| | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠ ᠶᠢᠰᠦ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠭᠤᠯᠤᠮᠵᠢ ᠶᠢᠨ ᠲᠤᠬᠢᠷᠠᠭᠤᠯᠤᠯᠳᠠ ᠶᠢ ᠲᠡᠭᠦᠯᠳᠡᠷᠵᠢᠭᠦᠯᠦᠨ᠎ᠡ᠃ ᠤᠳᠤᠷᠢᠳᠬᠤ ᠳᠤᠭᠤᠶᠢᠯᠠᠩ ᠨᠢ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠦᠯᠦᠪᠯᠡᠨ ᠠᠬᠢᠭᠤᠯᠬᠤ ᠶᠢ ᠬᠠᠷᠢᠭᠤᠴᠠᠵᠤ᠂ | ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠰᠠᠷ᠎ᠠ ᠪᠦᠷᠢ ᠠᠵᠢᠯ ᠤᠨ ᠠᠬᠢᠴᠠ ᠶᠢᠨ ᠪᠠᠶᠢᠳᠠᠯ ᠢ ᠵᠤᠬᠢᠴᠠᠭᠤᠯᠤᠨ᠎ᠠ︔ ᠲᠤᠰᠬᠠᠶ ᠠᠵᠢᠯ ᠤᠨ ᠳᠤᠭᠤᠶᠢᠯᠠᠩ | ᠪᠠᠶᠢᠭᠤᠯᠵᠤ᠂ ᠰᠠᠷ᠎ᠠ ᠪᠦᠷᠢ ᠵᠤᠬᠢᠴᠠᠭᠤᠯᠤᠯᠳᠠ ᠬᠢᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠬᠠᠤᠯᠢ ᠶᠣᠰᠣᠭᠠᠷ | ᠬᠢᠨᠠᠯᠲᠠ ᠲᠠᠯᠪᠢᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠦᠴᠦᠷᠬᠡᠭ ᠶᠡᠭᠡ | ᠬᠠᠮᠲᠤᠷᠠᠯ ᠬᠦᠴᠦᠨ ᠢ ᠪᠦᠷᠢᠯᠳᠦᠬᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ᠂ ᠬᠥᠯᠥᠨ ᠪᠤᠶᠢᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠨᠢ ᠲᠣᠰ ᠭᠠᠵᠠᠷ ᠣᠷᠣᠨ ᠤ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰ ᠭᠠᠵᠠᠷ ᠣᠷᠣᠨ ᠤ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠳᠤ ᠣᠷᠣᠰᠢᠵᠤ ᠪᠠᠶᠢᠭ᠎ᠠ ᠠᠰᠠᠭᠤᠳᠠᠯ ᠢ ᠡᠮᠬᠢᠳᠬᠡᠨ ᠵᠠᠳᠠᠯᠬᠤ ᠪᠠ ᠰᠤᠳᠤᠯᠤᠨ ᠰᠢᠢᠳᠪᠦᠷᠢᠯᠡᠨ᠎ᠡ᠃ ᠡᠯ᠎ᠡ ᠲᠦᠷᠦᠭᠦᠯᠡᠨ ᠬᠢᠬᠦ | ᠰᠠᠯᠠᠭ᠎ᠠ ᠮᠥᠴᠢᠷ ᠨᠢ ᠬᠠᠮᠵᠢᠯᠴᠠᠬᠤ ᠨᠢᠭᠡᠴᠢ ᠲᠠᠢ ᠬᠠᠮᠲᠤᠷᠠᠨ᠂ ᠣᠷᠣᠰᠢᠵᠤ ᠪᠠᠶᠢᠭ᠎ᠠ ᠠᠰᠠᠭᠤᠳᠠᠯ ᠢ ᠡᠮᠬᠢᠳᠬᠡᠬᠦ ᠶᠢᠨ ᠬᠠᠮᠲᠤ ᠵᠠᠰᠠᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠲᠣᠭᠲᠠᠭᠠᠵᠤ᠂ ᠡᠭᠦᠷᠭᠡ ᠪᠠᠨ ᠵᠠᠳᠠᠯᠤᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠎ᠠ᠃ | ︵ᠬᠤᠷᠢ︶ ᠰᠢᠯᠭᠠᠨ ᠬᠢᠨᠠᠵᠤ ᠦᠨᠡᠯᠡᠬᠦ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠦᠨᠡᠯᠡᠬᠦ ᠭᠦᠢᠴᠡᠳᠬᠡᠯ ᠲᠤᠭ᠎ᠠ ᠪᠣᠯᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠨᠢᠭᠡᠴᠢ ᠶᠢᠨ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠭᠠᠨ ᠬᠢᠨᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠳᠤ | ᠬᠠᠮᠵᠢᠯᠴᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠰᠠᠭᠤᠳᠠᠯ ᠢ ᠢᠯᠡᠷᠡᠭᠦᠯᠪᠡᠯ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠭᠠᠵᠠᠷ ᠣᠷᠣᠨ ᠤ ᠰᠠᠯᠠᠭ᠎ᠠ ᠮᠥᠴᠢᠷ ᠤᠨ ᠣᠨ ᠤ ᠠᠵᠢᠯ ᠤᠨ ᠪᠦᠲᠦᠮᠵᠢ ᠶᠢ ᠰᠢᠯᠭᠠᠨ | ᠦᠨᠡᠯᠡᠬᠦ ᠠᠭᠤᠯᠭ᠎ᠠ ᠳᠤ ᠣᠷᠣᠭᠤᠯᠵᠤ᠂ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ | ︵ᠬᠤᠷᠢᠨ ᠨᠢᠭᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ | ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠤᠬᠠᠭᠤᠯᠤᠨ | ᠲᠠᠶᠢᠯᠪᠤᠷᠢᠯᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠮᠡᠳᠡᠭᠡ ᠵᠠᠩᠭᠢ ᠶᠢ ᠣᠨᠣᠴᠠᠲᠠᠢ ᠬᠦᠷᠭᠡᠵᠦ᠂ | ᠲᠦᠷᠦ ᠶᠢᠨ ᠪᠤᠳᠤᠯᠭ᠎ᠠ ᠶᠢ ᠣᠶᠢᠯᠠᠭᠠᠬᠤ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠰᠣᠨᠢᠨ ᠮᠡᠳᠡᠭᠡᠨ ᠤ ᠵᠠᠭᠤᠴᠢᠯᠠᠭᠤᠷ ᠨᠢ ᠴᠢᠬᠤᠯᠠ | ᠬᠡᠪᠯᠡᠯ ᠤᠨ ᠨᠢᠭᠤᠷ᠂ ᠭᠤᠤᠯᠳᠠᠯᠭ᠎ᠠ ᠲᠠᠢ ᠴᠠᠭ ᠬᠤᠭᠤᠴᠠᠭᠠᠨ ᠳᠤ ︽ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠲᠤᠰᠬᠠᠶ ᠪᠤᠯᠤᠩ ᠪᠤᠶᠤ ᠲᠤᠰᠬᠠᠶ ᠰᠡᠳᠦᠪᠲᠦ ᠫᠷᠤᠭ᠍ᠷᠠᠮ ᠢ ᠨᠡᠭᠡᠭᠡᠬᠦ ᠬᠡᠷᠡᠭᠲᠡᠶ᠃ ᠬᠤᠲᠠ ᠶᠢᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠰᠤᠷᠤ ᠰᠠᠶᠢᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠦᠷᠢᠯᠳᠦᠭᠦᠯᠬᠦ ᠬᠡᠷᠡᠭᠲᠡᠶ᠃ | ︵ᠬᠤᠷᠢᠨ ᠬᠤᠶᠠᠷ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭᠠᠬᠢ | ᠨᠥᠯᠥᠭᠡᠯᠡᠯ ᠢ ᠪᠥᠬᠦ ᠲᠠᠯ᠎ᠠ ᠪᠠᠷ ᠦᠨᠡᠯᠡᠨ ᠵᠢᠱᠢᠵᠦ᠂ ᠲᠥᠷᠥ ᠶᠢᠨ ᠪᠣᠳᠣᠯᠭ᠎ᠠ ᠶᠢᠨ ᠵᠥᠷᠢᠴᠡᠯ ᠮᠥᠷᠭᠦᠯᠳᠦᠭᠡᠨ᠂ ᠰᠢᠨ᠎ᠡ ᠪᠣᠳᠣᠯᠭ᠎ᠠ ᠳᠤ ᠰᠢᠯᠵᠢᠯᠲᠡ ᠶᠢᠨ | ᠬᠤᠭᠤᠴᠠᠭ᠎ᠠ ᠳᠤᠲᠠᠭᠳᠠᠬᠤ᠂ ᠲᠥᠷᠥ ᠶᠢᠨ ᠪᠣᠳᠣᠯᠭ᠎ᠠ ᠳᠠᠪᠬᠤᠴᠠᠬᠤ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠵᠠᠭᠠᠶ ᠨᠥᠯᠥᠭᠡ ᠪᠣᠯᠬᠤ ᠠᠴᠠ | ᠵᠠᠶᠢᠯᠠᠰᠬᠢᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠪᠤᠳᠠᠳᠠᠶᠢᠵᠢᠭᠤᠯᠬᠤ ᠪᠠ ᠤᠨᠤᠪᠴᠢᠳᠠᠢ ᠪᠠᠶᠢᠬᠤ ᠶᠢ ᠪᠠᠲᠤᠯᠠᠨ᠎ᠠ᠃ | |