ᠢᠦᠢ ᠯᠢ ᠰᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠳᠤ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠄ ᠬᠠᠷᠠᠯᠲᠠ ᠪᠠᠨ ᠴᠢᠩᠭ᠎ᠠ ᠤᠨᠢᠯᠠᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/4/1
   3 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ᠂ ᠬᠤᠲᠠ ᠬᠤᠰᠢᠭᠤ ᠬᠤᠶᠠᠷ ᠱᠠᠲᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠵᠡᠷᠭᠡ ᠭᠠᠵᠠᠷ ᠲᠤ ᠭᠦᠨᠵᠡᠭᠡᠶᠢᠷᠡᠨ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᡁᠢ ᠨᠡᠷ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃  
   
    ᠢᠦᠢ ᠯᠢ ᠰᠢᠨ ᠨᠡᠷ ᠤᠷᠢᠳ ᠬᠤᠵᠢᠳ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠤᠳᠠ ᠶᠢᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠦᠪᠯᠡᠯ᠂ ᠬᠤᠳᠠ ᠶᠢᠨ ᠨᠠᠮ ᠤᠨ ᠬᠤᠶᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠪᠣᠯᠤᠨ ᠡᠸᠡᠩᠬᠢ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠬᠦᠷᠴᠦ᠂ ᠮᠠᠲ᠋ᠧᠷᠢᠶᠠᠯ ᠪᠠᠶᠢᠴᠠᠭᠠᠬᠤ᠂ ᠨᠣᠮ ᠤᠨ ᠭᠠᠷᠴᠠᠭ ᠢ ᠦᠵᠡᠬᠦ᠂ ᠠᠬᠢᠴᠠ ᠶᠢ ᠠᠰᠠᠭᠤᠬᠤ᠂ ᠲᠠᠨᠢᠯᠴᠠᠭᠤᠯᠭ᠎ᠠ ᠶᠢ ᠰᠣᠨᠣᠰᠬᠤ᠂ᠬᠤᠪᠢᠰᠬᠠᠯ ᠤᠨ ᠡᠬᠢ ᠪᠠᠶᠠᠯᠢᠭ ᠢ ᠭᠦᠨ ᠠᠭᠤᠳᠠᠯᠬᠤ᠂ ᠤᠬᠠᠭᠤᠯᠭ᠎ᠠ ᠬᠥᠮᠦᠵᠢᠯ ᠤᠨ ᠲᠠᠪᠴᠠᠩ ᠢ ᠰᠠᠶᠢᠲᠤᠷ ᠬᠢᠬᠦ᠂ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠠᠵᠢᠯ ᠤᠨ ᠲᠣᠭᠤᠷᠢᠨ ᠳᠤ ᠠᠵᠢᠯᠲᠠᠳ ᠲᠠᠢ ᠭᠦᠨᠵᠡᠭᠡᠢ ᠰᠠᠨᠠᠯ ᠢᠶᠠᠨ ᠰᠣᠯᠢᠯᠴᠠᠬᠤ ᠶᠢᠨ ᠬᠠᠮᠲᠤ ᠠᠵᠢᠯ ᠥᠷᠨᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ ᠳᠤᠷᠠᠳᠪᠠ᠃      
     
    ᠢᠦᠶ ᠯᠢ ᠰᠢᠨ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠬᠦᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ‌‍ᠲ᠋ᠤᠭᠤᠰᠢᠯᠠᠭᠤᠯᠵᠤ᠂ ᠤᠯᠤᠰ ᠲᠥᠷᠥ ᠶᠢᠨ ᠬᠠᠷᠠᠴᠠ ᠪᠠ ᠬᠠᠷᠠᠭᠠᠰᠤ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠲᠦᠢᠯ ᠤᠨ ᠴᠢᠬᠤᠯᠠ ᠴᠢᠨᠠᠷ ᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠭᠤᠤᠯᠳᠠᠯᠭ᠎ᠠ ᠲᠠᠢ ᠡᠭᠦᠷᠭᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠰᠠᠶᠢᠲᠤᠷ ᠠᠳᠬᠤᠵᠤ᠂ ᠨᠠᠮ ᠤᠨ ᠲᠡᠤᠬᠡ ᠭᠡᠬᠦ ᠡᠨᠡ ᠬᠦ ᠤᠯᠤᠰ ᠲᠥᠷᠥ ᠶᠢᠨ ︽ᠵᠠᠪᠠᠯ ᠰᠤᠷᠬᠤ ᠬᠢᠴᠢᠶᠡᠯ︾ ᠢ ᠦᠨᠡᠨ ᠬᠦ ᠰᠠᠶᠢᠲᠤᠷ ᠰᠤᠷᠴᠤ᠂ ᠲᠡᠤᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ᠂ ᠲᠡᠤᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ᠂ ᠲᠡᠤᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠬᠦ᠂ ᠲᠡᠤᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠭᠦᠯᠬᠦ ᠶᠢ ᠪᠡᠶᠡᠯᠡᠭᠦᠯᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠥᠯᠥᠨ ᠪᠤᠶᠢᠷ ᠲᠤ ᠪᠠᠲᠤᠲᠠᠶ ᠦᠷ᠎ᠡ ᠪᠦᠲᠦᠮᠵᠢ ᠤᠯᠬᠤ ᠶᠢ ᠦᠨᠡᠨ ᠬᠦ  ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃    
   
     ᠢᠦᠢ ᠯᠢ ᠰᠢᠨ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠡᠷᠬᠡᠪᠰᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ ᠬᠠᠷᠭᠤᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠪᠤᠢ ᠪᠦᠬᠦᠢ ︽ᠲᠤᠭᠲᠠᠭᠰᠠᠨ ᠬᠦᠳᠡᠯᠦᠯ︾ ᠤᠨ ᠴᠢᠨᠠᠷ ᠬᠡᠮᠵᠢᠶ᠎ᠡ ᠶᠢ ᠪᠠᠲᠤᠯᠠᠵᠦ᠂ ᠱᠠᠭᠠᠷᠳᠠᠯᠭ᠎ᠠ ᠶᠣᠰᠣᠭᠠᠷ ︽ᠥᠪᠡᠰᠦᠪᠡᠨ ᠰᠣᠩᠭᠤᠬᠤ ᠬᠦᠳᠡᠯᠦᠯ︾ ᠤᠨ ᠰᠢᠨ᠎ᠡ ᠶᠢ ᠡᠭᠦᠳᠬᠦ ᠬᠡᠷᠡᠭᠲᠡᠢ︔ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠬᠠᠮᠲᠤ᠂ ᠲᠤᠷᠰᠢᠯᠭ᠎ᠠ ᠪᠠᠨ ᠳ᠋ᠦᠩᠨᠡᠬᠦ ᠪᠠ ᠳᠤᠲᠠᠭᠤᠳᠠᠯ ᠢᠶᠠᠨ ᠡᠷᠢᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠢ ᠪᠠᠲᠤᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠢ︔ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠦᠭᠰᠡᠨ ᠰᠠᠭᠤᠷᠢᠨ ᠳᠡᠭᠡᠷ᠎ᠡ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠦᠢᠯᠡᠴᠢᠯᠡᠬᠦ ᠡᠲᠡᠭᠡᠳ ᠪᠣᠯᠤᠨ ᠤᠯᠠᠨ ᠲᠦᠮᠡᠨ ᠤ ︽ᠲᠤᠯᠭᠠᠮ᠎ᠠ ᠲᠦᠪᠡᠭᠳᠡᠢ ᠵᠤᠪᠠᠭᠤᠷᠢᠳᠠᠢ ᠬᠦᠰᠡᠵᠦ ᠪᠠᠶᠢᠭ᠎ᠠ︾ ᠠᠰᠠᠭᠤᠳᠠᠯ ᠢ ᠴᠠᠭ ᠲᠤᠬᠠᠢ ᠳᠤᠨᠢ ᠡᠵᠡᠮᠰᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠬᠡᠷᠡᠭᠲᠡᠢ ᠭᠡᠵᠡᠢ᠃  
   
     ᠢᠦᠢ ᠯᠢ ᠰᠢᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠨᠢᠭᠡᠪᠦᠷᠢ ᠨᠢ ᠴᠥᠮ ᠮᠠᠰᠢ ᠴᠢᠬᠤᠯᠠ ᠶᠤᠮ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠷ ᠪᠠᠷᠠᠬᠤ ᠦᠭᠡᠢ ᠪᠠᠰᠠ ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠠᠮᠲᠤ ᠪᠠᠷ ᠤᠷᠤᠭᠰᠢᠯᠠᠵᠤ᠂ ᠰᠤᠷᠤᠯᠴᠠᠯᠭ᠎ᠠ ᠬᠥᠮᠦᠵᠢᠯ ᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ︔ ᠡᠯ᠎ᠡ ᠱᠠᠲᠤᠨ ᠤ ᠪᠠᠶᠢᠴᠠᠭᠠᠵᠤ ᠬᠢᠨᠠᠨ ᠵᠢᠯᠣᠭᠤᠳᠬᠤ ᠶᠢ ᠴᠢᠩᠭᠠᠳᠬᠠᠵᠤ᠂ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂ ᠬᠦᠷᠦᠯᠴᠡᠬᠦ ᠦᠭᠡᠢ ᠲᠠᠯ᠎ᠠ ᠪᠠᠨ ᠴᠠᠭ ᠲᠤᠬᠠᠢ ᠳᠤᠨᠢ ᠵᠢᠭᠠᠨ ᠭᠠᠷᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠵᠢᠷᠤᠮᠵᠢᠯ ᠪᠠ ᠪᠠᠷᠢᠮᠵᠢᠶ᠎ᠠ ᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠢ︔ ᠪᠣᠳᠠᠲᠤ ᠪᠠᠶᠢᠳᠠᠯ ᠳᠤ ᠰᠠᠭᠤᠷᠢᠯᠠᠵᠤ᠂ ᠬᠦᠴᠦᠨ ᠢᠶᠠᠨ ᠲᠠᠰᠤᠷᠠᠯᠲᠠ ᠦᠭᠡᠢ ᠨᠢᠭᠡᠳᠬᠡᠵᠦ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠹᠷᠤᠨᠲ ᠢᠶᠠᠨ ᠥᠷᠭᠡᠳᠬᠡᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号