ᠡᠸᠡᠩᠬᠢ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/2
        8 ᠰᠠᠷ᠎ᠠ ᠶᠢᠨ 31 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠮᠢᠨ ᠵᠢᠶᠧ ᠡᠸᠡᠩᠬᠢ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
 
    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠢᠶᠠᠨ ᠬᠤᠸᠠ᠂ ᠵᠢᠷᠭᠠᠯ᠂ ᠹᠧᠩ ᠰᠢ ᠮᠢᠩ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠸᠠᠩ ᠴᠢᠶᠠᠩ᠂ ᠳᠡᠳ᠋ ᠳᠠᠷᠤᠭ᠎ᠠ ᠶᠢᠨ ᠸᠧᠨ ᠴᠧᠩ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
   ᠬᠤᠷᠠᠯ ᠳᠤ ᠣᠷᠣᠯᠴᠠᠬᠤ ᠶᠣᠰᠣᠲᠠᠢ ᠬᠥᠮᠦᠨ 29᠂ ᠪᠣᠳᠠᠲᠠᠢ ᠣᠷᠣᠯᠴᠠᠭᠰᠠᠨ ᠬᠥᠮᠦᠨ 25 ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃
   
    ᠬᠤᠷᠠᠯ ᠠᠴᠠ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ 2021 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ 2020 ᠣᠨ ᠤ ᠡᠳ᠋ ᠤᠨ ᠵᠠᠰᠠᠭ ᠤᠨ ᠲᠥᠰᠦᠪ ᠤᠨ ᠬᠦᠢᠴᠡᠳᠬᠡᠯ ᠪᠠ 2021 ᠣᠨ ᠤ 1 — 7 ᠰᠠᠷ᠎ᠠ ᠶᠢᠨ ᠲᠥᠰᠦᠪ ᠢ ᠬᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠪᠥᠬᠦ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠠᠷᠭ᠎ᠠ︾ ᠶᠢ ᠬᠦᠴᠦᠨ ᠥᠬᠡᠶ ᠪᠣᠯᠭᠠᠬᠤ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃
   
   ᠬᠤᠷᠠᠯ ᠠᠴᠠ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽2020 ᠣᠨ ᠤ ᠥᠪᠡᠷᠲᠡᠭᠡᠨ ᠵᠠᠰᠠᠬᠤ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠬᠦᠢᠴᠡᠳᠬᠡᠯ ᠢ ᠵᠥᠪᠰᠢᠶᠡᠷᠡᠬᠦ ᠲᠤᠬᠠᠶ ᠰᠢᠢᠳᠪᠦᠷᠢ ︵ᠲᠥᠰᠦᠯ︶︾ ᠶᠢ ᠪᠠᠲᠤᠯᠠᠪᠠ︔ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠠᠷᠭ᠎ᠠ︾ ᠶᠢ ᠬᠦᠴᠦᠨ ᠥᠬᠡᠶ ᠪᠣᠯᠭᠠᠬᠤ ᠶᠢ ᠪᠠᠲᠤᠯᠠᠪᠠ︔ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠬᠤ ᠶᠢᠨ ᠬᠠᠮᠲᠤ ᠰᠢᠨ᠎ᠡ ᠪᠠᠷ ᠲᠤᠰᠢᠶᠠᠯ ᠡᠭᠦᠷᠭᠡᠯᠡᠭᠰᠡᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠦᠨᠳᠦᠰᠦᠨ ᠬᠠᠤᠯᠢ ᠳᠤ ᠲᠠᠩᠭᠠᠷᠢᠭᠯᠠᠪᠠ᠃
   
    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠥᠩᠬᠡᠢ ᠱᠦᠵᠢ ᠰᠢ ᠶᠢᠨ ᠫᠢᠩ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠸᠡᠩᠬᠢ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠪᠥᠬᠦ ᠬᠤᠰᠢᠭᠤᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠠ ᠢᠷᠡᠭᠡᠳᠦᠶ ᠶᠢᠨ ᠲᠠᠪᠤᠨ ᠵᠢᠯ ᠳᠤ ᠴᠢᠨᠠᠷ ᠰᠠᠶᠢᠲᠠᠶ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠢ ᠪᠡᠶᠡᠯᠡᠭᠦᠯᠬᠦ ᠰᠡᠳᠬᠢᠴᠡ ᠠᠷᠭ᠎ᠠ ᠬᠡᠮᠵᠢᠶ᠎ᠡ ᠶᠢ ᠭᠦᠨᠵᠡᠭᠡᠶ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠪᠦᠭᠦ ᠬᠤᠰᠢᠭᠤᠨ ᠤ ᠭᠤᠣᠯ ᠠᠵᠢᠯ ᠳᠤ ᠰᠠᠶᠢᠲᠤᠷ ᠦᠢᠯᠡᠴᠢᠯᠡᠬᠦ ᠲᠠᠯ᠎ᠠ ᠠᠴᠠ ᠠᠰᠠᠭᠤᠳᠠᠯ ᠢ ᠪᠣᠳᠣᠯᠬᠢᠯᠠᠵᠤ᠂ ᠠᠵᠢᠯ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠳᠠᠪᠠᠭᠤᠯᠢᠭ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠡᠨᠬᠦ ᠬᠤᠪᠢ ᠨᠡᠮᠡᠷᠢ ᠦᠵᠡᠬᠦᠯᠬᠦ ᠬᠡᠷᠡᠭᠲᠡᠢ᠃  
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号