ᠲᠣᠯᠢ  ᠪᠠᠷ  ᠴᠠᠬᠢᠯᠭᠠᠨ  ᠭᠠᠷᠭᠠᠵᠤ᠂ ᠰᠢᠨᠵᠢᠶᠠᠩ ᠤᠨ ᠠᠩᠬᠠᠳᠠᠭᠴᠢ  ᠭᠡᠷᠡᠯ ᠢᠯᠴᠢ ᠪᠠᠷ ᠴᠠᠬᠢᠯᠭᠠᠨ ᠭᠠᠷᠭᠠᠬᠤ ᠥᠷᠲᠡᠭᠡ ᠴᠡᠪᠡᠷ ᠡᠨᠧᠷᠭᠢ ᠶᠢ  ᠭᠠᠳᠠᠭᠰᠢᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/9/2
          8 ᠰᠠᠷ᠎ᠠ ᠶᠢᠨ 25 ᠤ ᠡᠳᠦᠷ ᠪᠣᠯ ᠪᠥᠬᠦ  ᠤᠯᠤᠰ   ᠤᠨ  ᠳᠣᠤᠷ᠎ᠠ  ᠨᠡᠭᠦᠷᠡᠰᠦᠲᠥ᠋ᠷᠥᠭᠴᠢᠲᠦ  ᠡᠳᠦᠷ  ᠪᠣᠯᠤᠨ᠎ᠠ᠃ ᠰᠢᠨᠵᠢᠶᠠᠩ ᠤᠨ ᠢ ᠡᠥ ᠰᠢᠶᠠᠨ ᠤ ᠵᠦᠸᠧ ᠮᠤᠤ ᠬᠤ᠋ ᠪᠠᠯᠭᠠᠰᠤᠨ ᠤ ᠨᠡᠯᠦᠭᠡᠷ ᠶᠡᠭᠡ ᠭᠤᠪᠢ ᠨᠤᠲᠤᠭ  ᠲᠤ᠂ ᠵᠠᠭᠤᠨ ᠮᠧᠲᠷ ᠤᠨ ᠥᠨᠳᠥᠷ ᠰᠤᠪᠤᠷᠭ᠎ᠠ ᠰᠡᠬᠦᠶᠢᠨ ᠰᠦᠨᠳᠡᠷᠯᠡᠵᠦ᠂ ᠲᠦᠮᠡ ᠭᠠᠷᠤᠢ ᠲᠣᠭᠲᠠᠮᠠᠯ ᠲᠤᠯᠢ  ᠨᠤᠭᠤᠳ ᠨᠠᠷᠠᠨ   ᠤ  ᠭᠡᠷᠡᠯ   ᠳᠤ  ᠤᠶᠢᠵᠤ ᠪᠠᠶᠢᠯ᠎ᠠ᠃ ᠰᠢᠨᠵᠢᠶᠠᠩ ᠤᠨ ᠠᠩᠬᠠᠳᠠᠭᠴᠢ ᠬᠡᠷᠡᠯ ᠢᠯᠴᠢ ᠶᠢᠨ ᠴᠠᠬᠢᠯᠭᠠᠨ ᠥᠷᠲᠡᠭᠡ ᠪᠣᠯᠤᠭᠰᠠᠨ ᠤ ᠬᠤᠪᠢ   ᠳᠤ᠂  ᠬᠠᠮᠢᠯ   ᠤᠨ 50 ᠰᠠᠶ᠎ᠠ ᠸᠠᠲ ᠬᠠᠶᠢᠯᠤᠮᠠᠯ ᠳᠠᠪᠤᠰᠤᠨ ᠰᠤᠪᠤᠷᠭ᠎ᠠ ᠮᠠᠶ᠋ᠢᠭ ᠤᠨ ᠬᠡᠷᠡᠯ ᠢᠯᠴᠢ   ᠶᠢᠨ  ᠴᠠᠬᠢᠯᠭᠠᠨ  ᠥᠷᠲᠡᠭᠡ   ᠨᠢ  ᠪᠣᠬᠢᠷᠲᠤᠯ ᠪᠣᠳᠠᠰ ᠭᠠᠳᠠᠭᠰᠢᠯᠠᠭᠤᠯᠬᠤ ᠥᠬᠡᠶ ᠪᠠᠶᠢᠬᠤ ᠪᠠᠷ ᠪᠠᠷᠠᠬᠤ ᠥᠬᠡᠶ᠂ ᠪᠠᠰᠠ  ᠢᠯᠴᠢ  ᠬᠠᠳᠠᠭᠠᠯᠠᠬᠤ   ᠪᠠᠷ  ᠳᠡᠮᠵᠢᠨ  24  ᠴᠠᠭ ᠦᠷᠭᠦᠯᠵᠢᠯᠡᠨ ᠴᠠᠬᠢᠯᠭᠠᠨ ᠭᠠᠷᠭᠠᠬᠤ ᠶᠢ ᠪᠡᠶᠡᠯᠡᠭᠦᠯᠪᠡ᠃ ᠴᠠᠬᠢᠯᠭᠠᠨ ᠭᠠᠷᠭᠠᠬᠤ ᠥᠷᠲᠡᠭᠡ   ᠨᠢ  ᠴᠡᠪᠡᠷ  ᠡᠨᠧᠷᠭᠢ   ᠶᠢ  ᠲᠦᠭ ᠲᠦᠮᠡᠨ ᠠᠶᠢᠯ ᠡᠷᠦᠬᠡ ᠳᠤ ᠬᠦᠷᠭᠡᠬᠦ ᠶᠢᠨ ᠬᠠᠮᠲᠤ᠂ ᠮᠥᠨ ᠴᠦ ᠨᠢᠭᠡᠨ 《ᠭᠡᠷᠡᠯᠲᠦ ᠴᠠᠮᠬᠠᠭ》 ᠰᠢᠭ ᠢᠶᠠᠷ ᠰᠢᠨᠵᠢᠶᠠᠩ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ  ᠬᠥᠭᠵᠢᠯᠲᠡ   ᠶᠢᠨ  ᠴᠢᠭᠯᠡᠯ   ᠢ  ᠵᠢᠭᠠᠵᠤ᠂  ᠨᠠᠩ  ᠣᠯᠠᠨ ᠪᠣᠯᠤᠯᠴᠠᠭ᠎ᠠ ᠶᠢ ᠠᠪᠴᠢᠷᠠᠵᠠᠶ᠃
 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号