ᠬᠦᠯᠦᠨ ᠪᠦᠢᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠨ ᠬᠦᠭᠵᠢᠭᠦᠯᠬᠦ ᠰᠠᠭᠤᠷᠢ ᠮᠦᠩᠭᠦ ᠶᠢᠨ ᠨᠡᠷ᠎ᠡ ᠶᠢ ᠬᠤᠪᠢᠷᠠᠭᠠᠬᠤ ᠲᠣᠬᠠᠢ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2021/9/15
                         ᠬᠦᠯᠦᠨ ᠵᠠᠰᠠᠭ ᠦᠰᠦᠭ ︵2021︶ 16 ᠳ᠋ᠤᠭᠠᠷ ᠲᠣᠭᠠᠲᠤ        ᠬᠦᠯᠦᠨ ᠪᠦᠢᠷ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠬᠤ ︵ᠪᠦᠯᠦᠭᠯᠡᠯᠲᠦ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄     ᠲᠠᠨ ᠤ ᠺᠣᠮᠫᠠᠨᠢ ᠶᠢᠨ ︽ᠬᠦᠯᠦᠨ ᠪᠦᠢᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠲᠡᠳᠬᠦᠨ ᠬᠦᠭᠵᠢᠭᠦᠯᠬᠦ ᠰᠠᠭᠤᠷᠢ ᠮᠦᠩᠭᠦ ᠶᠢᠨ ᠨᠡᠷ᠎ᠡ ᠶᠢ ᠬᠤᠪᠢᠷᠭᠠᠬᠤ ᠲᠣᠬᠠᠢ ᠡᠰᠢᠯᠡᠯᠲᠡ︾ ︵ᠬᠦᠯᠦᠨ ᠪᠦᠲᠦᠭᠡᠨ ᠣᠷᠤᠭᠤᠯᠤᠯᠲᠠ ᠦᠰᠦᠭᠲᠦ ︹2020︺101 ᠳ᠋ᠦ᠋ᠭᠡᠷ ᠲᠣᠭᠠᠲᠤ︶ ᠶᠢ ᠬᠤᠷᠢᠶᠠᠨ ᠠᠪᠤᠯ᠎ᠠ᠃ ᠰᠣᠳᠤᠯᠠᠬᠤ ᠪᠠᠷ ᠳᠠᠮᠵᠢᠭᠠᠳ ᠣᠳᠤ ᠳᠣᠤᠷᠠᠬᠢ ᠮᠡᠲᠦ ᠴᠣᠬᠤᠯᠠᠪᠤᠷᠢᠯᠠᠶ᠎ᠠ᠄     ᠬᠦᠯᠦᠨ ᠪᠦᠢᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠨ ᠬᠦᠭᠵᠢᠭᠦᠯᠬᠦ ᠰᠠᠭᠤᠷᠢ ᠮᠦᠩᠭᠦ ︵ᠬᠢᠵᠠᠭᠠᠷᠲᠤ ᠬᠤᠷᠰᠢᠯ︶ ᠶᠢᠨ ᠨᠡᠷ᠎ᠡ ᠶᠢ ᠬᠦᠯᠦᠨ ᠪᠦᠢᠷ ᠤᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠦᠭᠵᠢᠭᠦᠯᠬᠦ ᠰᠠᠭᠤᠷᠢ ᠮᠦᠩᠭᠦ ︵ᠬᠢᠵᠠᠭᠠᠷᠲᠤ ᠬᠤᠷᠰᠢᠯ︶ ᠪᠣᠯᠭᠠᠨ ᠬᠤᠪᠢᠷᠭᠠᠬᠤ ᠶᠢ ᠵᠠᠷᠴᠢᠮ ᠳᠡᠭᠡᠷ᠎ᠡ ᠪᠠᠨ ᠵᠦᠪᠰᠢᠶᠡᠷᠡᠪᠡ᠃ ᠲᠠᠨ ᠤ ᠺᠣᠮᠫᠠᠨᠢ ᠬᠠᠮᠢᠶ᠎ᠠ ᠪᠦᠬᠦᠢ ᠳᠡᠰ ᠳᠠᠷᠠᠭᠠᠯᠠᠯ ᠶᠣᠰᠤᠭᠠᠷ ᠴᠢᠩᠭ᠎ᠠ ᠵᠢᠷᠦᠮᠯᠡᠨ ᠭᠦᠢᠴᠡᠳᠬᠡᠬᠦ ᠬᠡᠷᠡᠭᠲᠡᠢ᠃       2021 ᠣᠨ ᠤ 6 ᠰᠠᠷ᠎ᠠ ᠶᠢᠨ 5 ᠤ ᠡᠳᠦᠷ ︵ᠲᠣᠰ ᠮᠡᠲ᠋ᠧᠷᠢᠶᠠᠯ ᠢ ᠢᠯᠡ ᠨᠡᠶᠢᠲᠡᠯᠡᠪᠡ︶    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ