︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ﹀ ᠠᠵᠢᠯ ᠢ ᠪᠥᠬᠦ ᠲᠠᠯ᠎ᠠ ᠪᠠᠷ ᠶᠠᠪᠤᠭᠳᠠᠭᠤᠯᠬᠤ ᠬᠡᠷᠡᠭᠵᠢᠭᠦᠯᠬᠦ ᠲᠥᠰᠦᠯ︾ ᠤᠨ ᠲᠦᠷᠦ ᠶᠢᠨ ᠪᠤᠳᠤᠯᠭ᠎ᠠ ᠶᠢᠨ ᠲᠣᠪᠴᠢ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/3/9
     ᠨᠢᠭᠡ᠂ ᠶᠠᠭᠤᠨ ᠳᠤ ︽ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠲᠥᠰᠦᠯ ᠢ ᠲᠣᠭᠲᠠᠭᠠᠭᠰᠠᠨ ᠪᠣᠶ︖      ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠯᠬᠤᠮ ᠴᠢᠨᠠᠭᠰᠢᠳᠠ ᠭᠦᠨᠵᠡᠭᠡᠶᠢᠷᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠣᠭᠤᠮᠢ ᠶᠢ ᠪᠦᠲᠦᠮᠵᠢᠲᠡᠶ ᠲᠠᠶᠢᠯᠵᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠢᠭᠡᠳ ᠭᠤᠶᠤᠴᠢᠯᠠᠭᠴᠢ ᠶᠢᠨ ᠬᠤᠭᠤᠷᠣᠨᠳᠣ ᠪᠠᠨ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠵᠦ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠠᠬᠢᠭᠤᠯᠤᠨ᠂ ᠲᠥᠷᠥᠯ ᠵᠦᠢᠯ ᠤᠨ ᠡᠷᠲᠡ ᠵᠦᠢᠯ ᠲᠣᠭᠲᠠᠭᠠᠬᠤ᠂ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠶᠢᠨ ᠳᠦᠯᠦᠬᠡ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ﹀ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃      ᠬᠤᠶᠠᠷ᠂ ᠶᠠᠭᠤ ᠶᠢ ︽ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠭᠡᠬᠦ ᠪᠣᠶ︖     ︽ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠭᠡᠳᠡᠭ ᠨᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠡᠭᠡ ᠲᠢᠩᠬᠢᠮ ᠳᠤ ᠲᠦᠰᠢᠭᠯᠡᠨ᠂ ᠣᠷᠣᠯᠠᠨ ᠭᠦᠢᠴᠡᠳᠬᠡᠭᠴᠢ ᠠᠴᠠ ᠭᠤᠤᠯᠳᠠᠯᠭ᠎ᠠ ᠲᠠᠢ ᠲᠥᠷᠥᠯ ᠵᠦᠢᠯ ᠤᠨ ᠭᠤᠶᠤᠴᠢᠯᠠᠭᠴᠢ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠬᠤ᠂ ᠵᠣᠬᠢᠴᠠᠭᠤᠯᠤᠨ ᠠᠬᠢᠭᠤᠯᠬᠤ᠂ ᠬᠠᠮᠵᠢᠯᠴᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠵᠡᠷᠭᠡ ᠲᠥᠯᠥᠪᠦᠷᠢ ᠥᠬᠡᠶ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ︽ᠠᠵᠤ ᠠᠬᠤᠶᠢᠯᠠᠯ ᠤᠨ ᠭᠦᠶᠦᠬᠦ︾ ᠶᠢ ︽ᠵᠠᠰᠠᠭ ᠤᠨ ᠣᠷᠳᠣᠨ ᠤ ᠭᠦᠶᠦᠬᠦ︾ ᠪᠣᠯᠭᠠᠨ ᠬᠤᠪᠢᠷᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠬᠡᠨ ᠤ ᠴᠢᠳᠠᠮᠵᠢ ᠶᠢ ᠳᠡᠭᠡᠭᠰᠢᠯᠡᠭᠦᠯᠦᠨ᠂ ᠲᠥᠷᠥᠯ ᠵᠦᠢᠯ ᠢ ᠡᠷᠲᠡ ᠵᠦᠢᠯ ᠲᠣᠭᠲᠠᠭᠠᠬᠤ᠂ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃      ᠭᠤᠷᠪᠠ᠂ ᠶᠠᠮᠠᠷ ᠭᠠᠵᠠᠷ ᠣᠷᠣᠨ ᠳᠤ ︽ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠶᠢ ᠥᠷᠨᠢᠭᠦᠯᠬᠦ ᠪᠣᠶ︖      ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ︵ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠪᠠᠭᠲᠠᠨ᠎ᠠ ᠲᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠬᠡᠷᠡᠭᠵᠢᠭᠦᠯᠦᠨ᠎ᠡ᠃      ᠲᠦᠷᠪᠡ᠂ ᠪᠣᠳᠠᠲᠠᠶ ᠪᠠᠷ ᠶᠠᠮᠠᠷ ᠵᠦᠢᠯᠡᠰ ᠢ ᠣᠷᠣᠯᠠᠨ ᠭᠦᠢᠴᠡᠳᠬᠡᠬᠦ ᠪᠠ ᠬᠠᠪᠰᠤᠷᠤᠨ ᠭᠦᠢᠴᠡᠳᠬᠡᠬᠦ ᠪᠤᠢ︖      ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠲᠠᠢ ᠪᠡᠯᠡ ᠤᠷᠤᠭᠤᠯᠤᠯᠲᠠ ᠶᠢᠨ ᠪᠦᠲᠦᠬᠡᠨ ᠪᠠᠶᠢᠭᠤᠯᠤᠯᠳᠠ ᠶᠢᠨ ᠲᠦᠷᠦᠯ ᠵᠦᠢᠯ︔ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠴᠢᠬᠤᠯᠠ ᠶᠡᠭᠡ ᠲᠦᠷᠦᠯ ᠵᠦᠢᠯ︔ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠤᠯᠤᠰ ᠠᠴᠠ ᠵᠣᠷᠢᠭᠵᠢᠭᠤᠯᠬᠤ ᠲᠦᠷᠦᠯ ᠵᠡᠷᠭᠡ ᠶᠢᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠃     ᠲᠠᠪᠤ᠂ ᠬᠡᠷᠬᠢᠨ ︽ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠠᠵᠢᠯ ᠢ ᠶᠠᠪᠤᠭᠳᠠᠭᠤᠯᠵᠤ ᠬᠡᠷᠡᠭᠵᠢᠬᠦᠯᠬᠦ ᠪᠣᠶ︖      ᠨᠢᠭᠡ ᠳᠤ ᠴᠠᠭ ᠤᠨ ᠬᠦᠰᠦᠨᠦᠭᠲᠦ ᠶᠢ ᠲᠣᠳᠣᠷᠬᠠᠶᠢᠯᠠᠨ᠎ᠠ᠃ 2021 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠤᠨ ᠬᠢᠨ ︽ᠲᠠᠨ ᠢ ᠬᠠᠪᠰᠤᠷᠤᠨ ᠭᠦᠢᠴᠡᠳᠬᠡᠬᠦ︾ ᠴᠤᠩᠬᠤᠪᠴᠢ ᠪᠠ ᠰᠦᠯᠵᠢᠶᠡᠨ ᠳᠠᠬᠢ ᠲᠤᠰᠬᠠᠶ ᠪᠤᠯᠤᠩ ᠭᠠᠷᠭᠠᠬᠤ ᠶᠢ ᠳᠠᠭᠤᠰᠬᠠᠵᠤ᠂ ᠲᠤᠰᠬᠠᠶ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠵᠢᠴᠢ ᠴᠤᠪᠤᠷᠠᠯ ᠢ ᠨᠠᠷᠢᠯᠢᠬᠵᠢᠭᠤᠯᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠨ᠎ᠡ᠃ 2021 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠥᠬᠦ ᠣᠷᠣᠨ ᠳᠤ ︽ᠭᠤᠯᠳᠤ ᠪᠠᠷ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ ᠮᠥᠴᠢᠷ ᠬᠠᠮᠵᠢᠯᠴᠠᠬᠤ︾ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠤᠨ ᠲᠤᠭᠲᠠᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃     ᠬᠤᠶᠠᠷ ᠲᠤ ᠠᠵᠢᠯ ᠤᠨ ᠠᠷᠭ᠎ᠠ ᠠᠪᠴᠠᠯ ᠢᠶᠠᠨ ᠨᠠᠷᠢᠯᠢᠬᠵᠢᠭᠤᠯᠤᠨ᠎ᠠ᠃ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠲᠤᠭᠲᠠᠭᠠᠬᠤ᠂ ᠨᠡᠶᠢᠲᠡᠯᠡᠬᠦ ᠵᠦᠢᠯᠡᠰ ᠢ ᠡᠮᠬᠢᠳᠬᠡᠬᠦ᠂ ᠲᠤᠰᠬᠠᠶ ᠮᠡᠷᠭᠡᠵᠢᠯ ᠤᠨ ᠡᠩᠨᠡᠭᠡ ᠵᠣᠬᠢᠶᠠᠨ ᠪᠠᠶᠢᠭᠤᠯᠬᠤ᠂ ᠦᠢᠯᠡᠴᠢᠯᠡᠬᠡᠨ ᠤ ᠠᠷᠭ᠎ᠠ ᠮᠠᠶ᠋ᠢᠭ ᠢ ᠥᠷᠭᠡᠳᠬᠡᠬᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠬᠤ᠂ ᠨᠢᠭᠡᠳᠦᠯᠲᠡᠶ ᠲᠥᠯᠥᠪᠯᠡᠨ ᠵᠤᠬᠢᠴᠠᠭᠤᠯᠤᠨ ᠭᠦᠢᠴᠡᠳᠬᠡᠬᠦ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠷᠠᠭᠤᠯᠬᠤ ᠵᠡᠷᠭᠡ ᠠᠷᠭ᠎ᠠ ᠠᠪᠴᠠᠯ ᠢᠶᠠᠷ ᠳᠠᠮᠵᠢᠭᠤᠯᠤᠨ᠂ ︽ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠶᠠᠪᠤᠭᠳᠠᠭᠤᠯᠤᠨ᠎ᠠ᠃     ᠵᠢᠷᠭᠤᠭ᠎ᠠ᠂ ︽ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠨᠢ ᠶᠠᠮᠠᠷ ᠭᠢᠯᠠᠰ ᠴᠡᠭ ᠪᠠ ᠦᠪᠡᠷᠮᠢᠴᠡ ᠣᠨᠴᠠᠯᠢᠭ ᠲᠠᠢ ᠪᠣᠶ︖     ᠨᠢᠭᠡ ᠳᠤ ᠭᠤᠣᠯᠳᠠᠯᠭ᠎ᠠ ᠳᠤᠪᠤᠶᠢᠮ᠎ᠠ᠂ ᠬᠠᠨᠳᠤᠯᠭᠠᠲᠤ ᠴᠢᠨᠠᠷ ᠢᠶᠠᠷ ᠴᠢᠩᠭ᠎ᠠ᠃ ᠭᠤᠣᠯᠳᠠᠭᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠬᠦᠷᠢᠶ᠎ᠡ ᠴᠠᠷᠠᠭ᠎ᠠ ᠶᠢᠨ ᠲᠤᠭᠤᠷᠢᠨ ᠳᠤ᠂ ᠬᠠᠨᠳᠤᠯᠭᠠᠲᠤ ᠬᠦᠷᠢᠶ᠎ᠡ ᠨᠡᠩ ᠪᠣᠳᠠᠲᠠᠶ᠂ ᠠᠵᠢᠯ ᠤᠨ ᠠᠷᠭ᠎ᠠ ᠠᠪᠴᠠᠯ ᠨᠡᠩ ᠨᠠᠷᠢᠯᠢᠭ ᠨᠡᠩ ᠪᠣᠳᠠᠲᠠᠶ᠂ 12 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃     ᠬᠤᠶᠠᠷ ᠲᠤ ᠠᠷᠭ᠎ᠠ ᠬᠡᠯᠪᠡᠷᠢ ᠡᠯᠪᠡᠭ ᠪᠠᠶᠠᠯᠢᠭ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠨ᠎ᠡ᠃ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠳᠤ ︽ᠱᠠᠲᠤ ᠬᠤᠪᠢᠶᠠᠨ ᠭᠦᠢᠴᠡᠳᠬᠡᠬᠦ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠵᠡᠷᠭᠡ ᠳᠤᠨᠢ ᠶᠠᠪᠤᠭᠳᠠᠭᠤᠯᠬᠤ︾ ᠠᠷᠭ᠎ᠠ ᠬᠡᠯᠪᠡᠷᠢ ᠶᠢ ᠬᠡᠷᠡᠭᠵᠢᠭᠦᠯᠦᠨ᠎ᠡ᠃ ᠰᠦᠯᠵᠢᠶᠡᠨ ᠭᠠᠳᠠᠨ᠎ᠠ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠦᠰᠢᠭᠯᠡᠨ ︽ᠲᠠᠨ ᠢ ᠬᠠᠪᠰᠤᠷᠤᠨ ᠭᠦᠢᠴᠡᠳᠬᠡᠬᠦ︾ ᠴᠤᠩᠬᠤᠪᠴᠢ ᠭᠠᠷᠭᠠᠵᠤ᠂ ᠰᠦᠯᠵᠢᠶᠡᠨ ᠳᠤ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽ᠮᠦᠩᠭᠡ ᠰᠤᠪᠠᠭ︾ ᠰᠢᠯᠵᠢᠮᠡᠯ ᠦᠵᠦᠬᠦᠷ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠲᠦᠰᠢᠭᠯᠡᠨ ︽ᠲᠠᠨ ᠢ ᠬᠠᠪᠰᠤᠷᠤᠨ ᠭᠦᠢᠴᠡᠳᠬᠡᠬᠦ︾ ᠲᠤᠰᠬᠠᠶ ᠪᠤᠯᠤᠩ ᠭᠠᠷᠭᠠᠵᠤ᠂ ᠭᠤᠶᠤᠴᠢᠯᠠᠭᠴᠢ ᠳᠤ ᠠᠰᠠᠭᠤᠨ ᠯᠠᠪᠯᠠᠬᠤ᠂ ᠵᠢᠭᠠᠨ ᠵᠢᠯᠣᠭᠤᠳᠬᠤ᠂ ᠵᠣᠬᠢᠴᠠᠭᠤᠯᠬᠤ ᠪᠠ ᠳᠠᠭᠠᠭᠤᠯᠤᠨ ᠭᠦᠢᠴᠡᠳᠬᠡᠬᠦ ᠵᠡᠷᠭᠡ ᠰᠦᠢᠳᠬᠡᠯ ᠬᠤᠷᠢᠶᠠᠬᠤ ᠥᠬᠡᠶ ᠦᠢᠯᠡᠴᠢᠯᠡᠭᠡ ᠶᠢ ᠪᠥᠬᠦ ᠲᠠᠯ᠎ᠠ ᠪᠠᠷ ᠬᠠᠩᠭᠠᠨ᠎ᠠ᠃     ᠭᠤᠷᠪᠠ ᠳᠤ ᠨᠢᠭᠡᠳᠦᠯᠲᠡᠶ ᠪᠥᠭᠡᠳ ᠵᠢᠷᠤᠮᠵᠢᠭᠤᠨ᠂ ᠪᠠᠷᠢᠮᠵᠢᠶᠠᠵᠢᠭᠤᠯᠤᠯᠲᠠ ᠪᠠᠷ ᠴᠢᠩᠭ᠎ᠠ᠃ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ 22 ᠵᠦᠢᠯᠡᠰ ᠢ ᠨᠢᠭᠡᠳᠦᠯᠲᠡᠢ ᠡᠮᠬᠢᠳᠬᠡᠨ ᠨᠡᠶᠢᠲᠡᠯᠡᠵᠦ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠴᠤᠪᠤᠷᠠᠯ ᠵᠢᠷᠤᠭ ᠤᠨ ᠵᠢᠱᠢᠶ᠎ᠡ ᠦᠵᠡᠭᠦᠯᠬᠦ ᠲᠣᠪᠬᠢᠮᠠᠯ᠂ ᠭᠤᠶᠤᠴᠢᠯᠠᠯ ᠤᠨ ᠬᠦᠰᠦᠨᠦᠭᠲᠦ᠂ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ᠂ ᠠᠮᠠᠯᠠᠯᠲᠠ ᠶᠢᠨ ᠪᠢᠴᠢᠭ᠂ ᠭᠦᠢᠴᠡᠳᠬᠡᠵᠦ ᠳᠠᠭᠤᠰᠬᠠᠬᠤ ᠬᠠᠭᠤᠳᠠᠰᠤ᠂ ᠦᠨᠡᠯᠡᠬᠦ ᠬᠦᠰᠦᠨᠦᠭᠲᠦ᠂ ᠵᠤᠭᠰᠤᠭᠠᠬᠤ ᠬᠠᠭᠤᠳᠠᠰᠤ ᠵᠡᠷᠭᠡ ᠶᠢ ᠪᠢᠴᠢᠭ ᠤᠨ ᠬᠠᠮᠳᠤ ᠳᠠᠷᠤᠮᠠᠯᠯᠠᠨ ᠲᠠᠷᠬᠠᠭᠠᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠶᠢ ᠭᠤᠶᠤᠴᠢᠯᠠᠬᠤ ᠠᠴᠠ ᠠᠪᠤᠭᠠᠳ ᠭᠦᠢᠴᠡᠳᠬᠡᠵᠦ ᠳᠠᠭᠤᠰᠬᠠᠬᠤ ᠬᠦᠷᠲᠡᠯᠡᠬᠢ ᠪᠦᠬᠦ ᠴᠤᠪᠤᠷᠠᠯ ᠳᠤ ᠬᠠᠮᠤᠷᠴᠤ᠂ ᠲᠦᠷᠦᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃  
 
ᠢᠷᠡᠯᠲᠡ᠄ ᠬᠥᠯᠦᠨ ᠪᠥᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号