《 ᠴᠢᠮᠡᠭᠡ ᠬᠤᠯᠪᠣᠭᠠᠨ ᠤ ᠠᠶᠠᠯᠠᠯ ᠤᠨ ᠺᠠᠷᠲ 》 ᠢ 13 ᠤ ᠡᠳᠦᠷ ᠠᠴᠠ  ᠡᠬᠢᠯᠡᠨ ᠠᠯᠪᠠᠨ ᠶᠤᠰᠤᠭᠠᠷ ᠪᠠᠷ ᠰᠦᠯᠵᠢᠶᠡᠨ ᠠᠴᠠ ᠪᠠᠭᠤᠯᠭᠠᠨ᠎ᠠ
  
2022/12/14
    ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠷᠭ᠎ᠠ  ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠶ  ᠰᠠᠶᠢᠲᠤᠷ ᠬᠢᠬᠦ ᠲᠤᠬᠠᠶ ᠨᠠᠮ ᠤᠨ  ᠲᠥᠪ  ᠬᠤᠷᠢᠶ᠎ᠠ᠂  ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂  ᠲᠥᠷᠥ ᠶᠢᠨ  ᠶᠠᠪᠤᠳᠠᠯ ᠤᠨ  ᠬᠤᠷᠢᠶᠠᠨ ᠤ  ᠬᠤᠯᠪᠤᠭᠠᠯᠠᠨ ᠰᠡᠷᠭᠡᠶᠢᠯᠡᠵᠦ  ᠬᠤᠯᠪᠤᠭᠠᠯᠠᠨ  ᠡᠵᠡᠮᠳᠡᠬᠦ  ᠲᠣᠭᠲᠠᠴᠠ ᠶᠢᠨ  ᠶᠡᠷᠦᠩᠬᠡᠶᠢᠯᠡᠭᠰᠡᠨ ᠳᠤᠭᠤᠶᠢᠯᠠᠩ ᠤᠨ ᠬᠤᠯᠪᠣᠭᠳᠠᠯ   ᠪᠥᠬᠦᠶ ᠱᠠᠭᠠᠷᠳᠠᠯᠭ᠎ᠠ ᠶᠢ ᠦᠨᠳᠦᠰᠦᠯᠡᠨ᠂ 12 ᠰᠠᠷ᠎ᠠ ᠶᠢᠨ 13 ᠤ ᠡᠳᠦᠷ ᠤᠨ 0  ᠴᠠᠭ ᠠᠴᠠ  ᠡᠬᠢᠯᠡ᠂  ︽ᠴᠢᠮᠡᠭᠡ  ᠬᠤᠯᠪᠣᠭᠠᠨ ᠤ ᠠᠶᠠᠯᠠᠯ ᠤᠨ ᠺᠠᠷᠲ︾ ᠤᠨ ᠦᠢᠯᠡᠴᠢᠯᠡᠭᠡ ᠶᠢ ᠠᠯᠪᠠᠨ ᠶᠤᠰᠤᠭᠠᠷ ᠰᠦᠯᠵᠢᠶᠡᠨ ᠠᠴᠠ ᠪᠠᠭᠤᠯᠭᠠᠨ᠎ᠠ᠃  ︽ᠴᠢᠮᠡᠭᠡ  ᠬᠤᠯᠪᠣᠭᠠᠨ ᠤ ᠠᠶᠠᠯᠠᠯ ᠤᠨ ᠺᠠᠷᠲ︾ ᠤᠨ ᠣᠬᠤᠷ ᠮᠡᠳᠡᠭᠡ᠂ ᠰᠦᠯᠵᠢᠶᠡᠨ ᠨᠢᠭᠤᠷ᠂ ᠸᠢᠴᠠᠲ ᠤᠨ ᠵᠢᠵᠢᠭ ᠫᠷᠤᠭ᠍ᠷᠠᠮ᠂  ᡁᠢ  ᠹᠦ᠋  ᠪᠣᠣ  ᠵᠢᠵᠢᠭ ᠫᠷᠤᠭ᠍ᠷᠠᠮ᠂ APP ᠵᠡᠷᠭᠡ ᠪᠠᠶᠢᠴᠠᠭᠠᠨ ᠯᠠᠪᠯᠠᠬᠤ ᠠᠷᠭ᠎ᠠ ᠵᠠᠮ ᠢ ᠬᠠᠮᠳᠤ ᠳᠤᠨᠢ ᠰᠦᠯᠵᠢᠶᠡᠨ ᠠᠴᠠ ᠪᠠᠭᠤᠯᠭᠠᠨ᠎ᠠ᠃ 
   