ᠵᠤᠤ ᠢᠦᠢ ᠯᠢᠨ ᠪᠠᠶᠠᠨᠲᠠᠯ᠎ᠠ ᠰᠢᠶᠠᠩ ᠳᠤ ᠭᠦᠨᠵᠡᠭᠡᠶᠢᠷᠡᠨ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ  ᠤ ᠬᠦᠮᠦᠵᠢᠯ ᠴᠡᠭᠴᠡᠯᠡᠯᠲᠡ ᠶᠢᠨ ᠠᠵᠢᠯ ᠢ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2021/4/6
                   
     3 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢᠨ ᠣᠳᠣᠷᠢᠳᠬᠤ ᠲᠤᠭᠤᠶᠢᠯᠠᠩ ᠤᠨ ᠳᠠᠷᠤᠭ᠎ᠠ ᠵᠤᠤ ᠢᠦᠢ ᠯᠢᠨ ᠪᠠᠶᠠᠨᠳᠠᠯ᠎ᠠ ᠳᠠᠭᠤᠷ ᠦᠨᠳᠦᠰᠦᠳᠡᠨ ᠤ ᠰᠢᠶᠠᠩ ᠤᠨ ᠶᠡᠷᠦᠩᠭᠡᠶᠢᠯᠡᠨ ᠵᠠᠰᠠᠬᠤ ᠲᠦᠪ ᠲᠤ ᠬᠦᠷᠴᠦ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢᠨ ᠠᠵᠢᠯ ᠢ ᠵᠢᠯᠤᠭᠤᠳᠪᠠ᠃       ᠵᠤᠤ ᠢᠦᠢ ᠯᠢᠨ ᠪᠠᠶᠠᠨᠲᠠᠯ᠎ᠠ ᠳᠠᠭᠤᠷ ᠦᠨᠳᠦᠰᠦᠳᠡᠨ ᠤ ᠰᠢᠶᠠᠩ ᠤᠨ ᠶᠠᠷᠦᠩᠭᠡᠶᠢᠯᠡᠨ ᠵᠠᠰᠠᠬᠤ ᠲᠦᠪ ᠤᠨ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢᠨ ᠰᠣᠷᠤᠯᠴᠠᠯᠭ᠎ᠠ ᠶᠢᠨ ᠳᠡᠮᠳᠡᠭᠯᠡᠯ᠂ ᠠᠵᠢᠯ ᠤᠨ ᠳᠠᠩᠰᠠ ᠡᠪᠬᠡᠮᠡᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠪᠠᠶᠠᠨᠲᠠᠯ᠎ᠠ ᠰᠢᠶᠠᠩ ᠤᠨ ᠶᠡᠷᠦᠩᠬᠡᠶᠢᠯᠡᠨ ᠵᠠᠰᠠᠬᠤ ᠲᠦᠪ ᠤᠨ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢᠨ ᠠᠵᠢᠯ ᠢ ᠴᠢᠬᠤᠯᠠᠴᠢᠯᠠᠵᠦ ᠪᠠᠶᠢᠬᠤ᠂ ᠳᠠᠶᠢᠴᠢᠯᠠᠨ ᠪᠠᠶᠢᠷᠢᠯᠠᠭᠤᠯᠵᠦ ᠪᠠᠶᠢᠬᠤ ᠪᠠᠶᠢᠳᠠᠯ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠰᠣᠷᠤᠯᠴᠠᠯᠭ᠎ᠠ ᠶᠢᠨ ᠲᠦᠯᠦᠪᠯᠡᠭᠡ ᠵᠢᠴᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠪᠦᠬᠦ ᠲᠠᠯ᠎ᠠ ᠪᠠᠷ ᠣᠶᠢᠯᠠᠭᠠᠵᠦ᠂ ᠪᠠᠶᠠᠨᠳᠠᠯ᠎ᠠ ᠰᠢᠶᠠᠩ ᠤᠨ ᠶᠡᠷᠦᠩᠭᠡᠶᠢᠯᠡᠨ ᠵᠠᠰᠠᠬᠤ ᠲᠦᠪ ᠤᠨ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠠᠨ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢᠨ ᠠᠵᠢᠯ ᠢ ᠦᠷᠨᠢᠭᠦᠯᠦᠭᠰᠡᠨ ᠪᠠᠶᠢᠳᠠᠯ ᠢᠶᠠᠨ ᠨᠠᠷᠢᠯᠢᠭ ᠮᠡᠳᠡᠭᠦᠯᠪᠡ᠃        
     ᠬᠠᠷᠢᠭᠤ ᠮᠡᠳᠡᠭᠦᠯᠦᠯᠲᠡ ᠶᠢ ᠰᠣᠨᠣᠰᠣᠭᠰᠠᠨ ᠤ ᠳᠠᠷᠠᠭ᠎ᠠ᠂ ᠵᠤᠤ ᠢᠦᠢ ᠯᠢᠨ ᠪᠠᠶᠠᠨᠲᠠᠯ᠎ᠠ ᠰᠢᠶᠠᠩ ᠤᠨ ᠶᠡᠷᠦᠩᠬᠡᠶᠢᠯᠡᠨ ᠵᠠᠰᠠᠬᠤ ᠲᠦᠪ ᠤᠨ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡ ᠶᠢᠨ ᠬᠦᠮᠦᠵᠢᠯ ᠴᠡᠭᠴᠡᠯᠡᠯᠲᠡ  ᠶᠢᠨ ᠠᠵᠢᠯ ᠢ ᠨᠤᠲᠠᠯᠠᠭᠰᠠᠨ ᠪᠦᠬᠡᠳ ᠳᠠᠷᠠᠭᠠᠴᠢ ᠶᠢᠨ ᠠᠯᠬᠤᠮ ᠳᠤ ᠲᠤᠰ ᠠᠵᠢᠯ ᠢ ᠬᠡᠷᠬᠢᠨ ᠵᠢᠷᠤᠮᠵᠢᠭᠤᠯᠵᠦ ᠠᠬᠢᠭᠤᠯᠬᠤ ᠲᠤᠬᠠᠢ  ᠨᠠᠷᠢᠨ ᠨᠢᠮᠪᠠᠶ ᠵᠢᠭᠠᠨ ᠵᠢᠯᠣᠭᠤᠳᠪᠠ᠃ ᠵᠤᠤ ᠢᠦᠢ ᠯᠢᠨ᠂ ᠤᠯᠤᠰ ᠲᠦᠷᠦ ᠬᠠᠤᠯᠢ ᠴᠠᠭᠠᠵᠠ  ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ ᠪᠠᠶᠠᠨᠲᠠᠯ᠎ᠠ ᠰᠢᠶᠠᠩ ᠤᠨ ᠶᠡᠷᠦᠩᠬᠡᠶᠢᠯᠡᠨ ᠵᠠᠰᠠᠬᠤ ᠲᠦᠪ ᠣᠯᠣᠰ ᠲᠦᠷᠦ ᠶᠢᠨ ᠵᠤᠭᠰᠣᠴᠠ ᠪᠠᠨ ᠳᠡᠭᠡᠭᠰᠢᠯᠡᠭᠦᠯᠵᠦ᠂ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠲᠡ ᠶᠢ ᠦᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠤᠭᠳᠠᠯ ᠢ ᠭᠦᠨᠵᠡᠭᠡᠢ ᠲᠠᠨᠢᠵᠦ᠂ ᠲᠤᠶᠢᠯ ᠤᠨ ᠨᠠᠷᠢᠨ ᠨᠢᠮᠪᠠᠢ ᠪᠠᠷᠢᠮᠵᠢᠶ᠎ᠠ ᠪᠠᠷ ᠰᠣᠷᠤᠯᠴᠠᠯᠭ᠎ᠠ ᠬᠦᠮᠦᠵᠢᠯ  ᠤᠨ ᠭᠤᠭᠴᠤᠭ᠎ᠠ ᠶᠢ ᠪᠤᠳᠠᠲᠠᠢ ᠠᠳᠬᠤᠵᠦ᠂ ᠴᠠᠭᠳᠠᠭ᠎ᠠ ᠶᠢᠨ ᠡᠩᠨᠡᠬᠡᠨ ᠳᠤ ᠦᠷᠭᠡᠨ ᠢᠶᠠᠷ ᠣᠬᠠᠭᠤᠯᠵᠦ᠂ ᠦᠨᠡᠨᠴᠢ ᠰᠢᠳᠣᠷᠭᠤ ᠶᠢᠨ ᠦᠨᠳᠦᠰᠦ ᠰᠠᠭᠤᠷᠢ ᠶᠢ ᠦᠨᠡᠨ ᠬᠦ ᠪᠠᠬᠢᠵᠢᠭᠦᠯᠬᠦ ᠬᠡᠷᠡᠭᠳᠡᠢ᠃ ᠤᠯᠤᠰ ᠲᠦᠷᠦ ᠬᠠᠤᠯᠢ ᠴᠠᠭᠠᠵᠠ  ᠶᠢᠨ ᠡᠩᠨᠡᠭᠡᠨ ᠤ ᠴᠡᠭᠴᠡᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠣᠶᠢᠯᠠᠭᠠᠵᠦ᠂ ᠨᠠᠷᠢᠯᠢᠭ ᠠᠴᠠ ᠨᠠᠷᠢᠯᠢᠭ ᠨᠢᠭᠡᠳᠦᠯᠲᠡᠢ ᠲᠦᠯᠦᠪᠵᠢᠭᠦᠯᠵᠦ᠂ ᠠᠵᠢᠯ ᠤᠨ ᠰᠡᠳᠬᠢᠴᠡ ᠲᠣᠳᠣᠷᠬᠠᠢ᠂ ᠠᠷᠭ᠎ᠠ ᠬᠡᠮᠵᠢᠶ᠎ᠡ ᠨᠡᠩ ᠪᠣᠳᠠᠲᠠᠢ᠂ ᠨᠡᠩ ᠪᠠᠲᠤᠯᠠᠭ᠎ᠠ ᠲᠠᠢ ᠪᠠᠶᠢᠵᠤ᠂ ᠤᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠰᠠᠶᠢᠲᠤᠷ ᠠᠰᠢᠭᠯᠠᠵᠤ ᠂ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠢᠯᠡᠷᠡᠭᠦᠯᠵᠦ᠂ ᠬᠥᠮᠦᠵᠢᠯ ᠴᠡᠭᠴᠡᠯᠡᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠬᠦᠳᠦᠯᠤᠮᠵᠢ ᠪᠣᠯᠤᠨ ᠤᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠡᠷᠡᠰ ᠭᠤᠶᠢᠪᠢᠰᠢ ᠦᠭᠡᠢ ᠨᠠᠷᠢᠯᠢᠭ ᠪᠣᠳᠠᠲᠠᠢ ᠠᠳᠬᠤᠬᠤ ᠬᠡᠷᠡᠭᠲᠡᠢ ᠭᠡᠵᠡᠢ᠃    
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号