| | ᠲᠠᠪᠤᠳᠤᠭᠠᠷ ᠵᠦᠢᠯ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠳᠠᠭᠠᠭᠠᠴᠢᠯᠠᠨ ᠭᠦᠢᠴᠡᠳᠬᠡᠭᠴᠢ ᠶᠢ ᠵᠠᠷᠯᠠᠨ ᠨᠡᠶᠢᠲᠡᠯᠡᠬᠦ ᠲᠦᠷᠢᠮ ᠢ ᠪᠠᠶᠢᠭᠤᠯᠤᠨ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠳᠤ ᠳᠠᠭᠠᠭᠠᠴᠢᠯᠠᠨ ᠭᠦᠢᠴᠡᠳᠬᠡᠭᠴᠢ ᠶᠢᠨ ᠳᠡᠩᠰᠡᠯᠡᠨ ᠲᠡᠮᠳᠡᠭᠯᠡᠬᠦ᠂ ᠡᠳ᠋ᠰᠢᠭᠦᠯᠵᠦ ᠦᠢᠯᠡᠳᠬᠦ | ᠬᠥᠮᠦᠰ ᠤᠨ ᠪᠡᠶ᠎ᠡ ᠶᠢᠨ ᠪᠠᠶᠢᠴᠠᠭᠠᠯᠲᠠ ᠪᠣᠯᠪᠠᠰᠤᠷᠠᠭᠤᠯᠤᠯ᠂ ᠬᠠᠤᠯᠢ ᠲᠣᠭᠲᠠᠭᠠᠯ ᠶᠣᠰᠣᠭᠠᠷ ᠡᠵᠡᠩᠨᠡᠬᠦ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠤᠶᠤ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠵᠦ᠂ ᠳᠠᠭᠠᠭᠠᠴᠢᠯᠠᠨ ᠭᠦᠢᠴᠡᠳᠬᠡᠭᠴᠢ ᠶᠢ ᠰᠢᠮᠳᠠᠭᠤᠯᠤᠨ ᠦᠨᠡᠨᠴᠢ ᠢᠲᠡᠭᠡᠮᠵᠢᠲᠡᠶ ᠪᠠᠷ ᠬᠠᠤᠯᠢ ᠶᠢ | ᠰᠠᠬᠢᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠵᠢ ᠲᠠᠢ ᠪᠠᠷ ᠬᠤᠭᠤᠯᠠᠯᠠᠬᠤ ᠬᠡᠷᠡᠭᠲᠡᠶ | ᠃ | ᠵᠢᠷᠭᠤᠳᠤᠭᠠᠷ ᠵᠦᠢᠯ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠳᠣᠲᠣᠷᠠᠬᠢ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠡᠳᠡᠨ ᠤ ᠲᠣᠰ ᠣᠷᠣᠨ ᠪᠦᠰᠡ ᠶᠢᠨ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠬᠤ᠂ ᠢᠳᠡᠭᠡᠨ ᠤ | ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠵᠢᠴᠢ ᠨᠡᠭᠦᠳᠡᠯ ᠲᠣᠭᠤᠭᠠᠴᠢ ᠶᠢᠨ ᠲᠠᠩᠰᠠ ᠪᠠᠶᠢᠭᠤᠯᠬᠤ ᠪᠠ ᠬᠠᠮᠢᠶᠠᠷᠬᠤ ᠵᠡᠷᠭᠡ ᠠᠵᠢᠯ | ᠥᠷᠨᠢᠭᠦᠯᠬᠦ ᠶᠢ ᠵᠢᠯᠣᠭᠤᠳᠴᠤ᠂ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠵᠢᠴᠢ ᠨᠡᠭᠦᠳᠡᠯ ᠲᠣᠭᠤᠭᠠᠴᠢ ᠶᠢᠨ ᠢᠳᠡᠭᠡᠨ ᠤ | ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠰᠢᠮᠳᠠᠭᠤᠯᠤᠨ ᠪᠠᠶᠢᠴᠠᠭᠠᠬᠤ ᠵᠢᠴᠢ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠪᠦᠷᠢᠳᠬᠡᠨ ᠳᠠᠩᠰᠠᠯᠠᠬᠤ᠂ ᠲᠤᠬᠠᠶᠢᠯᠠᠭᠰᠠᠨ ᠠᠵᠢᠯ ᠢ | ᠵᠢᠯᠣᠭᠤᠳᠬᠤ ᠵᠢᠴᠢ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠶᠢᠨ ᠠᠵᠢᠯ ᠢᠶᠠᠨ ᠥᠷᠨᠢᠭᠦᠯᠬᠦ ᠶᠢ ᠬᠠᠮᠵᠢᠯᠴᠠᠨ | ᠵᠢᠯᠣᠭᠤᠳᠤᠨ᠎ᠠ᠂ ᠴᠢᠬᠤᠯᠠᠲᠠᠶ ᠦᠶ᠎ᠡ ᠳᠤ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠭᠤᠶᠤᠴᠢᠯᠠᠨ | ᠲᠤᠬᠠᠶ ᠶᠢᠨ ᠭᠠᠵᠠᠷ ᠲᠤᠨᠢ ᠵᠢᠯᠣᠭᠤᠳᠬᠤ ᠪᠠ ᠬᠢᠨᠠᠯᠲᠠ ᠲᠠᠯᠪᠢᠵᠤ ᠪᠣᠯᠤᠨ᠎ᠠ᠃ | |