| | ᠭᠤᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠳᠤ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠡᠷᠬᠢᠯᠡᠨ | ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠠᠵᠢᠯ ᠤᠨ ᠵᠠᠷᠴᠢᠮ ᠢ ᠪᠠᠷᠢᠮᠲᠠᠯᠠᠨ᠎ᠠ᠃ | ᠳᠥᠷᠪᠡᠳᠦᠭᠡᠷ ᠵᠦᠢᠯ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠤᠰ ᠠᠷᠭ᠎ᠠ ᠶᠢᠨ ᠶᠣᠰᠣᠭᠠᠷ ᠬᠠᠷᠢᠶ᠎ᠠ ᠣᠷᠣᠨ ᠤ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠣᠳᠠᠲᠠᠶ ᠲᠣᠭᠲᠠᠭᠠᠯ ᠢ | ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠦᠷᠢᠨᠰᠢᠭᠦᠯᠦᠨ | ᠲᠡᠭᠦᠯᠳᠡᠷᠵᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠤᠨ ᠵᠠᠷᠤᠳᠠᠯ ᠢ ᠲᠥᠰᠦᠪ ᠲᠤ ᠣᠷᠣᠭᠤᠯᠵᠤ᠂ ᠦᠨᠳᠦᠰᠦᠨ ᠱᠠᠲᠤᠨ ᠤ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ | ᠵᠡᠩᠭᠢᠴᠢ ᠶᠢᠨ ᠠᠵᠢᠯ ᠢᠶᠠᠨ ᠥᠷᠨᠢᠭᠦᠯᠬᠦ ᠳᠤ ᠴᠢᠬᠤᠯᠠ ᠪᠦᠬᠦᠢ ᠵᠠᠷᠤᠳᠠᠯ ᠪᠠ ᠨᠥᠬᠦᠴᠡᠯ ᠬᠠᠩᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠠᠵᠢᠯᠯᠠᠭ᠎ᠠ ᠳᠤᠮᠳᠠᠬᠢ ᠮᠡᠳᠡᠭᠡ ᠵᠠᠩᠭᠢ ᠶᠢ ᠴᠤᠭᠯᠠᠭᠤᠯᠬᠤ᠂ ᠪᠠᠶᠢᠳᠠᠯ ᠢ ᠳᠡᠭᠡᠭᠰᠢ ᠮᠡᠳᠡᠭᠦᠯᠬᠦ᠂ ᠲᠤᠬᠠᠶ ᠶᠢᠨ ᠲᠠᠯᠠᠪᠠᠶ ᠳᠤ ᠵᠢᠯᠣᠭᠤᠳᠬᠤ ᠵᠡᠷᠭᠡ | ᠲᠠᠯ᠎ᠠ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠭᠠᠴᠠᠭ᠎ᠠ᠂ | ᠲᠣᠰᠬᠤᠨ ︵ᠨᠡᠶᠢᠭᠡᠮ ᠲᠣᠭᠤᠷᠢᠭ︶ ᠤ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢᠴᠢ ᠵᠡᠷᠭᠡ ᠪᠠᠷ ᠴᠢᠬᠤᠯᠠ ᠨᠥᠬᠦᠪᠥᠷᠢ ᠪᠣᠯᠭᠠᠭᠰᠠᠨ ᠮᠠᠯᠵᠢᠬᠤ ᠲᠠᠷᠢᠶᠠᠯᠠᠬᠤ | ᠣᠷᠣᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠤᠷ ᠰᠦᠯᠵᠢᠶ᠎ᠡ ᠶᠢ ᠢᠳᠡᠪᠬᠢᠲᠡᠶ ᠪᠠᠷ ᠪᠠᠶᠢᠭᠤᠯᠵᠤ᠂ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ | ᠬᠢᠨᠠᠬᠤ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠢ | ᠦᠨᠡᠨ ᠬᠦ ᠪᠠᠲᠤᠯᠠᠨ᠎ᠠ᠃ | ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ | ᠶᠡᠷᠦᠩᠬᠡᠶᠢᠯᠡᠨ ᠵᠠᠰᠠᠬᠤ ᠶᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠲᠣ ᠶᠢᠨ ᠪᠠᠶᠢᠭ᠎ᠠ ᠡᠯ᠎ᠡ ᠵᠦᠢᠯ ᠤᠨ ᠲᠠᠯᠠᠪᠤᠷ ᠢ ᠪᠦᠲᠦᠮᠵᠢᠲᠡᠶ ᠠᠰᠢᠭᠯᠠᠵᠤ᠂ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠲᠣᠭᠲᠠᠮᠠᠯ ᠲᠠᠯᠠᠪᠤᠷ ᠲᠤ ᠣᠷᠣᠭᠤᠯᠵᠤ ᠡᠵᠡᠩᠨᠡᠬᠦ ᠶᠢ ᠠᠬᠢᠭᠤᠯᠬᠤ ᠶᠢᠨ ᠬᠠᠮᠲᠤ᠂ | ᠡᠵᠡᠩᠨᠡᠯᠲᠡ ᠶᠢᠨ ᠣᠷᠴᠢᠨ ᠲᠣᠭᠤᠷᠢᠨ ᠪᠠ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ | |