| | 20210160 ᠳ᠋ᠤᠭᠠᠷ ᠲᠣᠭᠠᠲᠤ ᠦᠪᠦᠷ ᠮᠣᠩᠭᠤᠯ ᠤᠨ ᠬᠤᠩ ᠢᠤᠢ ᠰᠢᠨᠵᠢᠯᠡᠭᠡ ᠮᠡᠷᠭᠡᠵᠢᠯ ᠤᠨ ᠬᠤᠪᠢᠴᠠᠭᠠᠨ ᠤ ᠬᠢᠵᠠᠭᠠᠷᠲᠤ ᠺᠣᠮᠫᠠᠨᠢ᠄ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ 2013 ᠣᠨ ᠤ 11 ᠳ᠋ᠦ᠋ᠭᠡᠷ ᠤᠳᠠᠭᠠᠨ ᠤ | ᠲᠡᠷᠢᠭᠦᠯᠡᠭᠴᠢ ᠶᠢᠨ ᠠᠯᠪᠠᠯᠠᠬᠤ ᠬᠤᠷᠠᠯ ᠠᠴᠠ ᠲᠠᠨ ᠤ ᠺᠣᠮᠫᠠᠨᠢ ᠶᠢᠨ ᠵᠢᠯ ᠳᠤ 30 ᠲᠦᠮᠡᠨ ᠲᠣᠨ ᠨᠡᠶᠢᠯᠡᠯᠭᠡ ᠰᠢᠪᠲᠣᠷ 52 ᠲᠦᠮᠡᠨ ᠲᠣᠨ ᠰᠢᠭᠡᠰᠦᠯᠢᠭ ᠡᠳ᠋ | ᠦᠢᠯᠡᠳᠪᠦᠷᠢᠯᠡᠬᠦ ᠲᠦᠷᠦᠯ ᠵᠦᠢᠯ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠰᠠᠨ ᠵᠢᠶᠤᠤ ᠳ᠋ᠢ ᠨᠡᠭᠦᠷᠡᠰᠦᠨ ᠤ ᠠᠢ ᠰᠠᠪᠠ ᠶᠢᠨ 1.53 ᠳ᠋ᠦᠩᠰᠢᠭᠤᠷ ᠲᠣᠨ ᠤ | ᠨᠡᠭᠦᠷᠡᠰᠦᠨ ᠡᠬᠢ ᠪᠠᠶᠠᠯᠢᠭ ᠲᠣᠬᠢᠷᠠᠭᠤᠯᠤᠨ ᠦᠭᠬᠦ ᠶᠢ ᠵᠦᠪᠰᠢᠶᠡᠷᠡᠪᠡ᠃ ᠬᠦᠯᠦᠨ ᠪᠦᠢᠷ ᠤᠨ ᠬᠤᠸᠠᠰᠢᠨ ᠨᠢᠭᠲᠠᠯᠠᠨ ᠪᠣᠳᠤᠭᠴᠢ ᠶᠢᠨ ᠠᠵᠢᠯ ᠶᠠᠪᠤᠳᠠᠯ ᠤᠨ | ᠦᠷᠲᠡᠭᠡ ᠶᠢᠨ ︽ᠦᠪᠦᠷ ᠮᠣᠩᠭᠤᠯ ᠤᠨ ᠬᠤᠩ ᠢᠤᠢ ᠰᠢᠨᠵᠢᠯᠡᠭᠡ ᠮᠡᠷᠭᠡᠵᠢᠯ ᠤᠨ ᠬᠤᠪᠢᠴᠠᠭᠠᠨ ᠤ ᠬᠢᠵᠠᠭᠠᠷᠲᠤ ᠺᠣᠮᠫᠠᠨᠢ ᠶᠢᠨ 3052 ᠬᠢᠮᠢ ᠶᠢᠨ ᠪᠣᠷᠳᠤᠭᠤᠷ ᠤᠨ | ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ ᠰᠢᠯᠭᠠᠨ ᠦᠨᠡᠯᠡᠭᠰᠡᠨ ᠮᠡᠳᠡᠭᠦᠯᠦᠯᠲᠡ︾ ᠶᠢ ᠦᠨᠳᠦᠰᠦᠯᠡᠨ᠂ ᠲᠣᠰ ᠲᠦᠷᠦᠯ ᠵᠦᠢᠯ ᠢ ᠬᠠᠭᠠᠰ ᠳᠤᠮᠳᠠ ᠠᠴᠠ | ᠪᠠᠷᠢᠯᠭ᠎ᠠ ᠵᠣᠭᠰᠤᠭᠠᠵᠤ᠂ ᠪᠠᠷᠢᠯᠭ᠎ᠠ ᠶᠢᠨ ᠵᠢᠷᠤᠵᠤ ᠲᠦᠯᠦᠪᠯᠡᠭᠰᠡᠨ ᠪᠠᠷᠢᠮᠵᠢᠶ᠎ᠠ ᠳᠤ ᠬᠦᠷᠴᠦ ᠳᠡᠶᠢᠯᠦᠭᠰᠡᠨ ᠦᠭᠡᠢ ᠮᠦᠷᠲᠡᠭᠡᠨ ᠪᠠᠷᠢᠯᠭ᠎ᠠ ᠳᠠᠭᠤᠰᠬᠠᠨ | ᠠᠰᠢᠭᠯᠠᠯᠲᠠ ᠳᠤ ᠣᠷᠤᠭᠤᠯᠵᠤ ᠴᠢᠳᠠᠭᠰᠠᠨ ᠦᠭᠡᠢ᠂ ᠠᠮᠠᠯᠠᠭᠰᠠᠨ ᠬᠡᠪᠴᠢᠶᠡᠵᠢᠯ ᠶᠣᠰᠤᠭᠠᠷ ᠲᠦᠷᠦᠯ ᠵᠦᠢᠯ ᠢ ᠤᠯᠠᠷᠢᠭᠤᠯᠤᠨ ᠪᠠᠶᠢᠭᠤᠯᠤᠭᠰᠠᠨ ᠦᠭᠡᠢ᠃ | ︽ᠨᠡᠭᠦᠷᠡᠰᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠬᠢᠮᠳᠠ ᠪᠠᠷ ᠬᠤᠳᠠᠯᠳᠤᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠣᠬᠠᠢ ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠰᠠᠨᠠᠯ︾ ︵ᠦᠪᠦᠷ ᠵᠠᠰᠠᠭ ᠲᠠᠷᠬᠠᠭᠠᠭᠰᠠᠨ ︹2018︺ 22 ᠳ᠋ᠤᠭᠠᠷ ᠲᠣᠭᠠᠲᠤ︶᠂ ︽ | ᠦᠪᠡᠷᠲᠡᠭᠡᠨ ᠵᠠᠰᠠᠬᠤ ᠣᠷᠤᠨ ᠤ ᠨᠡᠭᠦᠷᠡᠰᠦᠨ ᠤ ᠡᠬᠢ ᠪᠠᠶᠠᠯᠢᠭ ᠢ ᠲᠣᠬᠢᠷᠠᠭᠤᠯᠬᠤ ᠬᠠᠮᠢᠶᠠᠷᠤᠯᠲᠠ ᠶᠢ ᠲᠡᠭᠦᠯᠳᠡᠷᠵᠢᠭᠦᠯᠬᠦ ᠲᠣᠭᠲᠠᠭᠠᠯ ᠤᠳ ᠢ ᠳᠠᠷᠤᠮᠯᠠᠨ ᠲᠠᠷᠬᠠᠭᠠᠬᠤ | ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ | ︹2012︺ 126 ᠳ᠋ᠤᠭᠠᠷ ᠲᠣᠭᠠᠲᠤ︶᠂ ︽ᠨᠢᠭᠡᠳᠦᠭᠡᠷ ᠪᠦᠯᠦᠭ ᠤᠨ ᠨᠡᠭᠦᠷᠡᠰᠦᠨ ᠤ ᠡᠬᠢ ᠪᠠᠶᠠᠯᠢᠭ ᠢ ᠢᠯᠭᠠᠷᠠᠭᠤᠯᠤᠨ ᠬᠤᠷᠢᠶᠠᠵᠤ ᠰᠢᠳᠪᠦᠷᠢᠯᠡᠬᠦ | ᠬᠤᠯᠪᠤᠭᠳᠠᠯ ᠪᠦᠬᠦᠢ ᠶᠠᠪᠤᠳᠠᠯ ᠤᠨ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ | ︵ᠦᠪᠦᠷ ᠪᠠᠶᠢᠭᠠᠯᠢ ᠪᠠᠶᠠᠯᠢᠭ ᠦᠰᠦᠭᠲᠦ ︹2021︺154 ᠳ᠋ᠦ᠋ᠭᠡᠷ ᠲᠣᠭᠠᠲᠤ︶ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠤᠭᠠᠷ᠂ ᠲᠠᠨ ᠤ ᠺᠣᠮᠫᠠᠨᠢ ᠶᠢᠨ | ᠵᠢᠯ ᠳᠤ 30 ᠲᠦᠮᠡᠨ ᠲᠣᠨ ᠨᠡᠶᠢᠯᠡᠯᠭᠡ ᠰᠢᠪᠲᠣᠷ 52 ᠲᠣᠨ ᠰᠢᠭᠡᠰᠦᠯᠢᠭ ᠡᠳ᠋ ᠦᠢᠯᠡᠳᠪᠦᠷᠢᠯᠡᠬᠦ ᠲᠦᠷᠦᠯ ᠵᠦᠢᠯ ᠳᠤ ᠪᠡᠯᠡᠳᠬᠡᠨ ᠦᠯᠡᠳᠡᠭᠡᠭᠰᠡᠨ 1.53 | ᠳ᠋ᠦᠩᠰᠢᠭᠤᠷ ᠲᠣᠨ ᠤ ᠨᠡᠭᠦᠷᠡᠰᠦᠨ ᠤ ᠡᠬᠢ ᠪᠠᠶᠠᠯᠢᠭ ᠢ ᠦᠭᠡᠶᠢᠰᠬᠡᠪᠡ᠃ ᠡᠭᠦᠨ ᠤ ᠲᠤᠯᠠ ᠮᠡᠳᠡᠭᠳᠡᠪᠡ᠃ | | 2021 ᠣᠨ ᠤ 6 ᠰᠠᠷ᠎ᠠ ᠶᠢᠨ 18 ᠤ ᠡᠳᠦᠷ | | | ︵ᠲᠣᠰ ᠮᠡᠲ᠋ᠧᠷᠢᠶᠠᠯ ᠢ ᠢᠯᠡ ᠨᠡᠶᠢᠲᠡᠯᠡᠪᠡ︶ | |