ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠪᠦᠬᠦ ᠨᠡᠶᠢᠭᠡᠮ ᠠᠴᠠ ᠨᠤᠷᠠᠭᠠᠯᠲᠠ ᠶᠢᠨ  ᠴᠢᠨᠠᠷᠲᠠᠢ  ᠮᠡᠷᠭᠡᠵᠢᠯ ᠤᠨ ᠰᠤᠳᠤᠯᠤᠨ ᠨᠡᠭᠡᠭᠡᠬᠦ ᠴᠢᠭᠯᠡᠯ ᠤᠨ ᠰᠠᠨᠠᠭᠤᠯᠭ᠎ᠠ ᠴᠤᠭᠯᠠᠭᠤᠯᠪᠠ
ᠨᠡᠶᠢᠲᠡᠯᠡᠭᠰᠡᠨ ᠴᠠᠭ᠄
2021/9/2
       ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 23 ᠤ ᠴᠠᠬᠢᠯᠭᠠᠨ ᠮᠡᠳᠡᠭᠡ ︵ᠰᠤᠷᠪᠤᠯᠵᠢᠯᠠᠭᠴᠢ  ᠸᠠᠩ  ᠯᠢᠨ ᠯᠢᠨ︶ ᠮᠠᠨ ᠤ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ  ᠴᠢᠭᠯᠡᠯ ᠢ ᠪᠠᠷᠠᠯᠠᠬᠤ ᠪᠠᠶᠢᠷᠢᠰᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤᠢᠢᠷ᠎ᠠ ᠶᠢᠨ ᠡᠳᠦᠷ ᠪᠦᠬᠦ  ᠨᠡᠶᠢᠭᠡᠮ ᠳᠤ  ᠬᠠᠨᠳᠤᠭᠤᠯᠤᠨ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠤᠳᠤᠯᠤᠨ ᠨᠡᠭᠡᠭᠡᠬᠦ  ᠴᠢᠭᠯᠡᠯ ᠤᠨ ᠰᠠᠨᠠᠭᠤᠯᠭ᠎ᠠ ᠶᠢ  ᠴᠤᠭᠯᠠᠭᠤᠯᠬᠤ ᠠᠵᠢᠯ ᠢ ᠥᠷᠨᠢᠭᠦᠯᠵᠡᠢ᠃ ᠡᠭᠦᠨ ᠳᠤ ᠨᠥᠬᠦᠴᠡᠯ ᠳᠤ ᠨᠡᠶᠢᠴᠡᠬᠦ ᠰᠠᠨᠠᠭᠤᠯᠭ᠎ᠠ ᠶᠢ ᠲᠠᠰ ᠳᠠᠷᠠᠭᠠᠯᠠᠯ ᠶᠣᠰᠣᠭᠠᠷ ᠰᠠᠨᠠᠭᠤᠯᠭ᠎ᠠ ᠶᠢᠨ ᠬᠥᠮᠥᠷᠭᠡ ᠳᠤ  ᠣᠷᠣᠭᠤᠯᠵᠤ᠂  ᠬᠠᠮᠢᠶ᠎ᠠ ᠪᠥᠬᠦᠶ ᠡᠭᠦᠷᠭᠡ ᠶᠢᠨ ᠪᠠᠶᠢᠷᠢᠯᠠᠭᠤᠯᠤᠯᠲᠠ ᠳᠤ ᠲᠤᠯᠭᠠᠭᠤᠷᠢᠯᠠᠯ ᠬᠠᠩᠭᠠᠨ᠎ᠠ᠃                        ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠣᠯ ᠨᠢᠭᠡ ᠵᠦᠢᠯ ᠤᠨ ᠣᠨᠳᠣᠣ ᠵᠠᠮ ᠤᠨ ᠰᠢᠨᠡᠴᠢᠯᠡᠯᠲᠡ ᠳᠤ ᠬᠠᠷᠢᠶᠠᠯᠠᠭᠳᠠᠨ᠎ᠠ᠂ ᠬᠥᠮᠦᠨ ᠲᠥᠷᠥᠯᠬᠢᠲᠡᠨ ᠤ ᠠᠮᠢᠳᠤᠷᠠᠯ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠳᠠᠯᠳᠤᠭᠠᠨ ᠤ ᠬᠡᠷᠡᠭᠯᠡᠭᠡᠨ ᠤ ᠵᠠᠭᠪᠤᠷ ᠢ ᠲᠠᠬᠢᠨ ᠱᠤᠭᠤᠬᠤ ᠬᠤᠪᠢᠰᠬᠠᠯᠴᠢ ᠴᠢᠨᠠᠷᠲᠠᠢ ᠠᠴᠢ ᠬᠤᠯᠪᠣᠭᠳᠠᠯ ᠲᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠰᠢᠨ᠎ᠡ ᠶᠢ ᠡᠭᠦᠳᠬᠦ ᠶᠢᠨ ᠴᠢᠬᠤᠯᠠ ᠰᠢᠪᠲᠤᠯᠤᠯᠲᠠ ᠶᠢᠨ ᠴᠡᠭ ᠪᠣᠯᠤᠨ᠎ᠠ᠃                        ᠲᠣᠰ ᠤᠳᠠᠭ᠎ᠠ ᠶᠢᠨ ᠰᠠᠨᠠᠭᠤᠯᠭ᠎ᠠ ᠳᠤ ᠭᠤᠤᠯᠳᠠᠭᠤ ᠠᠵᠤ ᠠᠬᠤᠶ ᠨᠡᠶᠢᠭᠡᠮ ᠤᠨ  ᠴᠢᠨᠠᠷ  ᠰᠠᠶᠢᠲᠠᠶ  ᠬᠥᠭᠵᠢᠯᠲᠡ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠴᠡᠭᠡ  ᠱᠠᠭᠠᠷᠳᠠᠯᠭ᠎ᠠ ᠳᠤ  ᠴᠢᠭᠯᠡᠭᠦᠯᠵᠦ᠂ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠰᠢᠪᠲᠤᠯᠤᠯᠲᠠ ᠶᠢᠨ ᠴᠢᠨᠠᠷ᠂ ᠠᠵᠤ ᠦᠢᠯᠡᠰ ᠤᠨ ᠬᠤᠪᠢᠰᠤᠯᠲᠠ ᠶᠢᠨ ᠴᠢᠨᠠᠷ ᠵᠢᠴᠢ ᠯᠤᠲᠤ ᠶᠡᠭᠡ ᠵᠠᠬ᠎ᠠ ᠳᠡᠯᠭᠡᠭᠦᠷ ᠤᠨ ᠳᠠᠯᠳᠠ ᠬᠦᠴᠦᠨ ᠵᠡᠷᠭᠡ ᠣᠨᠴᠠᠯᠢᠭ ᠢ ᠳᠣᠪᠤᠶᠢᠯᠭᠠᠵᠤ᠂ ᠢᠷᠡᠭᠡᠳᠦᠶ ᠶᠢᠨ ᠨᠢᠭᠡ ᠬᠤᠭᠤᠴᠠᠭᠠᠨ ᠳᠤ ᠴᠢᠬᠤᠯᠠ ᠶᠡᠭᠡ ᠰᠢᠪᠲᠤᠯᠤᠯᠲᠠ ᠭᠠᠷᠭᠠᠵᠤ ᠮᠡᠳᠡᠬᠦ ᠪᠥᠭᠡᠳ ᠠᠵᠤ ᠦᠢᠯᠡᠰ ᠤᠨ ᠲᠠᠰ ᠳᠡᠪᠰᠢᠯᠳᠡ ᠪᠤᠶᠤ  ᠯᠤᠲᠤ  ᠶᠡᠭᠡ  ᠵᠠᠬ᠎ᠠ  ᠳᠡᠯᠭᠡᠭᠦᠷ ᠤᠨ ᠳᠠᠯᠳᠠ ᠬᠦᠴᠦᠨ ᠲᠠᠢ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠢ ᠭᠤᠤᠯᠳᠠᠯᠭ᠎ᠠ ᠲᠠᠢ ᠴᠤᠭᠯᠠᠭᠤᠯᠤᠨ᠎ᠠ᠃                        ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠲᠣᠰ ᠤᠳᠠᠭ᠎ᠠ ᠭᠤᠤᠯᠳᠠᠭᠤ  ︽ᠨᠤᠷᠠᠭᠠᠯᠲᠠ ᠶᠢᠨ  ᠴᠢᠨᠠᠷᠲᠠᠶ︾  ᠣᠨᠴᠠᠯᠢᠭ ᠲᠠᠢ  ᠨᠢᠭᠲᠠ  ᠤᠶᠠᠯᠳᠤᠭᠤᠯᠤᠨ᠂ ᠤᠯᠠᠮᠵᠢᠯᠠᠯᠲᠤ ᠰᠢᠨᠵᠢᠯᠡᠬᠦ ᠤᠬᠠᠭᠠᠨ ᠤ ᠰᠤᠳᠤᠯᠭᠠᠨ ᠤ ᠣᠶᠢᠯᠠᠭᠠᠭᠳᠠᠬᠤᠨ ᠪᠠ ᠬᠡᠪ ᠵᠠᠭᠪᠤᠷ ᠢ ᠬᠦᠴᠦᠯᠡᠨ ᠰᠢᠪᠲᠤᠯᠵᠤ᠂ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠰᠢᠨ᠎ᠡ ᠶᠢ ᠡᠭᠦᠳᠬᠦ ᠣᠨᠴᠠᠯᠢᠭ ᠪᠠ ᠵᠢᠮ᠎ᠡ ᠶᠣᠰᠣᠨ ᠳᠤ ᠨᠡᠶᠢᠴᠡᠬᠦ ᠵᠦᠢᠯᠡᠰ ᠢ ᠢᠯᠡᠷᠡᠭᠦᠯᠦᠨ᠂ ᠰᠢᠯᠢᠨ ᠰᠣᠩᠭᠤᠬᠤ ᠪᠠ ᠲᠤᠰᠠᠯᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠨᠢᠭᠡ  ᠪᠦᠯᠦᠭ  ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠰᠢᠨ᠎ᠡ ᠶᠢ ᠡᠭᠦᠳᠬᠦ ᠰᠢᠯᠢᠳᠡᠭ  ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠢ ᠢᠯᠡᠷᠡᠭᠦᠯᠬᠦ ᠶᠢᠨ ᠬᠠᠮᠲᠤ ᠲᠡᠳᠬᠦᠨ ᠳᠡᠮᠵᠢᠵᠦ᠂ ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠤᠨ᠎ᠠ ᠭᠡᠵᠦ ᠢᠯᠡᠳᠭᠡᠪᠡ᠃                                                                    ᠲᠤᠷᠤᠨ᠎ᠠ  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号