︽ᠡᠸᠡᠩᠬᠢ ᠬᠤᠰᠢᠭᠤᠨ ᠤ ᠭᠠᠳᠠᠨ᠎ᠠ ᠠᠴᠠ ᠢᠷᠡᠬᠦ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠡᠸᠡᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/8/23
            ᠡᠸᠡᠩᠬᠢ ᠵᠠᠰᠠᠭ ᠠᠯᠪᠠᠨ ᠲᠠᠷᠬᠠᠭᠠᠭᠰᠠᠨ ﹇2021﹈ 9 ᠳ᠋ᠦ᠋ᠭᠡᠷ ᠲᠣᠭᠠᠲᠤ  ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ᠡᠳᠦᠭᠡ ︽ᠡᠸᠡᠩᠬᠢ ᠬᠤᠰᠢᠭᠤᠨ ᠤ ᠭᠠᠳᠠᠨ᠎ᠠ ᠠᠴᠠ ᠢᠷᠡᠬᠦ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ  ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃      ᠡᠭᠦᠨ ᠤ ᠲᠤᠯᠠ ᠮᠡᠳᠡᠭᠳᠡᠪᠡ                                                                     2021 ᠣᠨ ᠤ 6 ᠰᠠᠷ᠎ᠠ ᠶᠢᠨ 29 ᠤ ᠡᠳᠦᠷ                ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ  ︶                      ᠡᠸᠡᠩᠬᠢ ᠬᠤᠰᠢᠭᠤᠨ ᠤ ᠭᠠᠳᠠᠨ᠎ᠠ ᠠᠴᠠ ᠢᠷᠡᠬᠦ ᠮᠠᠯ ᠤᠨᠤᠭ᠎ᠠ ᠶᠢ      ᠬᠠᠮᠢᠶᠠᠷᠤᠨ   ᠡᠵᠡᠮᠳᠡᠬᠦ  ᠠᠵᠢᠯ   ᠤᠨ  ᠬᠡᠷᠡᠭᠵᠢᠭᠦᠯᠬᠦ  ᠲᠥᠰᠦᠯ        ᠡᠨᠡ ᠵᠢᠯ ᠠᠴᠠ ᠨᠠᠰᠢ᠂ ᠮᠠᠯᠴᠢᠳ ᠤᠨ ᠳᠤᠷ᠎ᠠ ᠪᠠᠷ ᠢᠶᠠᠨ ᠨᠤᠲᠤᠭ ᠪᠡᠯᠴᠢᠭᠡᠷ ᠲᠦᠷᠢᠶᠡᠰᠦᠯᠡᠭᠦᠯᠬᠦ ᠦᠵᠡᠭᠳᠡᠯ ᠤᠯᠠᠮ ᠢᠶᠠᠷ ᠣᠯᠠᠰᠢᠷᠠᠵᠤ᠂ ᠭᠠᠳᠠᠨ᠎ᠠ ᠣᠷᠤᠨ ᠤ ᠮᠠᠯ ᠰᠦᠷᠦᠭ ᠶᠡᠭᠡ ᠬᠡᠮᠵᠢᠶ᠎ᠡ ᠪᠠᠷ ᠮᠠᠨ ᠤ ᠬᠤᠰᠢᠭᠤᠨ ᠳᠤ ᠢᠷᠡᠵᠦ᠂ ᠮᠠᠨ ᠤ ᠬᠤᠰᠢᠭᠤᠨ ᠤ ᠮᠠᠯ ᠤᠨ ᠬᠢᠵᠢᠭ ᠢ ᠰᠡᠷᠭᠡᠶᠢᠯᠡᠬᠦ ᠠᠵᠢᠯ ᠳᠤ ᠲᠤᠶᠢᠯ ᠤᠨ ᠶᠡᠭᠡ ᠰᠦᠷᠳᠡᠭᠦᠯᠦᠯ ᠪᠣᠯᠵᠣ᠂ ᠨᠡᠩ ᠢᠯᠡᠩᠭᠤᠶ᠎ᠠ ᠮᠠᠯ ᠠᠵᠤ ᠠᠬᠤᠶ ᠶᠢᠨ ᠦᠶᠯᠡᠳᠪᠦᠷᠢᠯᠡᠯ ᠪᠠ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠳᠤ ᠬᠦᠨᠳᠦ ᠶᠡᠭᠡ ᠬᠤᠬᠢᠷᠠᠯ ᠤᠴᠠᠷᠠᠭᠤᠯᠵᠤ ᠪᠠᠶᠢᠨ᠎ᠠ᠃ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠮᠠᠯ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠤᠨ᠂ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠵᠦ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ  ᠢ ᠦᠨᠡᠨᠬᠦ ᠬᠠᠮᠠᠭᠠᠯᠠᠬᠤ ᠶᠢᠨ ᠲᠤᠰᠠᠳᠠ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃       ᠨᠢᠭᠡ᠂ ᠵᠢᠯᠣᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠲᠤᠬᠠᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠮᠠᠯ ᠠᠵᠤ ᠠᠬᠤᠶ ᠶᠢᠨ ᠬᠥᠭᠵᠢᠯᠲᠡ ᠪᠣᠯᠤᠨ ᠨᠤᠲᠤᠭ ᠪᠡᠯᠴᠢᠭᠡᠷ ᠤᠨ ᠠᠮᠢ ᠠᠬᠤᠶ  ᠶᠢᠨ ᠬᠠᠮᠠᠭᠠᠯᠠᠯᠲᠠ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠵᠢᠭᠦᠯᠵᠦ᠂ ︽ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ᠂ ᠰᠡᠷᠭᠡᠶᠢᠯᠡᠬᠦ ᠪᠠᠷ ᠭᠤᠤᠯ ᠪᠣᠯᠭᠠᠬᠤ᠂ ᠶᠡᠷᠦᠩᠬᠡᠶᠢᠯᠡᠨ ᠬᠠᠮᠢᠶᠠᠷᠤᠨ ᠡᠵᠡᠮᠳᠡᠬᠦ︾ ᠵᠠᠷᠴᠢᠮ ᠶᠣᠰᠣᠭᠠᠷ᠂ ᠭᠠᠳᠠᠨ᠎ᠠ ᠠᠴᠠ ᠢᠷᠡᠬᠦ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠬᠦ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠰᠡᠯᠭᠦᠨ ᠮᠠᠯᠵᠢᠬᠤ᠂ ᠡᠭᠡᠯᠵᠢᠯᠡᠨ ᠮᠠᠯᠵᠢᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ  ᠤᠨ ᠲᠡᠩᠴᠡᠭᠦᠷᠢ ᠶᠢ ᠪᠠᠲᠤᠯᠠᠬᠤ ᠵᠡᠷᠭᠡ ᠲᠦᠷᠢᠮ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠰᠠᠶᠢᠨ ᠡᠷᠭᠢᠯᠲᠡ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃       ᠬᠤᠶᠠᠷ᠂ ᠠᠵᠢᠯ ᠤᠨ ᠠᠷᠭ᠎ᠠ ᠬᠡᠮᠵᠢᠶ᠎ᠡ       ᠭᠠᠳᠠᠨ᠎ᠠ ᠠᠴᠠ ᠢᠷᠡᠬᠦ ᠮᠠᠯ ᠤᠨᠤᠭ᠎ᠠ ᠶᠢ ᠬᠠᠮᠢᠶᠠᠷᠬᠤ ᠳᠤ ︽ᠣᠷᠤᠭᠤᠯᠵᠦ ᠢᠷᠡᠪᠡᠯ᠂ ᠵᠠᠪᠠᠯ ᠳᠠᠩᠰᠠᠯᠠᠭᠤᠯᠬᠤ︾ ᠵᠠᠷᠴᠢᠮ ᠶᠣᠰᠣᠭᠠᠷ ᠬᠠᠮᠢᠶᠠᠷᠤᠨ ᠡᠵᠡᠮᠳᠡᠵᠦ᠂ ᠳᠣᠤᠷᠠᠬᠢ ᠪᠣᠳᠠᠲᠠᠶ ᠠᠷᠭ᠎ᠠ ᠬᠡᠮᠵᠢᠶ᠎ᠡ ᠶᠣᠰᠣᠭᠠᠷ ᠬᠢᠬᠦ ᠬᠡᠷᠡᠭᠳᠡᠢ᠄       ︵ᠨᠢᠭᠡ︶ ᠪᠦᠷᠢᠳᠬᠡᠨ ᠳᠠᠩᠰᠠᠯᠠᠬᠤ᠃ ᠡᠯ᠎ᠡ ᠭᠠᠵᠠᠷ ᠣᠷᠣᠨ ᠤ ᠰᠠᠭᠤᠭᠠᠯᠢ ᠮᠠᠯᠴᠢᠳ ᠥᠪᠡᠰᠦᠪᠡᠨ ᠮᠠᠯ ᠣᠨᠤᠭ᠎ᠠ ᠬᠤᠳᠠᠯᠳᠤᠨ ᠠᠪᠬᠤ ᠪᠤᠶᠤ ᠬᠠᠳᠤᠯᠠᠩ ᠪᠡᠯᠴᠢᠭᠡᠷ  ᠰᠢᠯᠵᠢᠭᠦᠯᠤᠨ ᠭᠠᠳᠠᠨ᠎ᠠ ᠠᠴᠠ ᠮᠠᠯ ᠤᠨᠤᠭ᠎ᠠ ᠣᠷᠣᠭᠤᠯᠵᠤ ᠲᠡᠵᠢᠭᠡᠨ ᠦᠷᠡᠵᠢᠭᠦᠯᠬᠦ ᠳᠤ᠂ ᠪᠠᠶᠢᠭ᠎ᠠ ᠭᠠᠴᠠᠭ᠎ᠠ ᠨᠡᠶᠢᠭᠡᠮ ᠲᠣᠭᠤᠷᠢᠭ ᠲᠠᠭᠠᠨ ᠣᠷᠢᠳᠴᠢᠯᠠᠨ ᠭᠤᠶᠤᠴᠢᠯᠠᠯ  ᠭᠠᠷᠭᠠᠵᠦ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠩᠰᠠᠯᠠᠨ ᠲᠡᠮᠳᠡᠭᠯᠡᠬᠦ ᠶᠢᠨ ᠬᠠᠮᠲᠤ ᠬᠤᠰᠢᠭᠤᠨ ᠤ  ᠲᠠᠷᠢᠶᠠᠯᠠᠩ ᠪᠠ ᠰᠢᠨᠵᠢᠯᠡᠬᠦ ᠣᠬᠠᠭᠠᠨ ᠮᠡᠷᠭᠡᠵᠢᠯ ᠤᠨ ᠲᠣᠪᠴᠢᠶ᠎ᠠ ᠳᠤ ᠲᠥᠪᠯᠡᠷᠡᠭᠦᠯᠦᠨ ᠳᠠᠩᠰᠠᠯᠠᠭᠤᠯᠬᠤ ᠬᠡᠷᠡᠭᠲᠡᠶ᠃ ᠮᠠᠨ ᠤ ᠬᠤᠰᠢᠭᠤᠨ ᠤ ᠮᠠᠯᠴᠢᠳ ᠤᠨ ᠳᠤᠷ᠎ᠠ ᠪᠠᠷ ᠢᠶᠠᠨ ᠭᠠᠳᠠᠨ᠎ᠠ ᠣᠷᠣᠨ ᠤ ᠮᠠᠯ ᠤᠨᠤᠭ᠎ᠠ ᠶᠢ ᠳᠠᠭᠠᠭᠠᠨ ᠠᠪᠬᠤ ᠶᠢ ᠴᠢᠩᠭ᠎ᠠ ᠴᠠᠭᠠᠵᠠᠯᠠᠵᠤ᠂ ᠡᠯ᠎ᠡ ᠰᠤᠮᠤ ᠰᠢᠶᠠᠩ ᠪᠠᠯᠭᠠᠰᠤ ᠤᠳ ᠤᠯᠤᠰ ᠪᠠ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠨᠤᠲᠤᠭ ᠪᠡᠯᠴᠢᠭᠡᠷ ᠤᠨ ᠲᠠᠯᠠᠪᠠᠶ᠂ ᠠᠷᠠᠴᠢᠯᠠᠨ ᠲᠡᠵᠢᠭᠡᠵᠦ ᠪᠠᠶᠢᠭ᠎ᠠ ᠮᠠᠯ ᠤᠨ ᠲᠤᠭ᠎ᠠ ᠲᠣᠯᠣᠭᠠᠶ ᠶᠢ ᠬᠢᠨᠠᠨ ᠪᠠᠶᠢᠴᠠᠭᠠᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠭᠠᠷᠳᠠᠯᠭ᠎ᠠ ᠳᠤ ᠨᠡᠶᠢᠴᠡᠬᠦ ᠶᠢ ᠨᠢ ᠳᠠᠩᠰᠠᠯᠠᠨ ᠲᠡᠮᠳᠡᠭᠯᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠭᠠᠷᠳᠠᠯᠭ᠎ᠠ ᠳᠤ ᠨᠡᠶᠢᠴᠡᠬᠦ ᠦᠭᠡᠶ ᠶᠢ ᠨᠢ ᠪᠦᠬᠦᠨ ᠢ ᠢᠳᠬᠠᠨ ᠪᠤᠴᠠᠭᠠᠯᠭᠠᠬᠤ ᠬᠡᠷᠡᠭᠳᠡᠢ᠃       ︵ᠬᠤᠶᠠᠷ︶ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠃ ᠮᠠᠨ ᠤ ᠬᠤᠰᠢᠭᠤᠨ ᠤ ᠭᠤᠤᠯ ᠪᠣᠯᠬᠤ ᠬᠢᠯᠢ ᠪᠠᠷ ᠣᠷᠣᠵᠤ ᠢᠷᠡᠬᠦ ᠤᠯᠤᠰ ᠤᠨ ᠵᠠᠮ᠂ ᠮᠤᠵᠢ ᠶᠢᠨ ᠵᠠᠮ ᠳᠡᠭᠡᠷ᠎ᠡ᠂ ᠬᠤᠰᠢᠭᠤᠨ ᠤ ᠲᠠᠷᠢᠶᠠᠯᠠᠩ ᠪᠠ ᠰᠢᠨᠵᠢᠯᠡᠬᠦ ᠣᠬᠠᠭᠠᠨ ᠮᠡᠷᠭᠡᠵᠢᠯ ᠤᠨ ᠲᠣᠪᠴᠢᠶ᠎ᠠ ᠠᠴᠠ ᠠᠮᠢᠲᠠᠨ ᠤ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠪᠠᠶᠢᠭᠤᠯᠵᠤ᠂ ᠮᠠᠨ ᠤ ᠬᠤᠰᠢᠭᠤᠨ ᠤ ᠬᠢᠯᠢ ᠳᠣᠲᠣᠷ᠎ᠠ ᠭᠠᠳᠠᠨ᠎ᠠ ᠠᠴᠠ ᠢᠷᠡᠬᠦ ᠮᠠᠯ ᠣᠨᠤᠭ᠎ᠠ ᠳᠤ ᠬᠢᠵᠢᠭ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠬᠢᠵᠦ᠂ ᠭᠠᠳᠠᠨ᠎ᠠ ᠠᠴᠠ  ᠢᠷᠡᠬᠦ ᠮᠠᠯ ᠤᠨ ᠢᠷᠡᠯᠲᠡ᠂ ᠬᠢᠵᠢᠭ ᠰᠡᠷᠭᠡᠶᠢᠯᠡᠬᠦ ᠬᠢᠨᠠᠨ ᠵᠥᠪᠰᠢᠶᠡᠷᠡᠯ ᠤᠨ ᠭᠠᠷ ᠭᠦᠶᠴᠡᠳᠬᠡᠯ᠂ ᠬᠢᠯᠢ ᠪᠠᠷ ᠮᠠᠯ ᠣᠨᠤᠭ᠎ᠠ ᠣᠷᠤᠭᠤᠯᠵᠦ ᠢᠷᠡᠬᠦ ᠶᠢ ᠬᠢᠨᠠᠨ ᠵᠥᠪᠰᠢᠶᠡᠷᠡᠬᠦ ᠭᠠᠷ ᠭᠦᠶᠴᠡᠳᠬᠡᠯ ᠢ ᠭᠤᠤᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠲᠡᠷᠭᠡ ᠬᠥᠰᠬᠡ ᠶᠢ ᠠᠷᠢᠭᠤᠳᠬᠠᠬᠤ ᠠᠵᠢᠯ ᠢ ᠦᠷᠨᠢᠭᠦᠯᠬᠦ ᠬᠡᠷᠡᠭᠳᠡᠢ᠃ ᠡᠯ᠎ᠡ ᠰᠤᠮᠤ ᠰᠢᠶᠠᠩ ᠪᠠᠯᠭᠠᠰᠤ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠮᠤ ᠰᠢᠶᠠᠩ ᠪᠠᠯᠭᠠᠰᠣ  ᠶᠢᠨ ᠰᠢᠶᠠᠨ ᠤ ᠵᠠᠮ᠂ ᠰᠢᠶᠠᠩ ᠤᠨ ᠵᠠᠮ ᠳᠤ ᠠᠮᠢᠲᠠᠨ ᠤ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠪᠠᠶᠢᠭᠤᠯᠬᠤ ᠬᠡᠷᠡᠭᠲᠡᠶ᠃ ᠠᠮᠢᠲᠠᠨ ᠤ ᠬᠢᠵᠢᠭ ᠢ ᠰᠡᠷᠭᠡᠶᠢᠯᠡᠬᠦ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠪᠡᠯ᠂ ᠮᠠᠯ ᠤᠨ ᠡᠵᠡᠨ ᠨᠢ ᠲᠡᠵᠢᠭᠡᠨ ᠠᠷᠠᠴᠢᠯᠠᠬᠤ ᠭᠠᠵᠠᠷ ᠲᠠᠭᠠᠨ ᠥᠪᠡᠰᠦᠪᠡᠨ ᠲᠤᠰᠠᠭᠠᠷᠯᠠᠨ ᠠᠵᠢᠭᠯᠠᠵᠤ᠂ ᠲᠤᠰᠠᠭᠠᠷᠯᠠᠬᠤ ᠡᠳᠦᠷ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠠᠮᠢᠲᠠᠨ ᠤ ᠬᠢᠵᠢᠭ ᠡᠪᠡᠳᠴᠢᠨ ᠢ ᠬᠠᠮᠢᠶᠠᠷᠠᠬᠤ ᠰᠠᠯᠠᠭ᠎ᠠ ᠮᠥᠴᠢᠷ ᠢᠶᠠᠷ ᠬᠢᠨᠠᠨ ᠰᠢᠯᠭᠠᠭᠤᠯᠤᠭᠠᠳ ᠬᠡᠪ ᠤᠨ ᠪᠤᠰᠤ ᠪᠠᠶᠢᠳᠠᠯ ᠦᠭᠡᠶ ᠭᠡᠵᠦ ᠦᠵᠡᠪᠡᠯ᠂ ᠰᠦᠷᠦᠭ ᠨᠡᠶᠢᠯᠡᠭᠦᠯᠦᠨ ᠲᠡᠵᠢᠭᠡᠨ ᠠᠷᠠᠴᠢᠯᠠᠵᠤ ᠪᠣᠯᠤᠨ᠎ᠠ᠂ ᠠᠮᠢᠲᠠᠨ ᠤ ᠬᠢᠵᠢᠭ ᠢ ᠰᠡᠷᠭᠡᠶᠢᠯᠡᠬᠦ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠦᠭᠡᠶ ᠭᠠᠳᠠᠨ᠎ᠠ ᠠᠴᠠ ᠢᠷᠡᠭᠰᠡᠨ ᠮᠠᠯ ᠤᠨᠤᠭ᠎ᠠ ᠶᠢ ᠴᠥᠮ ᠢᠳᠬᠠᠨ ᠪᠣᠴᠠᠭᠠᠯᠭᠠᠬᠤ ᠬᠡᠷᠡᠭᠲᠡᠶ᠃       ︵ᠭᠤᠷᠪᠠ︶ ᠶᠡᠷᠦᠩᠬᠡᠶᠢᠯᠡᠨ ᠬᠠᠮᠢᠶᠠᠷᠤᠨ ᠡᠵᠡᠮᠳᠡᠬᠦ᠃ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠤᠳ ᠬᠠᠷᠢᠶᠠᠲᠤ ᠣᠷᠣᠨ ᠳᠠᠬᠢ ᠭᠠᠳᠠᠨ᠎ᠠ ᠠᠴᠠ ᠢᠷᠡᠭᠰᠡᠨ ᠮᠠᠯ ᠲᠡᠵᠢᠭᠡᠪᠦᠷᠢ ᠶᠢᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠣᠶᠢᠯᠠᠭᠠᠵᠤ᠂ ᠪᠡᠯᠴᠢᠭᠡᠷ ᠰᠢᠯᠵᠢᠭᠦᠯᠬᠦ ᠬᠡᠯᠡᠯᠴᠡᠭᠡᠷ᠂ ᠮᠠᠯ ᠣᠨᠤᠭ᠎ᠠ ᠬᠤᠳᠠᠯᠳᠤᠨ ᠠᠪᠬᠤ ᠬᠡᠯᠡᠯᠴᠡᠭᠡᠷ᠂ ᠪᠠᠯᠠ ᠮᠥᠩᠭᠦ ᠶᠢᠨ ᠬᠠᠷᠢᠴᠠᠭ᠎ᠠ᠂ ᠠᠮᠢᠲᠠᠨ ᠤ ᠬᠢᠵᠢᠭ ᠢ ᠪᠠᠶᠢᠴᠠᠭᠠᠭᠰᠠᠨ ᠭᠠᠷᠳᠠᠮ ᠢ ᠭᠤᠤᠯᠳᠠᠯᠭ᠎ᠠ ᠲᠠᠢ ᠪᠠᠶᠢᠴᠠᠭᠠᠨ ᠰᠢᠯᠭᠠᠵᠤ᠂ ᠡᠷᠦᠬᠡ ᠳᠠᠷᠠᠭᠠᠯᠠᠨ ᠨᠠᠷᠢᠨ ᠲᠣᠳᠣᠷᠬᠠᠶ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠬᠤ ᠬᠡᠷᠡᠭᠲᠡᠶ᠃ 15 — 20 ᠮᠦ ᠨᠤᠲᠤᠭ ᠪᠡᠯᠴᠢᠭᠡᠷ ᠲᠤ 1 ᠬᠤᠨᠢ ᠠᠷᠠᠴᠢᠯᠠᠨ ᠲᠡᠵᠢᠭᠡᠬᠦ ᠪᠠᠷᠢᠮᠵᠢᠶ᠎ᠠ ᠪᠠᠷ ᠲᠣᠭᠠᠴᠠᠭ᠎ᠠ ᠬᠢᠵᠦ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠨ᠎ᠠ ᠠᠴᠠ ᠮᠠᠯ ᠤᠨᠤᠭ᠎ᠠ ᠣᠷᠤᠭᠤᠯᠤᠨ ᠲᠡᠵᠢᠭᠡᠪᠡᠯ᠂ ᠮᠠᠯ ᠤᠨ ᠡᠵᠡᠨ ᠢ ᠵᠠᠷᠯᠢᠭᠳᠠᠵᠤ ᠪᠠᠶᠢᠭᠠᠳ ᠮᠠᠯ ᠤᠨ ᠲᠤᠭ᠎ᠠ ᠶᠢ ᠪᠠᠭᠠᠰᠬᠠᠬᠤ ᠪᠤᠶᠤ ᠲᠤᠰ ᠭᠠᠵᠠᠷ ᠣᠷᠤᠨ ᠠᠴᠠ ᠰᠢᠯᠵᠢᠭᠦᠯᠦᠨ ᠭᠠᠷᠭᠠᠬᠤ ᠵᠡᠷᠭᠡ ᠠᠷᠭ᠎ᠠ ᠬᠡᠯᠪᠡᠷᠢ ᠪᠠᠷ ᠬᠤᠭᠤᠴᠠᠭ᠎ᠠ ᠬᠢᠵᠠᠭᠠᠷᠯᠠᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠᠷᠢᠮᠵᠢᠶ᠎ᠠ ᠳᠤ ᠬᠦᠷᠦᠭᠦᠯᠵᠦ᠂ ᠲᠤᠭᠲᠠᠭᠰᠠᠨ ᠬᠤᠭᠤᠴᠠᠭ᠎ᠠ ᠳᠤ ᠲᠤᠭᠲᠠᠭᠠᠯ ᠶᠤᠰᠣᠭᠠᠷ ᠬᠢᠬᠦ ᠦᠭᠡᠶ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷ ᠬᠡᠷᠡᠭᠵᠢᠭᠦᠯᠬᠦ ᠲᠣᠭᠲᠠᠭᠠᠯ︾ ᠵᠡᠷᠭᠡ ᠬᠠᠮᠢᠶ᠎ᠠ ᠪᠦᠬᠦᠢ ᠨᠤᠲᠤᠭ ᠪᠡᠯᠴᠢᠭᠡᠷ ᠤᠨ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠶᠳᠪᠦᠷᠢᠯᠡᠬᠦ ᠬᠡᠷᠡᠭᠲᠡᠶ᠃ ᠪᠡᠯᠴᠢᠭᠡᠷ ᠤᠨ ᠳᠠᠭᠠᠭᠠᠴᠠ  ᠠᠴᠠ ᠬᠡᠲᠦᠷᠡᠲᠡᠯ᠎ᠡ ᠮᠠᠯᠵᠢᠭᠰᠠᠨ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠣᠷᠣᠨ ᠳᠤ ᠮᠠᠯᠵᠢᠭᠰᠠᠨ ᠮᠠᠯᠴᠢᠳ ᠲᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠨᠥᠬᠦᠪᠥᠷᠢ ᠱᠠᠩᠨᠠᠯ ᠤᠨ ᠪᠠᠯᠠ ᠮᠥᠩᠭᠦ ᠣᠯᠭᠤᠬᠤ ᠦᠭᠡᠢ᠃       ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠪᠥᠬᠦ ᠬᠤᠰᠢᠭᠤᠨ ᠤ ᠭᠠᠳᠠᠨ᠎ᠠ ᠠᠴᠠ ᠢᠷᠡᠬᠦ ᠮᠠᠯ ᠣᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠪᠠ ᠰᠢᠨᠵᠢᠯᠡᠬᠦ ᠣᠬᠠᠭᠠᠨ ᠮᠡᠷᠭᠡᠵᠢᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠢᠶᠠᠷ ᠳᠤᠭᠤᠶᠢᠯᠠᠩ  ᠤᠨ ᠳᠡᠳ᠋ ᠳᠠᠷᠤᠭ᠎ᠠ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬᠢᠳᠠᠯ ᠰᠣᠷᠪᠤᠯᠵᠢᠯᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠬᠦᠨ ᠨᠢᠭᠡᠴᠡ ᠪᠣᠯᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠲᠣᠬᠢᠷᠠᠭᠤᠯᠪᠠ᠃ ᠤᠳᠤᠷᠢᠳᠬᠤ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠡᠯ᠎ᠡ ᠭᠠᠵᠠᠷ ᠤᠨ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠂ ᠴᠢᠬᠤᠯᠠ ᠰᠢᠶᠳᠪᠦᠷᠢᠲᠦ ᠪᠣᠳᠣᠯᠭ᠎ᠠ ᠶᠢᠨ  ᠨᠠᠶᠢᠳᠠᠪᠤᠷᠢᠵᠢᠭᠤᠯᠤᠯᠲᠠ  ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠭᠦᠢᠴᠡᠳᠬᠡᠵᠦ᠂ ᠠᠵᠢᠯ ᠤᠨ ᠳᠤᠮᠳᠠ ᠲᠤᠯᠭᠠᠷᠠᠭᠰᠠᠨ ᠴᠢᠬᠤᠯᠠ ᠠᠰᠠᠭᠤᠳᠠᠯ ᠢ ᠴᠠᠭ ᠲᠤᠬᠠᠶ ᠳᠤᠨᠢ ᠲᠣᠬᠢᠷᠠᠭᠤᠯᠤᠨ ᠰᠢᠶᠳᠪᠦᠷᠢᠯᠡᠨ᠎ᠡ᠃ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠴᠤ ᠬᠠᠮᠢᠶ᠎ᠠ ᠪᠥᠬᠦᠶ ᠠᠵᠢᠯ ᠤᠨ ᠪᠠᠶᠢᠭᠤᠯᠤᠮᠵᠢ ᠪᠠᠶᠢᠭᠤᠯᠤᠨ᠂ ᠠᠵᠢᠯ ᠤᠨ ᠲᠥᠰᠦᠯ ᠲᠣᠭᠲᠠᠭᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠪᠥᠬᠦ ᠲᠠᠯ᠎ᠠ ᠪᠠᠷ ᠳᠠᠶᠢᠴᠢᠯᠠᠵᠤ᠂ ᠪᠥᠬᠦ ᠲᠠᠯ᠎ᠠ ᠪᠠᠷ ᠪᠠᠶᠢᠷᠢᠯᠠᠭᠤᠯᠵᠤ᠂ ᠭᠠᠳᠠᠨᠠᠬᠢ ᠮᠠᠯ ᠰᠦᠷᠦᠭ ᠢ ᠬᠤᠰᠢᠭᠤᠨ ᠳᠣᠲᠣᠷ᠎ᠠ  ᠪᠠᠨ ᠲᠡᠵᠢᠭᠡᠨ ᠦᠷᠡᠵᠢᠭᠦᠯᠬᠦ ᠶᠢ ᠡᠷᠡᠰ ᠬᠤᠷᠢᠭᠯᠠᠵᠤ᠂ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠶ᠃      ︵ᠬᠤᠶᠠᠷ︶ ᠣᠬᠠᠭᠤᠯᠭ᠎ᠠ ᠶᠢᠨ ᠬᠦᠲᠦᠯᠦᠮᠵᠢ ᠶᠢ ᠴᠢᠩᠭᠠᠷᠠᠭᠤᠯᠬᠤ ᠬᠡᠷᠡᠭᠳᠡᠢ᠃ ᠡᠯ᠎ᠡ ᠰᠤᠮᠤ ᠰᠢᠶᠠᠩ ᠪᠠᠯᠭᠠᠰᠤ ︽ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠨᠤᠲᠤᠭ ᠪᠡᠯᠴᠢᠭᠡᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠢᠯᠠᠩᠭᠤᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ︵ᠲᠥᠰᠦᠯ︶︾ ᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠨᠤᠲᠤᠭ ᠪᠡᠯᠴᠢᠭᠡᠷ ᠤᠨ ᠠᠮᠢ ᠠᠬᠤᠶ᠂ ᠠᠵᠤ ᠠᠬᠤᠶ᠂ ᠨᠡᠶᠢᠭᠡᠮ ᠪᠣᠯᠤᠨ ᠰᠣᠶᠣᠯ ᠤᠨ ᠴᠢᠬᠤᠯᠠ ᠴᠢᠳᠠᠮᠵᠢ ᠶᠢ ᠥᠷᠭᠡᠨ ᠢᠶᠠᠷ ᠤᠬᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠣᠯᠠᠨ ᠲᠦᠮᠡᠨ ᠢ ᠢᠳᠡᠪᠬᠢᠲᠡᠶ ᠪᠠᠷ ᠳᠠᠶᠢᠴᠢᠯᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠳᠤ ᠣᠷᠣᠯᠴᠠᠭᠤᠯᠵᠤ᠂ ᠮᠠᠯᠴᠢᠳ ᠤᠨ ᠨᠤᠲᠤᠭ ᠪᠡᠯᠴᠢᠭᠡᠷ ᠢᠶᠠᠨ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠨᠤᠲᠤᠭ ᠪᠡᠯᠴᠢᠭᠡᠷ ᠢ ᠬᠠᠮᠠᠭᠠᠯᠠᠵᠤ ᠪᠦᠲᠦᠭᠡᠨ ᠪᠠᠶᠢᠭᠤᠯᠬᠤ ᠡᠭᠦᠷᠭᠡ ᠶᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠭᠦᠢᠴᠡᠳᠬᠡᠯᠭᠡᠬᠦ ᠬᠡᠷᠡᠭᠲᠡᠶ᠃ ᠳᠣᠷ᠎ᠠ ᠪᠠᠷ ᠭᠠᠳᠠᠨ᠎ᠠ ᠠᠴᠠ ᠮᠠᠯ ᠤᠨᠤᠭ᠎ᠠ ᠣᠷᠤᠭᠤᠯᠵᠦ ᠠᠪᠴᠢᠷᠠᠬᠤ ᠶᠢ ᠢᠯᠡᠴᠢᠯᠡᠨ ᠮᠡᠳᠡᠭᠦᠯᠬᠦ ᠳ᠋ᠢᠶᠠᠩᠬᠤᠸᠠ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠪᠠᠶᠢᠴᠠᠭᠠᠨ ᠬᠢᠨᠠᠨ ᠬᠠᠷᠭᠤᠭᠤᠯᠵᠦ ᠰᠢᠶᠳᠪᠦᠷᠢᠯᠡᠬᠦ ᠬᠡᠷᠡᠭᠲᠡᠶ᠃ ᠮᠠᠯᠴᠢᠳ ᠲᠠᠢ ᠳᠤᠷ᠎ᠠ ᠪᠠᠷ ᠢᠶᠠᠨ ᠮᠠᠯ ᠤᠨᠤᠭ᠎ᠠ ᠶᠢ ᠣᠷᠣᠭᠤᠯᠵᠤ ᠢᠷᠡᠬᠦ ᠦᠭᠡᠶ ᠪᠠᠶᠢᠬᠤ ᠠᠮᠠᠯᠠᠯᠲᠠ ᠶᠢᠨ ᠪᠢᠴᠢᠭ ᠲᠣᠭᠲᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ  ᠲᠠᠢ ᠪᠠᠶᠢᠯᠭᠠᠬᠤ ᠶᠢ ᠵᠢᠷᠤᠮᠯᠠᠵᠤ ᠪᠠᠶᠢᠭ᠎ᠠ ᠪᠠᠶᠢᠳᠠᠯ ᠢ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠳᠤ ᠣᠷᠣᠭᠤᠯᠵᠤ ᠂  ᠭᠠᠳᠠᠨ᠎ᠠ ᠠᠴᠠ ᠢᠷᠡᠬᠦ ᠮᠠᠯ ᠤᠨᠤᠭ᠎ᠠ ᠶᠢ ᠴᠢᠩᠭ᠎ᠠ ᠬᠠᠮᠢᠶᠠᠷᠤᠨ ᠡᠵᠡᠮᠳᠡᠬᠦ ᠨᠡᠶᠢᠳᠡᠮ ᠤᠨ ᠬᠠᠮᠲᠤ ᠶᠢᠨ ᠲᠠᠨᠢᠯᠲᠠ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃       ︵ᠭᠤᠷᠪᠠ︶ ᠠᠵᠢᠯ ᠤᠨ ᠬᠠᠮᠰᠠᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠭᠠᠳᠠᠨ᠎ᠠ ᠠᠴᠠ ᠢᠷᠡᠬᠦ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠷᠴᠢᠮ ᠢ ᠪᠠᠷᠢᠮᠲᠠᠯᠠᠵᠤ᠂ ᠡᠯ᠎ᠡ ᠲᠦᠷᠦᠯ ᠤᠨ ᠵᠠᠰᠠᠭ ᠵᠠᠬᠢᠷᠭᠠᠨ ᠤ ᠠᠷᠭ᠎ᠠ ᠪᠠᠷᠢᠯ᠂ ᠬᠠᠤᠯᠢ ᠴᠠᠭᠠᠵᠠ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠠᠮᠢᠶᠠᠷᠤᠨ ᠡᠵᠡᠮᠳᠡᠬᠦ ᠠᠵᠢᠯ ᠤᠨ ᠪᠦᠬᠦᠯᠢ ᠴᠣᠭᠴᠠ ᠶᠢᠨ ᠬᠦᠴᠦᠷᠬᠡᠭ ᠶᠡᠭᠡ ᠬᠠᠮᠰᠠᠯ ᠬᠦᠴᠦᠨ ᠢ ᠪᠤᠢ ᠪᠣᠯᠭᠠᠵᠤ᠂ ᠡᠷᠬᠡᠪᠰᠢ ᠠᠯᠢ ᠲᠦᠷᠭᠡᠨ ᠢᠶᠠᠷ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠬᠦ᠂ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠣᠭᠤᠳᠬᠤ ᠶᠢ ᠴᠢᠩᠭᠠᠳᠬᠠᠵᠤ᠂ ᠭᠠᠳᠠᠨ᠎ᠠ ᠠᠴᠠ ᠮᠠᠯ ᠣᠨᠤᠭ᠎ᠠ ᠣᠷᠤᠭᠤᠯᠤᠨ ᠠᠪᠴᠢᠷᠠᠬᠤ ᠶᠢ ᠬᠠᠮᠢᠶᠠᠷᠤᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠭᠠᠳᠠᠨ᠎ᠠ ᠠᠴᠠ ᠮᠠᠯ ᠤᠨᠤᠭ᠎ᠠ ᠳᠡᠭᠡᠭᠡᠪᠦᠷᠢᠯᠡᠬᠦ ᠳᠠᠬᠢ ᠬᠢᠵᠢᠭ  ᠢ ᠪᠠᠶᠢᠴᠠᠭᠠᠬᠤ᠂ ᠤᠬᠢᠶᠠᠵᠤ ᠴᠡᠪᠡᠷᠯᠡᠬᠦ᠂ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠡᠯ᠎ᠡ ᠰᠤᠮᠤ ᠰᠢᠶᠠᠩ ᠪᠠᠯᠭᠠᠰᠤ ᠶᠢᠨ ᠲᠣᠮᠢᠯᠠᠭᠰᠠᠨ ᠰᠠᠯᠪᠤᠷᠢ ᠶᠢ ᠵᠣᠬᠢᠶᠠᠨ ᠪᠠᠶᠢᠭᠤᠯᠤᠨ ᠬᠠᠤᠯᠢ ᠶᠣᠰᠣᠭᠠᠷ ᠴᠣᠬᠢᠯᠲᠠ ᠥᠭᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠬᠠᠮᠢᠶ᠎ᠠ ᠪᠦᠬᠦᠢ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠬᠠᠤᠯᠢ ᠴᠠᠭᠠᠵᠠ ᠶᠢᠨ ᠰᠠᠯᠠᠭ᠎ᠠ ᠮᠥᠴᠢᠷ ᠡᠯ᠎ᠡ ᠰᠤᠮᠤ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠣᠯᠪᠠᠰᠤᠷᠠᠭᠤᠯᠤᠯ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠶᠢᠯᠤᠮᠵᠢ ᠪᠠ ᠲᠥᠷᠥ ᠶᠢᠨ ᠪᠣᠳᠣᠯᠭ᠎ᠠ ᠶᠢᠨ ᠲᠤᠬᠠᠢ ᠰᠣᠳᠣᠯᠬᠤ ᠪᠠᠨ ᠴᠢᠩᠭᠠᠳᠬᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠬᠠᠮᠢᠶ᠎ᠠ ᠪᠦᠬᠦᠢ ᠵᠠᠬᠢᠳᠠᠯ ᠰᠤᠷᠪᠤᠯᠵᠢᠯᠠᠯ  ᠤᠨ ᠬᠡᠷᠡᠭ ᠢ ᠵᠣᠬᠢᠴᠠᠭᠤᠯᠤᠨ ᠰᠢᠶᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠯᠪᠠᠨ ᠲᠤᠰᠢᠶᠠᠯᠲᠠᠨ ᠬᠡᠷᠪᠡ ᠭᠠᠳᠠᠨ᠎ᠠ ᠠᠴᠠ ᠮᠠᠯ ᠤᠨᠤᠭ᠎ᠠ ᠶᠢ ᠬᠤᠪᠢ ᠪᠠᠷ ᠢᠶᠠᠨ ᠣᠷᠣᠭᠤᠯᠵᠤ ᠢᠷᠡᠬᠦ ᠳᠤ ᠬᠠᠮᠵᠢᠯᠴᠠᠬᠤ ᠪᠤᠶᠤ ᠣᠷᠣᠯᠴᠠᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠨᠠᠮ ᠵᠠᠰᠠᠭ ᠤᠨ ᠰᠠᠬᠢᠯᠭ᠎ᠠ ᠪᠠᠲᠤ ᠶᠢ ᠦᠨᠳᠦᠰᠦᠯᠡᠨ ᠴᠢᠩᠭ᠎ᠠ ᠰᠢᠶᠳᠪᠦᠷᠢᠯᠡᠨ᠎ᠡ᠃ᠳᠠᠭᠠᠯᠳᠤᠭᠤᠯᠤᠯ          ᠡᠸᠡᠩᠬᠢ ᠬᠤᠰᠢᠭᠤᠨ ᠤ ᠭᠠᠳᠠᠨ᠎ᠠ ᠠᠴᠠ ᠢᠷᠡᠬᠦ ᠮᠠᠯ ᠤᠨᠤᠭ᠎ᠠ ᠶᠢ ᠬᠠᠮᠢᠶᠠᠷᠤᠨ          ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ  ᠪᠦᠷᠢᠯᠳᠦᠬᠦᠨ ᠤ ᠨᠡᠷᠡᠰ     ᠳᠤᠭᠤᠶᠢᠯᠠᠩ ᠤᠨ ᠳᠠᠷᠤᠭ᠎ᠠ᠄ ᠳ᠋ᠦᠩ ᠱᠧᠩ      ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ     ᠳᠤᠭᠤᠶᠢᠯᠠᠩ ᠤᠨ ᠳᠡᠳ᠋ ᠳᠠᠷᠤᠭ᠎ᠠ  ᠄ ᠪᠦᠬᠡᠨ᠋ᠣᠳᠼᠠᠷ         ᠬᠤᠰᠢᠭᠤᠨ ᠤ ᠲᠠᠷᠢᠶᠠᠯᠠᠩ ᠪᠠ ᠰᠢᠨᠵᠢᠯᠡᠬᠦ ᠣᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ     ᠠᠯᠠᠮᠠᠳ             ᠬᠤᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ     ᠭᠡᠰᠢᠭᠦᠨ᠄ ᠶᠢᠨ ᠸᠧᠨ ᠴᠧᠩ      ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠪᠠᠶ ᠴᠦᠨ ᠭᠤᠸᠠᠩ    ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ        ᠹᠦ᠋ ᠴᠢᠩ            ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠲᠣᠪᠴᠢᠶᠠᠨ ᠤ ᠳᠠᠷᠤᠭ᠎ᠠ      ᠸᠠᠩ ᠯᠢ ᠵᠢᠶᠦ᠋ᠨ      ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ      ᠰᠦ᠋ ᠯᠢ ᠰᠢᠨ         ᠬᠤᠰᠢᠭᠤᠨ ᠤ ᠲᠠᠷᠢᠶᠠᠯᠠᠩ ᠪᠠ ᠰᠢᠨᠵᠢᠯᠡᠬᠦ ᠣᠬᠠᠭᠠᠨ ᠮᠡᠷᠭᠡᠵᠢᠯ ᠤᠨ ᠲᠣᠪᠴᠢᠶᠠᠨ  ᠤ ᠳᠡᠳ᠋ ᠳᠠᠷᠤᠭ᠎ᠠ      ᠲᠠᠷᠤᠤ               ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ      ᠯᠢᠩ ᠯᠢ             ᠪᠠᠶᠠᠨᠲᠣᠬᠤᠢ ᠪᠠᠯᠭᠠᠰᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠣ  ᠶᠢᠨ ᠳᠠᠷᠤᠭ᠎ᠠ      ᠵᠦᠸᠧ ᠷᠧᠨ          ᠳ᠋ᠠᠶᠠᠨ ᠪᠠᠯᠭᠠᠰᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠣ ᠶᠢᠨ ᠳᠠᠷᠤᠭ᠎ᠠ      ᠪᠠᠮᠪᠠᠷ              ᠢᠮᠢᠨ ᠭᠤᠣᠯ ᠪᠠᠯᠭᠠᠰᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠣ  ᠶᠢᠨ ᠳᠠᠷᠤᠭ᠎ᠠ      ᠲᠦ᠋ ᠢᠦᠢ ᠲᠤᠤ      ᠬᠤᠩᠭᠤᠯᠵᠢ ᠪᠠᠯᠭᠠᠰᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠣ ᠶᠢᠨ ᠳᠠᠷᠤᠭ᠎ᠠ      ᠲᠡᠨᠢᠭᠡᠷ             ᠬᠤᠢ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂  ᠰᠣᠮᠣ ᠶᠢᠨ ᠳᠠᠷᠤᠭ᠎ᠠ      ᠮᠦᠴᠢᠷ             ᠢᠮᠢᠨ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂  ᠰᠣᠮᠣ ᠶᠢᠨ ᠳᠠᠷᠤᠭ᠎ᠠ      ᠡᠨᠡᠷᠢᠯ              ᠰᠢᠨᠡᠬᠡᠨ ᠵᠡᠭᠦᠨ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣ ᠶᠢᠨ ᠳᠠᠷᠤᠭ᠎ᠠ      ᠰᠧᠷᠡᠨᠳᠠᠰᠢ          ᠰᠢᠨᠡᠬᠡᠨ ᠪᠠᠷᠠᠭᠤᠨ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣ ᠶᠢᠨ ᠳᠠᠷᠤᠭ᠎ᠠ      ᠸᠧ ᠵᠦᠩ           ᠪᠠᠶᠠᠨᠴᠠᠭᠠᠨ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠣᠮᠣ ᠶᠢᠨ ᠳᠠᠷᠤᠭ᠎ᠠ       ᠶᠢᠨ ᡁᠢ ᠭᠠᠩ        ᠪᠠᠶᠠᠨᠲᠠᠯ᠎ᠠ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ      ᠡᠸᠡᠩᠬᠢ ᠬᠤᠰᠢᠭᠤᠨ ᠤ ᠭᠠᠳᠠᠨ᠎ᠠ ᠠᠴᠠ ᠢᠷᠡᠬᠦ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠨᠢ ᠠᠯᠪᠠᠨ ᠭᠡᠷ ᠲᠤᠬᠢᠷᠠᠭᠤᠯᠵᠦ᠂ ᠠᠯᠪᠠᠨ ᠭᠡᠷ ᠢ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠠᠯᠪᠠᠨ ᠭᠡᠷ ᠲᠤ ᠲᠤᠬᠢᠷᠠᠭᠤᠯᠪᠠ᠃ ᠠᠯᠪᠠᠨ ᠭᠡᠷ ᠤᠨ ᠡᠷᠬᠢᠯᠡᠭᠴᠢ᠄ ᠪᠦᠬᠡᠨ᠋ᠣᠳᠼᠠᠷ᠂ ᠠᠯᠠᠮᠠᠳ ︵ᠬᠠᠪᠰᠤᠷᠭᠠᠨ ᠬᠠᠷᠢᠭᠤᠴᠠᠨ᠎ᠠ︶᠃             ᠡᠸᠡᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ             2021 ᠣᠨ ᠤ 6 ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ  
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号