ᠬᠥᠯᠥᠨ ᠪᠤᠶᠢᠷ ᠬᠤᠲᠠ ᠶᠢᠨ ︽ᠲᠤᠰᠬᠠᠶ ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ ᠳᠤ ᠦᠢᠯᠡᠴᠢᠯᠡᠬᠦ︾ ᠠᠵᠢᠯᠯᠠᠭ᠎ᠠ ᠶᠢ ᠡᠸᠡᠩᠬᠢ ᠬᠤᠰᠢᠭᠤᠨ ᠳᠤ ᠦᠷᠨᠢᠭᠦᠯᠪᠡ
ᠨᠡᠶᠢᠲᠡᠯᠡᠭᠰᠡᠨ ᠴᠠᠭ᠄
2021/9/3
       
        9 ᠰᠠᠷ᠎ᠠ ᠶᠢᠨ 2 ᠤᠨ ᠡᠳᠦᠷ᠂ ᠬᠥᠯᠥᠨ ᠪᠤᠶᠢᠷ ᠬᠤᠲᠠ ᠶᠢᠨ ︽ᠲᠤᠰᠬᠠᠶ ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ ᠳᠤ ᠦᠢᠯᠡᠴᠢᠯᠡᠬᠦ︾ ᠠᠵᠢᠯᠯᠠᠭ᠎ᠠ ᠶᠢᠨ ᠵᠤᠯᠭᠠᠭᠤᠯᠤᠯᠳᠠ ᠶᠢᠨ ᠬᠤᠷᠠᠯ ᠢ ᠡᠸᠡᠩᠬᠢ ᠬᠤᠰᠢᠭᠤᠨ  ᠳᠤ ᠬᠤᠷᠠᠯᠳᠤᠭᠤᠯᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠭᠦᠸᠧ ᠢᠦᠶ ᠯᠢᠩ᠂ ᠬᠥᠯᠥᠨ ᠪᠤᠶᠢᠷ ᠠᠲᠠᠷ ᠬᠠᠭᠠᠯᠪᠤᠷᠢᠯᠠᠯᠲᠠ ᠶᠢᠨ ᠰᠢᠷᠠᠳᠠᠯ᠎ᠠ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢ ᠶᠢᠨ ᠳᠠᠷᠤᠭ᠎ᠠ ᠯᠢᠦ ᠠᠶ ᠷᠦᠩ ᠬᠤᠷᠠᠯ ᠳᠤ ᠣᠷᠣᠯᠴᠠᠵᠠᠶ᠃ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂  ᠬᠤᠢ ᠰᠤᠮᠤ ᠂ ᠬᠤᠷᠰᠢᠶᠠᠵᠢᠯ ᠤᠨ ᠲᠦᠯᠦᠭᠡᠯᠡᠭᠴᠢᠳ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠰᠢᠷᠠᠳᠠᠯ᠎ᠠ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠢᠵᠠᠭᠠᠷᠲᠤ ᠺᠣᠮᠫᠠᠨᠢ ᠶᠢᠨ 7 ᠲᠤᠰᠬᠠᠶ ᠮᠡᠷᠭᠡᠵᠢᠯᠲᠡᠨ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠶ ᠰᠤᠮᠤ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠳᠤ ᠪᠠᠷ ᠮᠠᠨ ᠤ ᠬᠤᠰᠢᠭᠤᠨ ᠤ ᠮᠠᠯ ᠠᠵᠤ ᠠᠬᠤᠶ ᠶᠢᠨ ᠬᠥᠭᠵᠢᠯᠲᠡ ᠶᠢᠨ ᠠᠬᠤᠢ ᠪᠠᠶᠢᠳᠠᠯ᠂ ᠠᠵᠤ ᠦᠢᠯᠡᠰ ᠤᠨ ᠲᠥᠯᠥᠪᠵᠢᠭᠦᠯᠭᠡ ᠵᠢᠴᠢ ᠰᠠᠨ ᠡᠾᠧ ᠦᠬᠡᠷ ᠤᠨ ᠠᠷᠠᠴᠢᠯᠠᠯᠲᠠ ᠬᠠᠮᠢᠶᠠᠷᠤᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠬᠡᠭᠡᠯᠲᠦᠭᠦᠯᠦᠨ ᠲᠡᠵᠢᠭᠡᠬᠦ ᠵᠡᠷᠭᠡ ᠲᠠᠯ᠎ᠠ ᠪᠠᠷ ᠨᠠᠷᠢᠨ ᠨᠢᠭᠲᠠ ᠰᠣᠯᠢᠯᠴᠠᠭ᠎ᠠ ᠬᠢᠵᠡᠶ᠃     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠭᠦᠸᠧ ᠢᠦᠶ ᠯᠢᠩ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠬᠤᠲᠠ ᠶᠢᠨ ᠳᠡᠰ ᠤᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠳᠤ ᠪᠠᠶᠠᠷ ᠲᠠᠯᠠᠷᠬᠠᠯ ᠢᠶᠠᠨ ᠢᠯᠡᠳᠭᠡᠬᠦ ᠳᠡᠭᠡᠨ᠂ ᠲᠡᠷᠡ ᠡᠸᠡᠩᠬᠢ ᠬᠤᠰᠢᠭᠤ ᠪᠣᠯ ᠤᠯᠠᠮᠵᠢᠯᠠᠯᠲᠤ ᠮᠠᠯ ᠠᠵᠤ ᠠᠬᠤᠶ ᠶᠢᠨ ᠲᠣᠮᠣ ᠬᠤᠰᠢᠭᠤ  ᠪᠦᠭᠡᠳ ᠮᠠᠰᠢ ᠰᠠᠶᠢᠨ ᠮᠠᠯ ᠠᠵᠤ ᠠᠬᠤᠶ ᠶᠢᠨ ᠰᠠᠭᠤᠷᠢ ᠪᠠ ᠠᠮᠢ ᠠᠬᠤᠶ ᠶᠢᠨ ᠣᠷᠴᠢᠨ ᠲᠠᠢ ᠶᠤᠮ᠂ ᠡᠨᠡ ᠤᠳᠠᠭ᠎ᠠ ᠬᠤᠳᠠ ᠶᠢᠨ ᠲᠤᠰᠬᠠᠶ ᠮᠠᠷᠭᠡᠵᠢᠯᠳᠠᠳ ᠡᠸᠡᠩᠬᠢ ᠬᠤᠰᠢᠭᠤᠨ ᠳᠤ ᠰᠠᠭᠠᠳᠠᠨ᠂ ᠡᠸᠡᠩᠬᠢ ᠬᠤᠰᠢᠭᠤᠨ ᠤ ᠮᠠᠯ ᠠᠵᠤ ᠠᠬᠤᠶ ᠶᠢᠨ ᠬᠥᠭᠵᠢᠯᠲᠡ ᠶᠢᠨ ᠬᠦᠷᠢᠶᠡᠨ ᠳᠤ ᠤᠷᠤᠰᠢᠵᠦ ᠪᠦᠬᠦᠢ ᠮᠡᠷᠭᠡᠵᠢᠯ ᠤᠨ ᠳᠣᠳᠠᠭᠤᠳᠣᠯ᠂ ᠴᠢᠳᠠᠪᠤᠷᠢᠲᠠᠨ ᠤ ᠬᠤᠮᠰᠠᠳᠠᠯ ᠪᠠ ᠪᠣᠳᠠᠲᠠᠶ ᠬᠦᠴᠢᠷᠳᠡᠯ ᠵᠡᠷᠭᠡ ᠤᠯᠠᠨ ᠲᠠᠯ᠎ᠠ ᠪᠠᠷ ᠬᠢ ᠠᠰᠠᠭᠤᠳᠠᠯ ᠳᠤ ᠨᠡᠩ ᠰᠠᠶᠢᠨ ᠬᠠᠪᠰᠤᠷᠤᠮᠵᠢ ᠦᠵᠡᠭᠦᠯᠵᠦ᠂ ᠡᠸᠡᠩᠬᠢ ᠬᠤᠰᠢᠭᠤ ᠰᠠᠨᠠᠭᠠᠴᠢᠯᠠᠭ᠎ᠠ ᠠᠴᠠ ᠪᠠᠨ ᠬᠤᠲᠠ ᠶᠢᠨ ᠳᠡᠰ ᠤᠨ ᠲᠤᠰᠬᠠᠶ ᠮᠠᠷᠭᠡᠵᠢᠯᠳᠠᠳ ᠤᠨ ᠪᠦᠯᠬᠦᠮ ᠲᠠᠢ ᠬᠤᠯᠪᠤᠭᠠᠯᠠᠨ ᠬᠠᠮᠵᠢᠯᠴᠠᠭ᠎ᠠ ᠪᠠᠨ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠢᠯᠲᠠᠳ ᠤᠨ ᠢᠳᠡᠪᠬᠢᠵᠢᠯ ᠢ ᠬᠦᠢᠴᠡᠳ ᠳᠠᠶᠢᠴᠢᠯᠠᠨ᠂ ᠲᠤᠰᠬᠠᠶ ᠮᠡᠷᠭᠡᠵᠢᠯᠲᠡᠳ ᠤᠨ ᠦᠨᠳᠦᠰᠦᠨ ᠱᠠᠲᠤᠨ ᠤ  ᠦᠢᠯᠡᠴᠢᠯᠡᠬᠦ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠨᠥᠬᠦᠴᠡᠯ ᠤᠨ ᠲᠤᠯᠭᠠᠭᠤᠷᠢᠯᠠᠯ ᠬᠠᠩᠭᠠᠬᠤ ᠶᠢᠨ ᠬᠠᠮᠲᠤ ᠳᠠᠪᠠᠭᠤᠯᠢᠭ ᠬᠦᠴᠦᠨ ᠢᠶᠠᠨ ᠲᠥᠪᠯᠡᠷᠡᠭᠦᠯᠦᠨ᠂ ᠰᠠᠨ ᠡᠾᠧ ᠦᠬᠡᠷ ᠦᠷᠡᠵᠢᠭᠦᠯᠦᠨ ᠪᠤᠶᠢᠵᠢᠭᠤᠯᠬᠤ ᠲᠦᠰᠦᠯ ᠵᠦᠢᠯ ᠢ ᠮᠥᠷᠳᠡᠨ ᠰᠤᠷᠪᠤᠯᠵᠢᠯᠠᠬᠤ ᠪᠠᠨ ᠴᠢᠩᠭᠠᠳᠬᠠᠵᠤ᠂ ᠰᠤᠳᠤᠯᠭᠠᠨ ᠤ ᠦᠷ᠎ᠠ ᠪᠦᠳᠦᠭᠡᠯ ᠢ ᠠᠮᠵᠢᠯᠳᠠ ᠳᠤ ᠬᠦᠷᠭᠡᠬᠦ  ᠶᠢ ᠲᠦᠷᠭᠡᠳᠬᠡᠵᠦ᠂ ᠡᠸᠡᠩᠬᠢ ᠬᠤᠰᠢᠭᠤᠨ ᠤ ᠮᠠᠯ ᠠᠵᠤ ᠠᠬᠤᠶ ᠶᠢᠨ ᠬᠥᠭᠵᠢᠯᠲᠡ ᠶᠢ ᠨᠠᠩ ᠰᠠᠶᠢᠲᠤᠷ ᠳᠥᠯᠭᠢᠨ ᠠᠬᠢᠭᠤᠯᠤᠨ᠎ᠠ ᠭᠡᠪᠡ  ᠃
 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号