ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠥᠯᠥᠨ ᠪᠤᠶᠢᠷ ᠤᠨ ᠣᠶ ᠰᠢᠭᠤᠶ ᠨᠤᠲᠤᠭ ᠪᠡᠯᠴᠢᠭᠡᠷ ᠤᠨ ᠰᠣᠯᠪᠢᠴᠠᠭᠰᠠᠨ ᠣᠷᠣᠨ ᠤ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ ᠶᠢ ᠰᠢᠯᠭᠠᠨ ᠵᠦᠪᠰᠢᠶᠠᠷᠠᠬᠦ ᠬᠤᠷᠠᠯ ᠢ ᠮᠠᠨ ᠤ ᠬᠤᠰᠢᠭᠤᠨ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/10
        9 ᠰᠠᠷ᠎ᠠ ᠶᠢᠨ 4 ᠤ ᠡᠳᠦᠷ᠂ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠥᠯᠥᠨ ᠪᠤᠶᠢᠷ ᠤᠨ ᠣᠶ ᠰᠢᠭᠤᠶ ᠨᠤᠲᠤᠭ ᠪᠡᠯᠴᠢᠭᠡᠷ ᠤᠨ ᠰᠣᠯᠪᠢᠴᠠᠭᠰᠠᠨ ᠣᠷᠣᠨ ᠤ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ ᠶᠢᠨ ᠰᠢᠯᠭᠠᠨ ᠵᠦᠪᠰᠢᠶᠠᠷᠡᠬᠦ ᠬᠤᠷᠠᠯ ᠢ ᠮᠠᠨ ᠤ ᠬᠤᠰᠢᠭᠤᠨ ᠳᠤ ᠬᠤᠷᠠᠯᠳᠤᠭᠤᠯᠵᠦ᠂ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠡᠳ᠋ ᠤᠨ ᠶᠠᠪᠤᠳᠠᠯ ᠤᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠦ ᠭᠤᠸᠠᠩ ᠴᠢᠩ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠳᠡᠳ᠋ ᠳᠠᠷᠤᠭ᠎ᠠ ᠵᠣᠣ ᠱᠢ ᠳ᠋ᠧ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ ᠳ᠋ᠠᠶ ᠬᠤᠩ ᠰᠢᠤᠸᠠᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠭᠦᠸᠧ ᠢᠦᠶ ᠯᠢᠩ ᠬᠤᠷᠠᠯ ᠳᠤ ᠣᠷᠣᠯᠴᠠᠵᠠᠶ᠃
     
    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋  ᠬᠤᠰᠢᠭᠤᠨ ᠳᠠᠷᠤᠭ᠎ᠠ ᠭᠦᠸᠧ ᠢᠦᠶ ᠯᠢᠩ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠰᠢᠯᠭᠠᠨ ᠪᠠᠶᠢᠴᠠᠭᠠᠬᠤ ᠪᠠᠷ ᠰᠠᠭᠠᠳᠠᠭᠰᠠᠨ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠥᠯᠥᠨ ᠪᠤᠶᠢᠷ ᠤᠨ ᠣᠶ ᠰᠢᠭᠤᠶ ᠨᠤᠲᠤᠭ ᠪᠡᠯᠴᠢᠭᠡᠷ ᠤᠨ ᠰᠣᠯᠪᠢᠴᠠᠭᠰᠠᠨ ᠣᠷᠣᠨ ᠤ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ ᠶᠢ ᠮᠠᠨ ᠤ ᠬᠤᠰᠢᠭᠤᠨ ᠳᠤ ᠨᠡᠭᠡᠭᠡᠨ ᠡᠷᠭᠢᠯᠡᠭᠰᠡᠨ ᠨᠢ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠠᠶᠠᠯᠡᠭᠦᠯᠬᠦ᠂ ᠬᠠᠮᠠᠭᠠᠯᠠᠯᠲᠠ ᠶᠢᠨ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢ ᠳᠡᠭᠡᠭᠰᠢᠯᠡᠭᠦᠯᠬᠦ‍ ᠨᠢᠭᠡ ᠤᠳᠠᠭᠠᠨ ᠤ ᠭᠦᠨᠵᠡᠭᠡᠢ ᠬᠠᠮᠲᠤᠷᠠᠯᠴᠠᠭ᠎ᠠ ᠪᠤᠯᠤᠨ᠎ᠠ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠢ ᠢᠯᠡᠷᠡᠯ ᠮᠦᠨ᠂ ᠡᠸᠡᠩᠬᠢ ᠬᠤᠰᠢᠭᠤ ᠳᠤᠮᠳᠠᠳᠤ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠤ ᠬᠦᠷᠢᠶᠡᠯᠡᠩ   ᠯᠤᠭ᠎ᠠ ᠢᠳᠡᠪᠬᠢᠲᠡᠢ ᠬᠠᠷᠢᠯᠴᠠᠨ ᠬᠠᠮᠵᠢᠯᠴᠠᠵᠤ᠂ ᠲᠦᠷᠦᠯ ᠵᠦᠢᠯ ᠤᠨ ᠵᠢᠷᠤᠭ ᠲᠥᠯᠥᠪᠯᠡᠭᠡ᠂ ᠨᠤᠭᠤ ᠭᠠᠵᠠᠷ ᠤᠨ ᠬᠠᠮᠠᠭᠠᠯᠠᠯᠲᠠ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠬᠠᠮᠲᠤᠪᠠᠷ ᠰᠠᠶᠢᠲᠤᠷ ᠥᠷᠨᠢᠭᠦᠯᠵᠦ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠤᠬᠢᠴᠠᠯ ᠲᠠᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠪᠠᠶᠢᠳᠠᠯ ᠢ ᠪᠡᠶᠡᠯᠡᠭᠦᠯᠦᠨ᠎ᠡ᠃
 
    ᠣᠶᠢᠯᠠᠭᠠᠭᠰᠠᠨ ᠢᠶᠠᠷ᠂ ᠬᠤᠢ ᠭᠤᠤᠯ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ 2017 ᠣᠨ ᠳᠤ ᠳᠤᠮᠳᠠᠳᠤ ᠤᠯᠤᠰ ᠤᠨ ᠣᠷᠴᠢᠨ  ᠲᠤᠭᠤᠷᠢᠨ ᠤ ᠬᠠᠮᠠᠭᠠᠯᠠᠯᠳᠠ  ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠤᠭ᠎ᠠ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠳᠤᠮᠳᠠᠳᠤ ᠤᠯᠤᠰ ᠤᠨ ᠣᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠢ ᠬᠠᠮᠵᠢᠨ ᠬᠠᠮᠠᠭᠠᠯᠠᠯᠲᠠ ᠶᠢᠨ ᠣᠷᠣᠨ ᠳᠤ ︽ᠤᠯᠤᠰ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ︾ ᠶᠢ ᠪᠠᠶᠢᠭᠤᠯᠤᠭᠰᠠᠨ ᠪᠥᠭᠡᠳ ᠵᠡᠭᠦᠨ ᠬᠤᠶᠢᠲᠤ ᠣᠷᠣᠨ ᠤ ᠠᠩᠬᠠᠳᠠᠭᠴᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠶᠠᠮᠤᠨ ᠤ ᠲᠠᠰ ᠤᠨ ᠬᠡᠭᠡᠷ᠎ᠡ ᠶᠢᠨ ᠠᠵᠢᠭᠯᠠᠨ ᠰᠢᠨᠵᠢᠬᠦ ᠰᠤᠳᠤᠯᠭᠠᠨ ᠤ ᠦᠷᠳᠡᠭᠡ ᠪᠤᠯᠤᠨ᠎ᠠ᠃ ᠲᠤᠰ ᠦᠷᠳᠡᠭᠡ ᠨᠢ ᠲᠤᠰᠬᠠᠢ ᠬᠥᠯᠥᠨ ᠪᠤᠶᠢᠷ ᠣᠷᠣᠨ ᠳᠤ ᠴᠢᠭᠯᠡᠭᠦᠯᠦᠨ ᠤᠮᠠᠷᠠᠲᠤ ᠶᠢᠨ ᠤᠢ ᠰᠢᠭᠤᠢ ᠨᠤᠲᠤᠭ ᠪᠡᠯᠴᠢᠭᠡᠷ ᠤᠨ ᠰᠣᠯᠪᠢᠴᠠᠯ ᠪᠦᠰᠡ ᠶᠢᠨ ᠣᠷᠣᠨ ᠵᠠᠢ ᠶᠢ ᠢᠯᠭᠠᠨ ᠲᠠᠨᠢᠬᠤ᠂ ᠠᠮᠢ ᠠᠬᠤᠢ ᠶᠢᠨ ᠬᠡᠪᠡᠷᠡᠭ ᠴᠢᠨᠠᠷ ᠢ ᠦᠨᠡᠯᠡᠬᠦ᠂ ᠲᠠᠴᠢᠷᠳᠠᠭᠰᠠᠨ ᠠᠮᠢ ᠠᠬᠤᠢ ᠶᠢᠨ ᠰᠢᠰᠲ᠋ᠧᠮ ᠢ ᠰᠡᠷᠭᠦᠭᠡᠬᠦ ᠪᠠ ᠲᠠᠬᠢᠨ ᠪᠠᠶᠢᠭᠤᠯᠬᠤ ᠵᠡᠷᠭᠡ ᠲᠠᠯ᠎ᠠ ᠶᠢᠨ ᠰᠤᠳᠤᠯᠭᠠᠨ ᠢ ᠥᠷᠨᠢᠭᠦᠯᠵᠦ᠂ ᠶᠡᠭᠡ ᠬᠡᠮᠵᠢᠶᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠤᠭ᠎ᠠ ᠪᠠᠷᠢᠮᠲᠠ ᠶᠢ ᠬᠤᠷᠠᠮᠳᠤᠭᠤᠯᠵᠤ᠂ ᠤᠯᠤᠰ ᠪᠣᠯᠤᠨ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠪᠦᠳᠦᠬᠡᠨ ᠪᠠᠶᠢᠭᠤᠯᠤᠯᠲᠠ ᠶᠢ ᠵᠢᠯᠣᠭᠤᠳᠬᠤ ᠳᠤ ᠳᠤᠪᠤᠶᠢᠮ᠎ᠠ ᠬᠤᠪᠢ ᠨᠡᠮᠡᠷᠢ ᠦᠵᠡᠭᠦᠯᠵᠡᠢ᠃    ᠲᠣᠰ ᠤᠳᠠᠭᠠᠨ ᠤ ᠰᠢᠯᠭᠠᠨ ᠪᠠᠶᠢᠴᠠᠭᠠᠬᠤ ᠬᠤᠷᠠᠯ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢᠲᠠᠨ ᠤ ᠰᠤᠳᠤᠯᠭᠠᠨ ᠤ ᠭᠠᠵᠠᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠡᠭᠦᠨ ᠬᠤᠶᠢᠲᠤ ᠶᠢᠨ ᠭᠠᠵᠠᠷ ᠵᠦᠶ ᠪᠠ ᠲᠠᠷᠢᠶᠠᠯᠠᠩ ᠤᠨ ᠠᠮᠢ ᠠᠬᠤᠶ ᠶᠢᠨ ᠰᠤᠳᠤᠯᠭᠠᠨ ᠤ ᠭᠠᠵᠠᠷ ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠨᠠᠨᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠠᠮᠢ ᠠᠬᠤᠶ ᠣᠷᠴᠢᠨ ᠲᠤᠭᠤᠷᠢᠨ ᠤ ᠶᠠᠮᠤᠨ ᠤ ᠨᠠᠨᠵᠢᠩ ᠤᠨ ᠣᠷᠴᠢᠨ ᠲᠤᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠬᠥᠯᠥᠨ ᠪᠤᠶᠢᠷ ᠳᠡᠭᠡᠳᠦ ᠰᠤᠷᠭᠠᠭᠤᠯᠢ᠂ ᠬᠥᠯᠥᠨ ᠨᠠᠭᠤᠷ ᠤᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠢᠯ ᠲᠥᠷᠥᠯ ᠤᠨ ᠪᠠᠶᠢᠭᠤᠯᠤᠮᠵᠢ ᠶᠢᠨ 7 ᠲᠤᠰᠬᠠᠢ ᠮᠠᠷᠭᠡᠵᠢᠯᠳᠠᠨ᠂ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠡᠳ᠋ ᠤᠨ ᠶᠠᠪᠤᠳᠠᠯ ᠤᠨ ᠵᠤᠷᠭᠠᠨ ᠤ ᠳᠤᠮᠳᠠᠳᠤ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠳᠤ ᠲᠦᠰᠢᠭᠯᠡᠨ ᠪᠠᠶᠢᠭᠤᠯᠤᠭᠰᠠᠨ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠥᠯᠥᠨ ᠪᠤᠶᠢᠷ ᠤᠨ ᠣᠶ ᠰᠢᠭᠤᠶ ᠨᠤᠲᠤᠭ ᠪᠡᠯᠴᠢᠭᠡᠷ ᠤᠨ ᠰᠣᠯᠪᠢᠴᠠᠭᠰᠠᠨ ᠣᠷᠣᠨ ᠤ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠰᠤᠳᠤᠯᠭᠠᠨ ᠤ  ᠦᠷᠳᠡᠭᠡ  ᠶᠢ ᠰᠢᠯᠭᠠᠨ ᠪᠠᠶᠢᠴᠠᠭᠠᠪᠠ᠃     7 ᠲᠤᠰᠬᠠᠶ ᠮᠡᠷᠭᠡᠵᠢᠯᠲᠡᠨ ᠬᠤᠢ ᠭᠤᠤᠯ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠬᠡᠰᠡᠭ ᠬᠢᠨᠠᠨ ᠬᠡᠮᠵᠢᠬᠦ ᠥᠷᠲᠡᠭᠡ ᠴᠡᠭ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠭᠰᠡᠨ ᠪᠥᠭᠡᠳ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠳ᠋ᠦᠩᠨᠡᠯᠲᠡ ᠶᠢᠨ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠬᠦᠢᠴᠡᠳᠭᠡᠭᠰᠡᠨ ᠪᠠᠶᠢᠳᠠᠯ ᠵᠢᠴᠢ ᠲᠦᠭᠦᠷᠵᠢᠭᠦᠯᠦᠭᠰᠡᠨ ᠴᠢᠳᠠᠪᠤᠷᠢ᠂ ᠪᠥᠲᠥᠭᠡᠨ ᠪᠠᠶᠢᠭᠤᠯᠬᠤ ᠬᠤᠭᠤᠴᠠᠭᠠᠨ ᠳᠠᠬᠢ ᠭᠤᠤᠯ ᠦᠷ᠎ᠡ ᠪᠦᠲᠦᠭᠡᠯ ᠵᠡᠷᠭᠡ ᠶᠢ  ᠬᠦᠢᠴᠡᠳ ᠨᠤᠲᠠᠯᠠᠪᠠ᠃     ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠬᠥᠯᠥᠨ ᠪᠤᠶᠢᠷ ᠤᠨ ᠠᠵᠢᠭᠯᠠᠯᠲᠠ ᠶᠢᠨ ᠥᠷᠲᠡᠭᠡ ︽ ᠲᠦᠯᠦᠪᠯᠡᠭᠰᠡᠨ ᠡᠭᠦᠷᠭᠡ ᠶᠢᠨ ᠪᠢᠴᠢᠭ︾ ᠳᠤ ᠲᠣᠭᠲᠠᠭᠠᠭᠰᠠᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠪᠠ ᠬᠢᠨᠠᠨ ᠰᠢᠯᠭᠠᠬᠤ ᠬᠦᠢᠴᠡᠳᠬᠡᠯ ᠲᠤᠭ᠎ᠠ ᠶᠢ ᠪᠡᠶᠡᠯᠡᠭᠦᠯᠵᠦ᠂ ᠡᠯᠡᠰᠦᠷᠬᠡᠭ ᠭᠠᠵᠠᠷ ᠤᠨ ᠵᠢᠭᠠᠷᠲᠤ ᠨᠠᠷᠠᠰᠤᠨ ᠣᠶ᠂ ᠨᠤᠭᠤ  ᠭᠠᠵᠠᠷ ᠤᠨ ᠬᠡᠭᠡᠷ᠎ᠡ ᠲᠠᠯ᠎ᠠ ᠪᠠ ᠭᠤᠤᠯ ᠮᠥᠷᠡᠨ ᠴᠢᠭᠢᠭᠯᠢᠭ ᠭᠠᠵᠠᠷ ᠵᠡᠷᠭᠡ 3 ᠬᠡᠰᠡᠭ  ᠪᠠᠶᠢᠩᠭᠤ ᠶᠢᠨ ᠬᠢᠨᠠᠨ ᠬᠡᠮᠵᠢᠯᠲᠡ ᠶᠢᠨ ᠥᠯᠢᠭᠡᠷ ᠭᠠᠵᠠᠷ ᠢ ᠪᠠᠶᠢᠭᠤᠯᠵᠦ᠂ ᠤᠷᠭᠤᠮᠠᠯ ᠤᠨ ᠪᠦᠯᠦᠭᠯᠡᠯ ᠤᠨ ᠪᠦᠲᠦᠴᠡ ᠶᠢᠨ ᠪᠣᠳᠠᠲᠠᠶ ᠬᠡᠮᠵᠢᠯᠲᠡ ᠶᠢᠨ ᠲᠤᠭ᠎ᠠ ᠪᠠᠷᠢᠮᠲᠠ ᠶᠢ ᠶᠡᠭᠡ ᠬᠡᠮᠵᠢᠶ᠎ᠡ ᠪᠠᠷ ᠬᠤᠷᠠᠮᠳᠤᠭᠤᠯᠤᠨ᠂ ᠣᠷᠣᠨ ᠪᠦᠰᠡ ᠶᠢᠨ ᠣᠷᠣᠨ ᠵᠠᠶ ᠶᠢᠨ ᠬᠠᠷᠢᠶᠠᠲᠤ ᠴᠢᠨᠠᠷ ᠤᠨ ᠳ᠋ᠠᠶᠢᠲ᠋ᠠ ᠬᠥᠮᠥᠷᠭᠡ ᠪᠠ ᠬᠥᠷᠥᠰᠥ ᠰᠢᠷᠣᠶ ᠶᠢᠨ ᠠᠩᠭᠢᠯᠠᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠭᠠᠳ ᠢᠯᠡᠳᠲᠡ ᠦᠷ᠎ᠡ ᠪᠦᠲᠦᠮᠵᠢ ᠣᠯᠵᠠᠶ᠃ ᠡᠨᠡ ᠨᠢ ᠬᠥᠯᠥᠨ ᠪᠤᠶᠢᠷ ᠤᠨ ᠠᠮᠢ ᠠᠬᠤᠶ  ᠣᠷᠴᠢᠨ  ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ ᠳᠤ ᠴᠢᠬᠤᠯᠠ ᠦᠨ᠎ᠡ ᠥᠷᠲᠡᠭ ᠲᠠᠢ ᠶᠤᠮ᠃ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠥᠯᠥᠨ ᠪᠤᠶᠢᠷ ᠤᠨ ᠣᠶ ᠰᠢᠭᠤᠶ ᠨᠤᠲᠤᠭ ᠪᠡᠯᠴᠢᠭᠡᠷ ᠤᠨ ᠰᠣᠯᠪᠢᠴᠠᠭᠰᠠᠨ ᠣᠷᠣᠨ ᠤ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ ᠰᠤᠳᠤᠯᠭᠠᠨ ᠤ ᠥᠷᠲᠡᠭᠡ ᠶᠢ ᠪᠥᠲᠥᠭᠡᠨ ᠪᠠᠶᠢᠭᠤᠯᠬᠤ ᠶᠢ ᠰᠢᠯᠭᠠᠨ ᠵᠦᠪᠰᠢᠶᠠᠷᠡᠬᠦ ᠪᠠᠶᠢᠴᠠᠭᠠᠯᠳᠠ ᠬᠢᠪᠡ  ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号