃ ᠬᠤᠶᠠᠷ ᠲᠤ ᠮᠠᠯᠴᠢᠳ ᠤᠨ ᠮᠠᠯ ᠤᠨ ᠥᠬᠦᠳᠠᠯ᠂ ᠡᠳᠤᠷ ᠲᠤᠳᠤᠮ ᠤᠨ ᠭᠡᠷᠡᠭᠯᠡᠭᠡᠨ ᠤ ᠬᠤᠭ ᠨᠤᠪᠰᠢ ᠶᠢ ᠰᠢᠢᠳᠪᠤᠷᠢᠯᠡᠬᠦ ᠳᠤ ᠭᠠᠴᠠᠭᠠᠨ ᠳᠤ ᠲᠤᠰᠬᠠᠢ ᠬᠤᠭ ᠨᠤᠪᠰᠢ ᠰᠢᠢᠳᠪᠤᠷᠢᠯᠡᠬᠦ ᠭᠠᠵᠠᠷ ᠭᠠᠷᠭᠠᠨ ᠰᠢᠨᠵᠢᠯᠡᠬᠦ ᠤᠬᠠᠭᠠᠨᠴᠢ ᠪᠠᠷ ᠬᠤᠭ ᠨᠤᠪᠰᠢ ᠶᠢ ᠰᠢᠢᠳᠪᠤᠷᠢᠯᠡᠬᠦ ᠲᠤᠰᠬᠠᠢ ᠮᠠᠰᠢᠨ ᠲᠥᠬᠦᠭᠡᠷᠤᠮᠵᠢ ᠲᠤᠬᠢᠷᠠᠭᠤᠯᠤᠨ ᠥᠭᠬᠦ ᠪᠤᠶᠤ ᠪᠤᠰᠤᠳ ᠰᠢᠢᠳᠪᠤᠷᠢᠯᠡᠬᠦ ᠠᠷᠭ᠎ᠠ ᠶᠢ ᠰᠢᠨᠵᠢᠯᠠᠨ ᠰᠤᠳᠤᠯᠵᠤ ᠥᠭᠪᠠᠯ ᠨᠡᠩ ᠰᠠᠶᠢᠨ ᠭᠡᠵᠤ ᠶᠠᠷᠢᠵᠤ ᠪᠠᠶᠢᠯ᠎ᠠ᠃ ᠲᠠᠷᠠ ᠪᠠᠰᠠ ᠮᠠᠯᠴᠢᠳ ᠴᠠᠭᠠᠨ ᠥᠡᠭᠭᠡ ᠶᠢᠨ ᠬᠤᠭ ᠨᠤᠪᠰᠢ ᠪᠤᠶᠤ ᠡᠳᠤᠷ ᠲᠤᠳᠤᠮ ᠤᠨ ᠭᠡᠷᠡᠭᠯᠡᠭᠡᠨ ᠤ ᠬᠤᠭ ᠨᠤᠪᠰᠢ ᠪᠠᠨ ᠬᠤᠰᠢᠭᠤᠨ ᠤ ᠬᠤᠭ ᠨᠤᠪᠰᠢ ᠰᠢᠢᠳᠪᠤᠷᠢᠯᠡᠬᠦ ᠭᠠᠵᠠᠷ ᠲᠡᠭᠡᠭᠡᠨ ᠠᠪᠠᠴᠢᠵᠤ ᠰᠢᠢᠳᠪᠤᠷᠢᠯᠠᠵᠤ ᠪᠤᠢ ᠭᠡᠵᠤ ᠮᠠᠯᠴᠢᠳ ᠤᠨ ᠠᠮᠢ ᠠᠬᠤᠢ ᠪᠠᠨ ᠬᠠᠮᠠᠭᠠᠯᠠᠬᠤ ᠥᠵᠠᠯ ᠤᠬᠠᠮᠰᠠᠷ ᠤᠨ ᠲᠡᠭᠡᠭᠰᠢᠯᠠᠯᠳᠠ ᠶᠢ ᠴᠤ ᠲᠤᠷᠠᠳᠴᠤ ᠪᠠᠶᠢᠯ᠎ᠠ᠃ ᠭᠤᠷᠪᠠ ᠳᠤ ᠬᠤᠯᠤᠭᠠᠨ᠎ᠠ ᠶᠢᠨ ᠭᠠᠮᠰᠢᠭ ᠢ ᠭᠡᠷᠬᠢᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠠᠵᠤ᠂ ᠮᠠᠯᠴᠢᠳ ᠤᠨ ᠪᠠᠯᠴᠢᠭᠡᠷ ᠨᠤᠳᠤᠭ᠂ ᠤᠢᠢᠯᠡᠳᠪᠤᠷᠢᠯᠠᠯ ᠠᠮᠢᠳᠤᠷᠠᠯ ᠳᠤ ᠬᠠᠷᠰᠢ ᠪᠤᠯᠬᠤ ᠥᠭᠡᠢ ᠪᠠᠶᠢᠬᠤ ᠶᠢ ᠪᠠᠳᠤᠯᠠᠨ᠂ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠲᠤᠬᠠᠢ ᠶᠢᠨ ᠭᠠᠵᠠᠷ ᠲᠤᠨᠢ ᠬᠥᠷᠴᠤ ᠪᠠᠶᠢᠴᠠᠭᠠᠨ ᠰᠤᠳᠤᠯᠤᠯᠳᠠ ᠬᠢᠵᠤ ᠵᠤᠬᠢᠰᠳᠠᠢ ᠠᠷᠭ᠎ᠠ ᠪᠤᠳᠤᠯᠭ᠎ᠠ ᠠᠪᠬᠤ ᠲᠤᠬᠠᠢ ᠰᠠᠨᠠᠭᠠᠴᠢᠯᠠᠭᠰᠠᠨ ᠪᠠᠶᠢᠨ᠎ᠠ᠃ ᠲᠠᠬᠦᠨ ᠤ ᠡᠳᠡᠭᠡᠷ ᠲᠤᠷᠠᠳᠤᠭᠰᠠᠨ ᠰᠠᠨᠠᠯ ᠵᠥᠪᠯᠡᠯᠭᠡ ᠨᠢ ᠵᠠᠰᠠᠭ ᠤᠨ ᠤᠷᠳᠤᠨ ᠤ ᠲᠠᠮᠵᠢᠯᠭᠡ ᠠᠴᠠ ᠰᠠᠯᠵᠤ ᠴᠢᠳᠠᠰᠢ ᠥᠭᠡᠢ ᠮᠥᠷᠳᠡᠭᠡᠨ ᠮᠠᠯᠵᠢᠬᠤ ᠤᠷᠤᠨ ᠤ ᠤᠳᠤᠬᠢᠴᠢᠯᠠᠯᠳᠠ ᠶᠢ ᠪᠠᠶᠠᠯᠡᠬᠦᠯᠬᠦ ᠳᠤ ᠴᠤ ᠲᠤᠯᠭᠠᠮ᠎ᠠ ᠱᠠᠭᠠᠷᠳᠠᠭᠳᠠᠵᠤ ᠪᠠᠶᠢᠭ᠎ᠠ ᠵᠦᠢᠯ ᠭᠡᠳᠡᠭ ᠢᠶᠠᠨ ᠲᠠᠬᠢᠨ ᠲᠠᠬᠢᠨ ᠶᠠᠷᠢᠵᠤ ᠪᠠᠶᠢᠯ᠎ᠠ᠃    ᠬᠠᠮᠤᠭ ᠤᠨ ᠥᠨᠳᠤᠰᠤᠨ ᠱᠠᠳᠤᠨ ᠤ ᠠᠷᠠᠳ ᠤᠨ ᠲᠥᠯᠤᠭᠡᠯᠡᠭᠴᠢ ᠰᠥᠯᠳᠠ ᠰᠤᠷᠪᠤᠯᠵᠢᠯᠠᠭᠴᠢ ᠳᠤ᠄ ︽ᠰᠢᠨ᠎ᠠ ᠬᠥᠳᠡᠭᠡ ᠲᠤᠰᠬᠤᠨ ᠰᠢᠨ᠎ᠠ ᠮᠠᠯᠵᠢᠬᠤ ᠤᠷᠤᠨ ᠤ ᠤᠳᠤᠬᠢᠴᠢᠯᠠᠯᠳᠠ ᠶᠢ ᠪᠠᠶᠠᠯᠡᠬᠦᠯᠬᠦ ᠳᠤ ᠶᠠᠭᠤᠨ ᠤ ᠤᠷᠢᠳ ᠮᠠᠯᠴᠢᠳ ᠤᠨ ᠥᠵᠠᠯ ᠤᠬᠠᠮᠰᠠᠷ ᠢ ᠠᠯᠬᠤᠮ ᠴᠢᠨᠠᠭᠰᠢᠳᠠ ᠲᠡᠭᠡᠭᠰᠢᠯᠡᠬᠦᠯᠵᠤ᠂ ᠭᠠᠴᠠᠭᠠᠨ ᠤ ᠮᠠᠯᠴᠢᠳ ᠢᠶᠠᠨ ᠲᠠᠶᠢᠴᠢᠯᠠᠨ ᠲᠠᠭᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠥᠷ᠎ᠠ ᠪᠥᠳᠤᠮᠵᠢ ᠶᠢ ᠰᠠᠶᠢᠳᠤᠷ ᠪᠠᠬᠢᠵᠢᠬᠦᠯᠵᠤ᠂ ᠬᠥᠳᠡᠭᠡ ᠲᠤᠰᠬᠤᠨ ᠢ ᠬᠥᠭᠵᠢᠬᠦᠯᠤᠨ ᠮᠠᠨᠳᠤᠭᠤᠯᠬᠤ ᠲᠥᠷᠤ ᠶᠢᠨ ᠪᠤᠳᠤᠯᠭ᠎ᠠ ᠲᠠᠢ ᠰᠠᠶᠢᠳᠤᠷ ᠵᠤᠯᠭᠠᠭᠤᠯᠤᠨ᠂ ᠮᠠᠯᠴᠢᠳ ᠤᠨ ᠤᠷᠤᠨ ᠨᠤᠳᠤᠭ ᠤᠨ ᠤᠨᠴᠠᠯᠢᠭᠳᠤ ᠤᠯᠠᠭᠠᠨ ᠢᠳᠡᠭᠡ ᠴᠠᠭᠠᠨ ᠢᠳᠡᠭᠡᠨ ᠤ ᠠᠵᠤ ᠤᠢᠢᠯᠡᠰ ᠢ ᠬᠥᠭᠵᠢᠬᠦᠯᠬᠦ᠂ ᠭᠡᠷ ᠪᠥᠯᠢ ᠶᠢᠨ ᠵᠤᠭᠠᠴᠠᠯ ᠢ ᠡᠷᠬᠢᠯᠡᠬᠦ᠂ ᠨᠠᠶᠢᠳᠠ ᠶᠢᠨ ᠠᠵᠤ ᠠᠬᠤᠢ ᠶᠢ ᠪᠤᠵᠠᠭᠠᠢᠢᠷᠠᠭᠤᠯᠬᠤ ᠵᠡᠷᠭᠡ ᠲᠠᠯ᠎ᠠ ᠶᠢᠨ ᠠᠵᠢᠯ ᠢ ᠰᠠᠶᠢᠳᠤᠷ ᠠᠳᠬᠤᠨ ᠮᠠᠯᠴᠢᠳ ᠤᠨ ᠢᠶᠠᠨ ᠠᠮᠢᠳᠤᠷᠠᠯ ᠢ ᠤᠯᠠᠮ ᠪᠠᠶᠠᠨ ᠴᠢᠨᠡᠭᠡᠯᠢᠭ ᠪᠤᠯᠭᠠᠬᠤ ᠳᠤ ᠬᠥᠴᠤᠨ ᠵᠢᠳᠬᠦᠯ ᠢᠶᠠᠨ ᠡᠷᠬᠦᠨ᠎ᠠ︾ ᠭᠡᠵᠤ ᠲᠠᠷᠠᠭᠠᠴᠢ ᠶᠢᠨ ᠠᠵᠢᠯ ᠤᠨ ᠬᠠᠷᠠᠯᠳᠠ ᠲᠥᠰᠤᠪ ᠢᠶᠠᠨ ᠤᠮᠤᠭ ᠲᠠᠢ ᠢᠯᠡᠳᠭᠡᠵᠤ ᠪᠠᠶᠢᠯ᠎ᠠ᠃                                             ᠰᠤᠷᠪᠤᠯᠵᠢᠯᠠᠭᠴᠢ᠄ ᠰᠡᠩᠭᠡᠭᠠᠷᠪᠤᠤ    
 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号