ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ ︵ᠨᠢᠭᠡ︶
ᠨᠡᠶᠢᠲᠡᠯᠡᠭᠰᠡᠨ ᠴᠠᠭ᠄
2022/4/27
      ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠬᠤᠲᠠ ᠶᠢᠨ  ᠪᠠᠷᠢᠯᠭ᠎ᠠ ᠶᠢᠨ ᠠᠵᠢᠯ ᠲᠥᠷᠥᠯ ᠤᠨ ᠪᠣᠬᠢᠷᠳᠤᠯ ᠦᠭᠡᠢ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠪᠠᠷ ᠪᠠᠷᠢᠯᠭ᠎ᠠ ᠶᠢᠨ ᠦᠢᠯᠡᠰ ᠤᠨ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠠᠶᠢᠴᠢᠯᠠᠬᠤ ᠶᠢᠨ ᠲᠤᠰᠠᠳᠠ᠂ ︽ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠰᠠᠨᠠᠯ ᠤᠳ︾ ︵ᠪᠦᠲᠦᠭᠡᠨ ᠪᠠᠷᠢᠮᠵᠢᠶ᠎ᠠ ᠵᠢᠷᠤᠮᠵᠢᠯ ﹇2020﹈ 8 ᠳ᠋ᠤᠭᠠᠷ ᠲᠣᠭᠠᠲᠤ︶᠂ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 21ᠳ᠋ᠦ᠋ᠭᠡᠷ ᠲᠣᠭᠠᠲᠤ︶᠂ ︽ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ  ﹇2021﹈ 41 ᠳ᠋ᠦ᠋ᠭᠡᠷ ᠲᠣᠭᠠᠲᠤ︶ ᠵᠡᠷᠭᠡ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃        ᠨᠢᠭᠡ᠂ ᠭᠤᠣᠯ ᠬᠠᠷᠠᠯᠲᠠ       ︵ᠨᠢᠭᠡ︶ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠬᠥᠭᠵᠢᠭᠦᠯᠦᠨ᠎ᠡ᠃ ᠪᠠᠲᠤᠯᠠᠭ᠎ᠠ ᠶᠢᠨ ᠴᠢᠨᠠᠷᠲᠠᠢ ᠣᠷᠣᠨ  ᠰᠠᠭᠤᠴᠠ᠂ ᠠᠯᠪᠠᠨ ᠠᠰᠠᠷ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠡᠯ᠎ᠡ ᠲᠥᠷᠥᠯ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡ ᠶᠢᠨ ᠬᠡᠷᠡᠭᠯᠡᠯᠲᠡ ᠶᠢ ᠠᠬᠢᠭᠤᠯᠵᠤ᠂ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠤ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡᠲᠦ ᠣᠷᠣᠨ ᠰᠠᠭᠤᠴᠠ ᠶᠢ ᠪᠦᠲᠦᠭᠡᠨ ᠪᠠᠶᠢᠭᠤᠯᠬᠤ ᠶᠢ ᠬᠥᠲᠥᠯᠥᠨ ᠵᠢᠯᠣᠭᠤᠳᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠴᠡᠴᠡᠷᠯᠢᠭ ᠤᠨ ᠦᠵᠡᠮᠵᠢ᠂ ᠥᠪᠡᠷ ᠢᠶᠠᠨ ᠲᠡᠷᠭᠡ ᠵᠢᠯᠤᠭᠤᠳᠴᠤ ᠵᠤᠭᠠᠴᠠᠭᠰᠠᠳ ᠤᠨ ᠪᠠᠭᠤᠳᠠᠯ ᠵᠢᠴᠢ ᠠᠮᠠᠷᠠᠯᠲᠠ ᠶᠢᠨ ᠣᠷᠣᠨ ᠵᠡᠷᠭᠡ ᠣᠷᠣᠨ ᠪᠦᠰᠡ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠳᠤ ᠦᠶ᠎ᠡ ᠶᠢᠨ ᠤᠭᠰᠠᠷᠠᠮᠠᠯ ᠮᠠᠶ᠋ᠢᠭ ᠤᠨ ᠮᠣᠳᠣᠨ ᠪᠦᠲᠦᠴᠡ ᠶᠢ ᠬᠥᠭᠵᠢᠭᠦᠯᠦᠨ᠎ᠡ᠃ 2022 ᠣᠨ ᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 15% ᠳᠤ ᠬᠦᠷᠭᠡᠵᠦ᠂ ᠬᠤᠶᠢᠰᠢᠳᠠ ᠵᠢᠯ ᠳᠠᠷᠠᠭᠠᠯᠠᠨ ᠳᠡᠭᠡᠭᠰᠢᠯᠡᠬᠦᠯᠵᠦ᠂ 2025 ᠣᠨ ᠪᠣᠯᠬᠤ ᠳᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 30% ᠳᠤ ᠬᠦᠷᠬᠡᠭᠦ ᠪᠠᠷ ᠴᠢᠷᠮᠠᠶᠢᠨ᠎ᠠ ᠃ 2023 ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠬᠤ ᠤᠭᠰᠠᠷᠠᠮᠠᠯ ᠮᠠᠶ᠋ᠢᠭ ᠤᠨ ᠪᠠᠷᠢᠯᠭ᠎ᠠ ᠳᠤ ᠤᠭᠰᠠᠷᠠᠮᠠᠯ ᠮᠠᠶ᠋ᠢᠭ ᠤᠨ ᠪᠦᠷᠢᠨ ᠵᠠᠰᠠᠵᠤ ᠴᠢᠮᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 2025 ᠣᠨ ᠪᠣᠯᠲᠠᠯ᠎ᠠ᠂ ᠬᠥᠯᠥᠨ ᠪᠤᠶᠢᠷ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠲᠠᠸᠠᠷ ᠤᠨ ᠭᠡᠷ ᠪᠠᠶᠢᠰᠢᠩ ᠤᠨ ᠤᠭᠰᠠᠷᠠᠮᠠᠯ ᠮᠠᠶ᠋ᠢᠭ ᠤᠨ ᠵᠠᠰᠠᠵᠤ ᠴᠢᠮᠡᠭᠯᠡᠬᠦ ᠨᠣᠷᠮ᠎ᠠ ᠶᠢ 30% ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠵᠤ᠂ ᠬᠤᠰᠢᠭᠤ ᠬᠤᠲᠠ ᠶᠢᠨ ᠲᠠᠸᠠᠷ ᠤᠨ ᠭᠡᠷ ᠪᠠᠶᠢᠰᠢᠩ ᠤᠨ ᠤᠭᠰᠠᠷᠠᠮᠠᠯ ᠮᠠᠶ᠋ᠢᠭ ᠤᠨ ᠵᠠᠰᠠᠵᠤ ᠴᠢᠮᠡᠭᠯᠡᠬᠦ ᠨᠣᠷᠮ᠎ᠠ ᠶᠢ 15% ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃        ︵ᠬᠤᠶᠠᠷ︶ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠠᠬᠢᠭᠤᠯᠤᠨ᠎ᠠ᠃ 2022 ᠣᠨ ᠠᠴᠠ ᠡᠬᠢᠯᠡᠨ᠂ ᠪᠥᠬᠦ ᠬᠤᠲᠠ ᠶᠢᠨ ᠬᠤᠲᠠ ᠪᠠᠯᠭᠠᠰᠤᠨ ᠤ ᠶᠡᠷᠦᠩᠬᠡᠢ ᠲᠥᠯᠦᠪᠵᠢᠭᠦᠯᠭᠡ ᠶᠢᠨ ᠣᠷᠣᠨ ᠤ ᠳᠣᠲᠣᠷ᠎ᠠ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢ ᠬᠥᠭᠵᠢᠭᠦᠯᠬᠦ ᠳᠦᠷᠢᠮ︾ ᠳᠤ ᠲᠣᠭᠲᠠᠭᠠᠭᠰᠠᠨ ︽ᠳᠥᠷᠪᠡᠨ ᠲᠥᠷᠥᠯ︾ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢ ᠨᠢᠭᠡ ᠣᠳᠣᠨ ᠲᠠᠰ ᠠᠴᠠ ᠳᠡᠭᠡᠭᠰᠢᠬᠢ ︵ᠨᠢᠭᠡ ᠣᠳᠣᠨ ᠲᠠᠰ ᠪᠠᠭᠲᠠᠨ᠎ᠠ︶ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ ᠪᠠᠶᠢᠭᠤᠯᠤᠨ᠂ ᠬᠥᠯᠥᠨ ᠪᠤᠶᠢᠷ ᠬᠤᠲᠠ ᠶᠢᠨ ᠲᠥᠪ ᠬᠤᠲᠠ ᠶᠢᠨ ᠭᠤᠣᠯ ᠤᠨ ᠵᠡᠭᠦᠨᠳᠡᠬᠢ ᠰᠢᠨ᠎ᠡ ᠲᠣᠭᠤᠷᠢᠭ᠂ ᠭᠤᠣᠯ ᠤᠨ ᠪᠠᠷᠠᠭᠤᠨᠳᠡᠬᠢ ᠰᠢᠨ᠎ᠡ ᠲᠣᠭᠤᠷᠢᠭ ᠤᠨ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ  ᠪᠠᠷᠢᠯᠭ᠎ᠠ ᠶᠢ ᠪᠦᠬᠦᠨ ᠢ ᠨᠢᠭᠡ ᠣᠳᠣᠨ ᠲᠠᠰ ᠠᠴᠠ ᠳᠡᠭᠡᠭᠰᠢᠬᠢ ︵ᠨᠢᠭᠡ ᠣᠳᠣᠨ ᠲᠠᠰ ᠪᠠᠭᠲᠠᠨ᠎ᠠ︶ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ ᠪᠠᠶᠢᠭᠤᠯᠤᠨ᠎ᠠ᠃ 2025 ᠣᠨ ᠳᠤ᠂ ᠰᠢᠨ᠎ᠡ ᠪᠠᠷ ᠪᠠᠶᠢᠭᠤᠯᠬᠤ ᠪᠠᠷᠢᠯᠭ᠎ᠠ ᠳᠠᠬᠢ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ 30%  ᠠᠴᠠ ᠳᠠᠪᠠᠭᠤᠯᠤᠨ᠎ᠠ᠃ ︽ᠳᠥᠷᠪᠡᠨ ᠲᠥᠷᠥᠯ︾ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠪᠠᠭᠲᠠᠬᠤ ᠨᠢ᠄      1. ᠲᠥᠷᠥ ᠶᠢᠨ ᠪᠠᠶᠢᠭᠤᠯᠭ᠎ᠠ ᠶᠢᠨ ᠠᠯᠪᠠᠨ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠣᠨ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠮᠦᠽᠧᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠷᠢᠯᠭ᠎ᠠ︔        2. ᠳᠠᠩ ᠴᠣᠭᠴᠠᠲᠤ ᠪᠠᠷᠢᠯᠭ᠎ᠠ ᠶᠢᠨ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ︔        3. ᠪᠠᠷᠢᠯᠭ᠎ᠠ ᠶᠢᠨ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠲᠣᠭᠤᠷᠢᠭ︔        4. ᠬᠤᠲᠠ ᠶᠢᠨ ᠰᠢᠨ᠎ᠡ ᠪᠠᠷ ᠪᠠᠶᠢᠭᠤᠯᠬᠤ ᠲᠣᠭᠤᠷᠢᠭ᠂ ᠪᠣᠬᠢᠷᠳᠤᠯ ᠦᠭᠡᠢ ᠠᠮᠢ ᠠᠬᠤᠢ ᠶᠢᠨ ᠬᠤᠲᠠ ᠶᠢᠨ ᠲᠣᠭᠤᠷᠢᠭ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ᠃        
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ