ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠢᠰᠲ᠋ᠧᠮᠵᠢᠭᠰᠡᠨ ᠬᠤᠷᠠᠮᠠᠯ ᠵᠢᠷᠤᠭ ᠲᠥᠯᠥᠪᠯᠡᠭᠡ ᠶᠢ ᠴᠢᠩᠭᠠᠳᠬᠠᠨ᠎ᠠ᠃ | 1. ᠪᠥᠬᠦ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠵᠢᠷᠤᠭᠯᠠᠨ ᠲᠥᠯᠥᠪᠯᠡᠬᠦ ᠨᠢᠭᠡᠴᠢ ᠶᠢᠨ ᠪᠦᠬᠦ ᠶᠠᠪᠤᠴᠠ ᠳᠤ | ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠲᠦᠷᠦᠯ ᠵᠦᠢᠯ ᠤᠨ | ᠪᠠᠷᠢᠯᠭᠠᠴᠢ ᠶᠢᠨ ᠬᠠᠷᠢᠭᠤᠴᠠᠬᠤ ᠳᠦᠷᠢᠮ ᠢ ᠶᠠᠪᠤᠭᠤᠯᠤᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠮᠡᠷᠭᠡᠵᠢᠯ ᠤᠨ ᠤᠬᠠᠭᠠᠯᠠᠨ ᠰᠡᠳᠦᠬᠦ ᠲᠥᠰᠥᠯ ᠢ | ᠰᠢᠯᠢᠳᠡᠭᠵᠢᠭᠦᠯᠵᠦ᠂ ᠦᠢᠯᠡᠳᠪᠦᠷᠢᠯᠡᠬᠦ᠂ ᠪᠠᠷᠢᠯᠭ᠎ᠠ ᠪᠠᠷᠢᠬᠤ᠂ ᠠᠵᠢᠯᠯᠠᠭᠤᠯᠵᠤ ᠬᠠᠮᠠᠭᠠᠯᠠᠬᠤ ᠡᠯ᠎ᠡ ᠲᠠᠯ᠎ᠠ ᠶᠢᠨ ᠬᠢᠨ ᠤ ᠤᠷᠢᠳᠠᠴᠢ ᠣᠷᠣᠯᠴᠠᠭ᠎ᠠ ᠶᠢ ᠪᠠᠲᠤᠯᠠᠨ᠂ | ᠲᠥᠷᠥᠯ ᠵᠦᠢᠯ ᠤᠨ ᠲᠥᠰᠥᠯ ᠤᠨ ᠵᠢᠷᠤᠭᠯᠠᠨ ᠲᠥᠯᠥᠪᠯᠡᠬᠦ᠂ ᠠᠩᠬ᠎ᠠ ᠠᠯᠬᠤᠮ ᠤᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠵᠢᠷᠤᠭ ᠤᠨ ᠵᠢᠷᠤᠭᠯᠠᠨ | ᠲᠥᠯᠥᠪᠯᠡᠬᠦ ᠶᠢ ᠨᠢᠭᠡᠳᠦᠯᠲᠡᠢ ᠲᠥᠯᠥᠪᠯᠡᠨ ᠥᠷᠨᠢᠭᠦᠯᠦᠨ᠎ᠡ᠃ ᠪᠦᠲᠦᠭᠡᠨ ᠪᠠᠶᠢᠭᠤᠯᠬᠤ ᠨᠢᠭᠡᠴᠢ ᠪᠠ ᠪᠠᠷᠢᠯᠭ᠎ᠠ ᠶᠢᠨ ᠶᠡᠷᠦᠩᠬᠡᠢ ᠳᠠᠭᠠᠭᠠᠴᠢᠯᠠᠬᠤ ᠨᠢᠭᠡᠴᠢ ᠶᠢᠨ | ᠪᠠᠷᠢᠯᠭ᠎ᠠ ᠶᠢᠨ ᠬᠠᠮᠤᠭ ᠡᠴᠦᠰ ᠤᠨ ᠦᠢᠯᠡᠳᠬᠦᠨ ᠪᠠ ᠶᠡᠷᠦᠩᠬᠡᠶᠢᠯᠡᠭᠰᠡᠨ ᠦᠷ᠎ᠡ ᠠᠰᠢᠭ ᠢᠶᠠᠷ ᠬᠠᠷᠠᠯᠲᠠ ᠪᠤᠯᠭᠠᠬᠤ ᠶᠢ ᠬᠥᠲᠥᠯᠥᠨ ᠵᠢᠯᠤᠭᠤᠳᠴᠤ᠂ ᠠᠵᠤ | ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠬᠡᠯᠬᠢᠶ᠎ᠡ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠰᠢᠰᠲ᠋ᠧᠮ ᠤᠨ ᠴᠤᠭᠯᠠᠷᠠᠯ ᠪᠠ ᠬᠠᠮᠲᠤᠷᠠᠨ ᠬᠥᠳᠡᠯᠦᠯᠴᠡᠬᠦ | ᠬᠦᠴᠦᠨ ᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠡᠯ᠎ᠡ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ︶᠃ | 2. ᠲᠣᠭᠠᠴᠢᠯᠠᠭᠰᠠᠨ ᠵᠢᠷᠤᠭ ᠲᠥᠯᠥᠪᠯᠡᠭᠡ ᠶᠢ ᠭᠦᠢᠴᠡᠳ ᠬᠡᠷᠡᠭᠯᠡᠨ᠎ᠡ᠃ BIM ᠵᠥᠪ ᠴᠢᠭᠯᠡᠯᠲᠦ ᠵᠢᠷᠤᠭᠯᠠᠨ ᠲᠥᠯᠥᠪᠯᠡᠬᠦ ᠶᠢ ᠢᠳᠡᠪᠬᠢᠲᠡᠢ ᠬᠡᠷᠡᠭᠯᠡᠨ᠂ | ᠲᠣᠭᠠᠴᠢᠯᠠᠭᠰᠠᠨ ᠵᠢᠷᠤᠭᠯᠠᠨ ᠲᠥᠯᠥᠪᠯᠡᠬᠦ ᠠᠷᠭ᠎ᠠ ᠪᠠᠷᠢᠯ ᠢᠶᠠᠷ ᠳᠠᠮᠵᠢᠭᠤᠯᠤᠨ ᠪᠠᠷᠢᠯᠭ᠎ᠠ᠂ ᠪᠦᠲᠦᠴᠡ᠂ ᠲᠥᠬᠦᠭᠡᠷᠦᠮᠵᠢ ᠶᠢᠨ ᠬᠤᠭᠤᠯᠠᠢ ᠱᠤᠭᠤᠮ᠂ ᠵᠠᠰᠠᠵᠤ | ᠴᠢᠮᠡᠭᠯᠡᠬᠦ ᠵᠡᠷᠭᠡ ᠣᠯᠠᠨ ᠲᠤᠰᠬᠠᠢ ᠮᠡᠷᠭᠡᠵᠢᠯ ᠢ ᠨᠢᠭᠡ ᠴᠣᠭᠴᠠᠵᠢᠭᠤᠯᠤᠭᠰᠠᠨ ᠬᠤᠷᠠᠮᠠᠯ ᠵᠢᠷᠤᠭᠯᠠᠨ ᠲᠥᠯᠥᠪᠯᠡᠬᠦ ᠶᠢ ᠠᠬᠢᠭᠤᠯᠵᠤ᠂ ᠪᠠᠷᠢᠯᠭ᠎ᠠ ᠶᠢᠨ ᠪᠦᠬᠦᠯᠢ | ᠴᠣᠭᠴᠠᠲᠤ ᠴᠢᠨᠠᠷ ᠢ ᠳᠡᠭᠡᠭᠰᠢᠯᠡᠭᠦᠯᠦᠨ᠂ ᠬᠤᠶᠠᠳᠠᠭᠢ ᠤᠳᠠᠭ᠎ᠠ ᠰᠠᠯᠭᠠᠵᠤ ᠵᠢᠷᠤᠭᠯᠠᠨ ᠲᠥᠯᠥᠪᠯᠡᠬᠦ ᠠᠴᠠ ᠵᠠᠶᠢᠯᠠᠰᠬᠢᠵᠦ᠂ ᠵᠢᠷᠤᠭᠯᠠᠨ ᠲᠥᠯᠥᠪᠯᠡᠭᠰᠡᠨ ᠭᠦᠨᠴᠡ ᠨᠢ | ᠦᠢᠯᠡᠳᠪᠦᠷᠢᠯᠡᠯ ᠪᠠ ᠪᠠᠷᠢᠯᠭ᠎ᠠ ᠪᠠᠷᠢᠬᠤ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠨ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ | ᠰᠢᠰᠲ᠋ᠧᠮ ᠤᠨ ᠬᠤᠷᠠᠮᠠᠯ ᠤᠨ ᠶᠡᠷᠦᠩᠬᠡᠶᠢᠯᠡᠭᠰᠡᠨ ᠳᠠᠪᠠᠭᠤᠯᠢᠭ ᠢ ᠪᠠᠳᠠᠷᠠᠭᠤᠯᠤᠨ᠎ᠠ᠃ 2023 ᠣᠨ ᠠᠴᠠ ᠡᠬᠢᠯᠡᠨ᠂ ᠪᠡᠯᠡ ᠣᠷᠣᠭᠤᠯᠤᠯᠲᠠ ᠶᠢᠨ ᠲᠤᠭ᠎ᠠ ᠨᠢ 1 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠤᠶᠤ ᠲᠠᠩ ᠴᠣᠭᠴᠠᠲᠤ ᠪᠠᠷᠢᠯᠭ᠎ᠠ ᠶᠢᠨ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ | ᠮᠡᠷᠭᠡᠵᠢᠯ ᠨᠢ ᠪᠤᠳᠤᠯᠢᠶᠠᠨᠲᠠᠢ᠂ ᠬᠠᠮᠢᠶᠠᠷᠤᠯᠲᠠ ᠶᠢᠨ ᠬᠠᠮᠵᠢᠯᠴᠠᠭ᠎ᠠ ᠶᠢᠨ ᠱᠠᠭᠠᠷᠳᠠᠯᠭ᠎ᠠ ᠥᠨᠳᠥᠷ᠂ ᠤᠯᠤᠰ ᠤᠨ ᠥᠮᠴᠢᠯᠡᠯᠲᠦ ᠪᠡᠯᠡ ᠮᠥᠩᠭᠦ ᠪᠠᠷ ᠪᠡᠯᠡ | ᠣᠷᠣᠭᠤᠯᠤᠭᠰᠠᠨ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠲᠥᠷᠥᠯ ᠵᠦᠢᠯ ᠳᠤ ᠴᠥᠮ BIM ᠮᠡᠷᠭᠡᠵᠢᠯ ᠢ ᠬᠡᠷᠡᠭᠯᠡᠨ᠎ᠡ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ︶᠃ | 3. ᠪᠠᠷᠢᠯᠭ᠎ᠠ ᠶᠢᠨ ᠳᠦᠷᠰᠦ ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠵᠢᠷᠤᠭ ᠲᠥᠯᠥᠪᠯᠡᠭᠡ ᠶᠢᠨ ᠲᠥᠰᠥᠯ ᠤᠨ ᠮᠡᠷᠭᠡᠵᠢᠯ ᠤᠨ | ᠨᠤᠲᠠᠯᠠᠯᠲᠠ ᠶᠢ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠲᠥᠷᠥᠯ ᠵᠦᠢᠯ ᠤᠨ ᠪᠠᠷᠢᠮᠵᠢᠶᠠᠵᠢᠭᠤᠯᠤᠭᠰᠠᠨ ᠵᠢᠷᠤᠭ | ᠲᠥᠯᠥᠪᠯᠡᠭᠡ᠂ ᠠᠵᠤ ᠦᠢᠯᠡᠳᠪᠦᠷᠢᠵᠢᠯᠲᠡ ᠶᠢᠨ ᠪᠦᠲᠦᠭᠡᠨ ᠪᠠᠶᠢᠭᠤᠯᠤᠯᠲᠠ ᠬᠢᠭᠡᠳ ᠪᠠᠷᠢᠯᠭ᠎ᠠ ᠶᠢᠨ ᠳᠦᠷᠰᠦ ᠪᠠᠶᠢᠳᠠᠯ ᠢ ᠣᠷᠭᠠᠨᠢᠭ ᠢᠶᠠᠷ ᠨᠢᠭᠡᠳᠬᠡᠭᠰᠡᠨ | ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠵᠢᠷᠤᠭ ᠲᠥᠯᠥᠪᠯᠡᠭᠡ ᠶᠢᠨ ᠮᠡᠷᠭᠡᠵᠢᠯ ᠤᠨ ᠵᠢᠯᠤᠭᠤᠳᠬᠤ | ᠳᠦᠷᠢᠮ ᠢ ᠠᠯᠬᠤᠮ ᠴᠢᠨᠠᠭᠰᠢᠳᠠ ᠲᠡᠭᠦᠯᠳᠡᠷᠵᠢᠭᠦᠯᠵᠦ᠂ ᠳᠠᠩ ᠴᠣᠭᠴᠠᠲᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠨᠢ ᠬᠡᠯᠪᠡᠷᠢ ᠳᠦᠷᠰᠦ᠂ ᠥᠩᠭᠡ | ᠪᠤᠳᠤᠭ᠂ ᠪᠠᠭᠲᠠᠭᠠᠮᠵᠢ᠂ ᠥᠨᠳᠥᠷ ᠤᠨ ᠬᠡᠮᠵᠢᠶ᠎ᠡ ᠵᠡᠷᠭᠡ ᠲᠠᠯ᠎ᠠ ᠪᠠᠷ ᠬᠤᠲᠠ ᠶᠢᠨ ᠵᠢᠷᠤᠭ ᠲᠥᠯᠥᠪᠯᠡᠭᠡ ᠶᠢᠨ ᠬᠡᠪ ᠨᠠᠮᠪᠠ ᠳᠤ ᠵᠣᠬᠢᠴᠠᠭᠤᠯᠵᠤ᠂ ᠬᠤᠲᠠ ᠶᠢᠨ | ᠣᠨᠴᠠᠯᠢᠭ ᠪᠦᠬᠦᠢ ᠳᠦᠷᠰᠦ ᠪᠠᠶᠢᠳᠠᠯ ᠢ ᠪᠣᠶ ᠪᠣᠯᠭᠠᠨ᠎ᠠ᠃ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠬᠤ ᠱᠠᠲᠤᠨ ᠳᠤ᠂ ᠰᠢᠨ᠎ᠡ ᠪᠠᠷ | ᠪᠠᠶᠢᠭᠤᠯᠬᠤ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠨᠤᠲᠠᠯᠠᠬᠤ ᠶᠢ ᠴᠢᠩᠭᠠᠳᠬᠠᠵᠤ᠂ ᠲᠣᠬᠢᠷᠠᠮᠵᠢᠲᠠᠢ᠂ ᠬᠢᠮᠳᠠ᠂ ᠪᠣᠬᠢᠷᠳᠤᠯ ᠦᠭᠡᠢ᠂ ᠦᠵᠡᠮᠦᠷᠢᠲᠡᠢ ᠰᠢᠨ᠎ᠡ | ᠴᠠᠭ ᠦᠶ᠎ᠡ ᠶᠢᠨ ᠪᠠᠷᠢᠯᠭ᠎ᠠ ᠶᠢᠨ ᠴᠢᠭᠯᠡᠯᠲᠡ ᠶᠢ ᠨᠠᠶᠢᠳᠠᠪᠤᠷᠢᠵᠢᠭᠤᠯᠵᠤ᠂ ᠬᠡᠲᠦ ᠥᠨᠳᠥᠷ ᠪᠠᠷᠢᠯᠭ᠎ᠠ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠶᠡᠭᠡ ᠳᠤ ᠰᠢᠨᠤᠬᠤ᠂ | ᠬᠠᠷᠢ ᠶᠢ ᠰᠢᠲᠦᠬᠦ᠂ ᠬᠠᠴᠢᠨ ᠢ ᠬᠥᠭᠡᠭᠡᠴᠡᠯᠳᠦᠬᠦ ᠵᠡᠷᠭᠡ ᠡᠷᠦᠢ ᠬᠤᠷᠤᠢ ᠦᠭᠡᠢ ᠦᠵᠡᠭᠳᠡᠯ ᠭᠠᠷᠬᠤ ᠠᠴᠠ ᠵᠠᠶᠢᠯᠠᠰᠬᠢᠵᠦ᠂ ᠪᠠᠷᠢᠯᠭ᠎ᠠ ᠶᠢᠨ ᠳᠦᠷᠰᠦ ᠪᠠᠶᠢᠳᠠᠯ ᠨᠢᠭᠡ | ᠯᠡ ᠠᠳᠠᠯᠢ ᠪᠠᠶᠢᠬᠤ ᠶᠢ ᠰᠡᠷᠭᠡᠶᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ︶᠃ | |