ᠡᠷᠭᠦᠨ᠎ᠡ ᠬᠤᠲᠠ ᠶᠢᠨ ᠨᠢᠭᠡᠲᠦᠮᠡᠯ ᠹᠷᠣᠨᠲ ᠤᠨ ᠬᠡᠯᠳᠡᠰ ᠱᠠᠰᠢᠨ ᠰᠤᠷᠲᠠᠬᠤᠨ ᠤ ᠲᠠᠯᠠᠪᠤᠷ ᠤᠨ ᠬᠠᠤᠯᠢ ᠶᠢᠨ ᠡᠷᠬᠡᠲᠡᠨ ᠢ ᠳᠠᠩᠰᠠᠯᠠᠬᠤ ᠪᠤᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2021/4/8
         ᠱᠠᠰᠢᠨ ᠰᠤᠷᠲᠠᠬᠤᠨ ᠤ ᠲᠠᠯᠠᠪᠤᠷ ᠤᠨ ᠬᠠᠤᠯᠢ ᠶᠢᠨ ᠡᠷᠬᠡᠲᠡᠨ ᠢ ᠳᠠᠩᠰᠠᠯᠠᠬᠤ ᠠᠵᠢᠯ ᠢ ᠳᠦᠷᠢᠮᠵᠢᠭᠦᠯᠦᠨ᠂ ᠱᠠᠰᠢᠨ ᠰᠤᠷᠲᠠᠬᠤᠨ ᠤ ᠲᠠᠯᠠᠪᠤᠷ ᠤᠨ ᠬᠠᠤᠯᠢ ᠶᠤᠰᠤᠨ ᠤ ᠡᠷᠬᠡ ᠠᠰᠢᠭ ᠢ ᠪᠠᠲᠤᠯᠠᠬᠤ ᠶᠢᠨ ᠲᠦᠯᠦᠭᠡ᠂ 4 ᠳ᠋ᠦ᠋ᠭᠡᠷ ᠰᠠᠷ᠎ᠠ ᠶᠢᠨ 1 ᠤ ᠡᠳᠦᠷ᠂ ᠨᠢᠭᠡᠲᠦᠮᠡᠯ ᠹᠷᠣᠨᠲ ᠤᠨ ᠬᠡᠯᠳᠡᠰ ᠱᠠᠰᠢᠨ ᠰᠤᠷᠲᠠᠬᠤᠨ ᠤ ᠲᠠᠯᠠᠪᠤᠷ ᠤᠨ ᠬᠠᠤᠯᠢ ᠶᠢᠨ ᠡᠷᠬᠡᠲᠡᠨ ᠢ ᠳᠠᠩᠰᠠᠯᠠᠬᠤ ᠪᠤᠯᠪᠠᠰᠤᠷᠠᠯ ᠤᠨ ᠠᠩᠭᠢ ᠶᠢ ᠡᠷᠬᠢᠯᠡᠪᠡ᠃ ᠲᠤᠰ ᠪᠤᠯᠪᠠᠰᠤᠷᠠᠯ ᠳᠤ᠂ ᠨᠢᠭᠡᠲᠦᠮᠡᠯ ᠹᠷᠣᠨᠲ ᠤᠨ ᠬᠡᠯᠳᠡᠰ ᠤᠨ ᠺᠠᠳ᠋ᠷ ᠠᠵᠢᠯᠲᠠᠳ᠂ ᠡᠯ᠎ᠡ ᠱᠠᠰᠢᠨ ᠰᠤᠷᠲᠠᠬᠤᠨ ᠤ ᠲᠠᠯᠠᠪᠤᠷ ᠤᠨ ᠬᠠᠷᠢᠭᠤᠴᠠᠯᠭᠠᠲᠠᠳ ᠪᠠ ᠠᠵᠢᠯᠲᠠᠳ ᠭᠤᠴᠢ ᠭᠠᠷᠤᠢ ᠬᠦᠮᠦᠨ ᠤᠷᠤᠯᠴᠠᠪᠠ᠃ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶᠠᠨ ᠤ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠬᠠᠮᠢᠶᠠᠷᠬᠤ ᠲᠠᠰᠤᠭ ᠤᠨ ᠳᠠᠷᠤᠭ᠎ᠠ ᠦ᠋ ᠰᠢᠩ ᠢᠤᠢ ᠶᠢ ᠤᠷᠢᠵᠤ᠂ ︽ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠤᠯᠢ ᠶᠢᠨ ᠡᠷᠬᠡᠲᠡᠨ ᠢ ᠳᠠᠩᠰᠠᠯᠠᠬᠤ ᠶᠠᠪᠤᠴᠠ︾ ᠶᠢ ᠲᠠᠨᠢᠯᠴᠠᠭᠤᠯᠪᠠ᠃     ᠡᠨᠡ ᠤᠳᠠᠭᠠᠨ ᠤ ᠪᠤᠯᠪᠠᠰᠤᠷᠠᠯ ᠢᠶᠠᠷ ᠳᠠᠮᠵᠢᠭᠠᠳ᠂ ᠬᠦᠮᠦᠰ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠤᠯᠢ ᠶᠢᠨ ᠡᠷᠬᠡᠲᠡᠨ ᠢ ᠳᠠᠩᠰᠠᠯᠠᠬᠤ ᠶᠠᠪᠤᠴᠠ ᠶᠢ ᠤᠶᠢᠯᠠᠭᠠᠨ᠂ ᠲᠡᠭᠦᠨ ᠤ ᠴᠢᠬᠤᠯᠠ ᠴᠢᠨᠠᠷ ᠪᠤᠯᠤᠨ ᠪᠠᠴᠢᠮ ᠴᠢᠨᠠᠷ ᠢ ᠲᠤᠳᠤᠷᠬᠠᠶᠢᠯᠠᠪᠠ᠃ ᠮᠠᠨ ᠤ ᠬᠤᠲᠠ ᠶᠢᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠤᠯᠢ ᠶᠢᠨ ᠡᠷᠬᠡᠲᠡᠨ ᠢ ᠳᠠᠩᠰᠠᠯᠠᠬᠤ ᠠᠵᠢᠯ ᠳᠤ ᠪᠠᠲᠤ ᠪᠠᠬᠢ ᠤᠨᠤᠯ ᠤᠨ ᠰᠠᠭᠤᠷᠢ ᠶᠢ ᠲᠠᠯᠪᠢᠪᠠ᠃ ᠱᠠᠰᠢᠨ ᠰᠤᠷᠲᠠᠬᠤᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃  
 
ᠢᠷᠡᠯᠲᠡ᠄ ᠡᠷᠬᠦᠨ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号