ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ᠄ ᠲᠠᠨ ᠤ ᠲᠣᠪᠴᠢᠶ᠎ᠠ ᠶᠢᠨ ︽ᠪᠠᠭᠠᠷᠢᠨ ᠣᠶ ᠰᠢᠭᠤᠢ ᠶᠢᠨ ᠲᠣᠪᠴᠢᠶ᠎ᠠ ᠶᠢᠨ | ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠬᠦ ᠲᠥᠰᠥᠯ ︵2023 ᠣᠨ︶ ᠢ ᠴᠣᠬᠤᠯᠠᠪᠤᠷᠢᠯᠠᠬᠤ ᠲᠤᠬᠠᠢ ᠵᠢᠭᠠᠪᠤᠷᠢ | ᠠᠪᠬᠤ ᠮᠡᠳᠡᠭᠦᠯᠦᠯᠲᠡ︾ ︵ᠬᠦᠯᠦᠨ ᠣᠶ ᠨᠤᠲᠤᠭ ᠲᠠᠷᠬᠠᠭᠠᠭᠰᠠᠨ [2023] 266 ᠳ᠋ᠤᠭᠠᠷ ᠲᠣᠭᠠᠲᠤ︶ ᠶᠢ ᠲᠤᠰᠴᠤ ᠠᠪᠤᠯ᠎ᠠ᠃ ᠰᠤᠳᠤᠯᠬᠤ ᠪᠠᠷ ᠲᠠᠮᠵᠢᠨ | ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄ | ︽ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠮᠡᠳᠡᠭᠳᠡᠯ ︵ᠲᠤᠷᠰᠢᠨ ᠬᠡᠷᠡᠭᠵᠢᠭᠦᠯᠬᠦ︶︾ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠣᠶᠢᠲᠤ ᠭᠠᠵᠠᠷ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠬᠡᠪᠴᠢᠶ᠎ᠡ︾ | ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ︽ᠪᠢᠨ ᠵᠧᠦ ᠲᠡᠮᠦᠷ ᠵᠠᠮ ᠤᠨ ᠰᠢ ᠯᠢᠩ ᠺᠧᠦ ᠠᠴᠠ ᠪᠤᠭᠲᠤ ᠬᠦᠷᠬᠦ ᠬᠡᠰᠡᠭ ᠪᠠᠯ ᠤᠨ ᠪᠠᠷᠢᠯᠭ᠎ᠠ ᠶᠢᠨ | ᠣᠶᠢᠲᠤ ᠭᠠᠵᠠᠷ ᠤᠨ ᠬᠠᠮᠠᠭᠠᠯᠠᠯᠲᠠ ᠶᠢᠨ ᠲᠠᠰ ᠲᠤ ᠲᠣᠬᠢᠷᠠᠭᠤᠯᠤᠯᠲᠠ ᠬᠢᠬᠦ ᠲᠤᠬᠠᠢ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠠᠯᠪᠠᠨ ᠭᠡᠷ ᠤᠨ ᠰᠠᠨᠠᠯ ᠤᠨ ᠵᠠᠬᠢᠳᠠᠯ︾ ︽ᠪᠢᠨ ᠵᠧᠦ ᠲᠡᠮᠦᠷ ᠵᠠᠮ ᠤᠨ ᠰᠢ ᠯᠢᠩ ᠺᠧᠦ ᠠᠴᠠ ᠪᠤᠭᠲᠤ ᠬᠦᠷᠬᠦ ᠬᠡᠰᠡᠭ ᠪᠠᠯ ᠤᠨ ᠪᠠᠷᠢᠯᠭ᠎ᠠ ᠶᠢᠨ ᠣᠶᠢᠲᠤ ᠭᠠᠵᠠᠷ ᠤᠨ | ᠬᠠᠮᠠᠭᠠᠯᠠᠯᠲᠠ ᠶᠢᠨ ᠲᠠᠰ ᠲᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠰᠠᠨᠠᠯ ᠤᠨ ᠬᠠᠷᠢᠭᠤ ᠵᠠᠬᠢᠳᠠᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ︽ᠪᠠᠭᠠᠷᠢᠨ ᠣᠶ ᠰᠢᠭᠤᠢ ᠶᠢᠨ ᠲᠣᠪᠴᠢᠶ᠎ᠠ ᠶᠢᠨ ᠣᠶᠢᠲᠤ | ᠭᠠᠵᠠᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠬᠦ ᠲᠥᠰᠥᠯ ︵2023 ᠣᠨ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ | ᠲᠠᠨ ᠤ ᠲᠣᠪᠴᠢᠶ᠎ᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠦᠷᠢᠮ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠭᠠᠷᠢᠨ | ᠣᠶ ᠰᠢᠭᠤᠢ ᠶᠢᠨ ᠲᠣᠪᠴᠢᠶ᠎ᠠ ᠶᠢᠨ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠬᠦ ᠪᠣᠳᠠᠲᠠᠢ ᠬᠡᠷᠡᠭᠵᠢᠭᠦᠯᠬᠦ ᠠᠵᠢᠯ ᠢ | ᠰᠠᠶᠢᠲᠤᠷ ᠬᠢᠬᠦ ᠶᠢ ᠵᠢᠯᠤᠭᠤᠳᠬᠤ ᠬᠡᠷᠡᠭᠲᠡᠢ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | | 2023 ᠣᠨ ᠤ 9 ᠰᠠᠷ᠎ᠠ ᠶᠢᠨ 1 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ |