︵ᠨᠢᠭᠡ︶ ᠬᠥᠯᠥᠨ ᠪᠤᠶᠢᠷ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠰᠦᠯ ︵2022 — 2025 ᠣᠨ︶
ᠨᠡᠶᠢᠲᠡᠯᠡᠭᠰᠡᠨ ᠴᠠᠭ᠄
2023/3/22
    ︽ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠷᠴᠢᠷᠠᠯ ᠢ ᠰᠢᠨᠡᠳᠬᠡᠨ ᠥᠭᠡᠷᠡᠴᠢᠯᠡᠬᠦ ᠲᠥᠰᠦᠯ ︵2022 — 2025 ᠣᠨ︶ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2022﹈ 65 ᠳ᠋ᠤᠭᠠᠷ ᠲᠣᠭᠠᠲᠤ︶ ᠵᠢᠴᠢ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠡᠯ᠎ᠡ ᠬᠤᠰᠢᠭᠤ ᠬᠤᠲᠠ ᠲᠣᠭᠤᠷᠢᠭ ᠤᠨ ᠬᠤᠲᠠ ᠶᠢᠨ ᠰᠢᠲᠠᠮᠠᠬᠠᠶ ᠬᠡᠶ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠢᠯᠴᠢ ᠬᠠᠩᠭᠠᠬᠤ ᠬᠤᠭᠤᠯᠠᠶ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠠᠮᠤᠷ ᠲᠦᠪᠰᠢᠨ ᠤᠶᠠᠨ ᠬᠠᠲᠠᠨ ᠴᠢᠨᠠᠷ ᠢ ᠳᠡᠭᠡᠭᠰᠢᠯᠡᠭᠦᠯᠦᠨ᠂ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠥᠯᠥᠨ ᠪᠤᠶᠢᠷ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠶ ᠱᠠᠭᠠᠷᠳᠠᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠬᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠨᠢᠭᠡᠳᠦᠯᠲᠡᠶ ᠲᠦᠯᠦᠪᠵᠢᠭᠦᠯᠬᠦ᠂ ᠰᠢᠰᠲ᠋ᠧᠮ ᠲᠠᠢ ᠵᠠᠰᠠᠵᠤ᠂ ᠭᠠᠵᠠᠷ ᠣᠷᠣᠨ ‍ᠤ‌‍ᠪᠠᠶᠢᠳᠠᠯ ᠳᠠᠭᠠᠨ ᠲᠣᠬᠢᠷᠠᠭᠤᠯᠬᠤ᠂ ᠶᠡᠷᠦᠩᠬᠡᠶᠢᠯᠡᠨ ᠪᠤᠳᠤᠯᠭ᠎ᠠ ᠬᠡᠷᠡᠭᠵᠢᠬᠦᠯᠵᠦ᠂ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ᠂ ᠪᠠᠶᠢᠩᠭᠤ ᠪᠦᠲᠦᠮᠵᠢᠳᠡᠢ ᠬᠠᠮᠢᠶᠠᠷᠴᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠰᠢᠨᠡᠳᠬᠡᠨ ᠥᠭᠡᠷᠡᠴᠢᠯᠡᠬᠦ ᠠᠵᠢᠯ ᠢ ᠵᠣᠬᠢᠰᠲᠠᠢ ᠪᠠᠷ ᠤᠷᠢᠳᠴᠢᠯᠠᠨ ᠬᠢᠵᠦ᠂ ᠬᠤᠲᠠ ᠶᠢᠨ ᠰᠢᠲᠠᠮᠠᠬᠠᠶ ᠬᠡᠢ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠢᠯᠴᠢ ᠬᠠᠩᠭᠠᠬᠤ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠦᠬᠡᠷᠡᠴᠢᠯᠡᠵᠦ᠂ ᠬᠤᠲᠠ ᠶᠢᠨ ᠠᠮᠤᠷ ᠲᠦᠪᠰᠢᠨ ᠠᠵᠢᠯᠯᠠᠭᠠᠨ ᠢ ᠪᠠᠲᠤᠯᠠᠵᠤ᠂ ᠠᠷᠠᠳ ᠣᠯᠠᠨ ᠤ ᠠᠮᠤᠷ ᠲᠦᠪᠰᠢᠨᠲᠤ ᠲᠥᠷᠥᠭᠳᠡᠯ᠂ ᠵᠣᠯ ᠵᠢᠷᠭᠠᠯᠲᠤ ᠰᠡᠳᠬᠢᠯᠭᠡ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ᠬᠤᠶᠠᠷ᠂ ᠰᠢᠨᠡᠳᠬᠡᠨ ᠥᠭᠡᠷᠡᠴᠢᠯᠡᠬᠦ ᠬᠦᠷᠢᠶ᠎ᠡ ᠬᠡᠪᠴᠢᠶ᠎ᠡ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠳᠤ ᠬᠤᠲᠠ ᠪᠠᠷ ᠬᠦᠷᠢᠶ᠎ᠠ ᠬᠡᠪᠴᠢᠶ᠎ᠡ ᠪᠤᠯᠭᠠᠵᠤ᠂ ᠥᠭᠡᠷᠡᠴᠢᠯᠡᠬᠦ ᠡᠲᠡᠭᠡᠳ ᠨᠢ ᠮᠠᠲ᠋ᠧᠷᠢᠶᠠᠯ ᠤᠨ ᠴᠢᠨᠠᠷ ᠢᠶᠠᠷ ᠬᠤᠴᠣᠷᠤᠩᠭᠤᠶ᠂ ᠬᠡᠷᠡᠭᠯᠡᠭᠰᠡᠨ ᠵᠢᠯ ᠬᠤᠭᠤᠴᠠᠭ᠎ᠠ ᠨᠢ ᠨᠡᠯᠢᠶᠡᠳ ᠣᠷᠳᠣ᠂ ᠠᠵᠢᠯᠯᠠᠭᠠᠨ ᠤ ᠣᠷᠴᠢᠨ ᠲᠣᠭᠤᠷᠢᠨ ᠳᠤ ᠠᠮᠤᠷ ᠲᠦᠪᠰᠢᠨ ᠤ ᠬᠡᠮ ᠰᠣᠭᠤᠭ ᠣᠷᠣᠰᠢᠵᠤ᠂ ᠬᠠᠮᠢᠶ᠎ᠠ ᠪᠥᠬᠦᠶ ᠪᠠᠷᠢᠮᠵᠢᠶ᠎ᠠ ᠵᠢᠷᠤᠮᠵᠢᠯ ᠳᠤ ᠨᠡᠶᠢᠴᠡᠬᠦ ᠥᠬᠡᠶ ᠵᠡᠷᠭᠡ ᠨᠥᠬᠦᠴᠡᠯ ᠳᠤ ᠨᠡᠶᠢᠴᠡᠭᠰᠡᠨ ᠦᠭᠡᠷᠡᠴᠢᠯᠡᠬᠦ ᠡᠲᠡᠭᠡᠳ ᠪᠠᠶᠢᠬᠤ ᠬᠡᠷᠡᠭᠲᠡᠶ᠃ ᠪᠣᠳᠠᠲᠠᠶ ᠱᠠᠭᠠᠷᠳᠠᠯᠭ᠎ᠠ ᠶᠢ ᠲᠥᠷᠥ ᠠᠯᠪᠠᠨ ᠲᠠᠷᠬᠠᠭᠠᠭᠰᠠᠨ ﹇2022﹈ 22 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠭᠤᠷᠪᠠ᠂ ᠠᠵᠢᠯ ᠤᠨ ᠬᠠᠷᠠᠯᠲᠠ ᠬᠤᠲᠠ ᠶᠢᠨ ᠰᠢᠲᠠᠮᠠᠬᠠᠶ ᠬᠡᠢ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠢᠯᠴᠢ ᠬᠠᠩᠭᠠᠬᠤ ᠵᠡᠷᠭᠡ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠴᠢᠯᠡᠵᠦ ᠦᠭᠡᠷᠡᠴᠢᠯᠡᠭᠰᠡᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠶ ᠣᠶᠢᠯᠠᠭᠠᠭᠰᠠᠨ ᠰᠠᠭᠤᠷᠢᠨ ᠳᠡᠭᠡᠷ᠎ᠡ᠂ ᠬᠦᠨᠳᠦ ᠬᠥᠩᠭᠡᠨ ᠠᠯᠭᠤᠷ ᠪᠠᠴᠢᠮ ᠢ ᠢᠯᠭᠠᠵᠤ᠂ ᠬᠠᠭᠤᠴᠢᠷᠠᠭᠰᠠᠨ ᠪᠠ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠬᠤᠭᠤᠯᠠᠶ ᠭᠤᠤᠷᠰᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ 2022 — 2025 ᠣᠨ ᠪᠣᠯᠲᠠᠯ᠎ᠠ 4 ᠲᠥᠷᠥᠯ ᠤᠨ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠢ ᠨᠡᠶᠢᠲᠡ 51 ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ 17.04 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ ᠡᠭᠦᠨ ᠳᠤ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ‌ᠥᠭᠡᠷᠡᠴᠢᠯᠡᠬᠦ ᠲᠥᠷᠥᠯ ᠵᠦᠢᠯ 6 ᠪᠠᠶᠢᠵᠤ᠂ 2.22 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ︔ ᠤᠰᠤ ᠬᠠᠩᠭᠠᠬᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ 12 ᠪᠠᠶᠢᠵᠤ᠂ 4.2 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠎ᠠ︔ ᠤᠰᠤ ᠲᠠᠲᠠᠷᠠᠭᠤᠯᠬᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ 21 ᠪᠠᠶᠢᠵᠤ᠂ 5.68 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ︔ ᠢᠯᠴᠢ ᠬᠠᠩᠭᠠᠬᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ 12 ᠪᠠᠶᠢᠵᠤ᠂ 4.94 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠎ᠠ᠃ ᠬᠤᠲᠠ ᠶᠢᠨ ᠰᠢᠲᠠᠮᠠᠬᠠᠶ ᠬᠡᠢ ᠶᠢᠨ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠶᠢ ᠬᠤᠭᠤᠴᠠᠭ᠎ᠠ ᠬᠤᠪᠢᠶᠠᠨ ᠠᠯᠬᠤᠮ ᠬᠤᠪᠢᠶᠠᠨ ᠶᠠᠪᠤᠭᠳᠠᠭᠤᠯᠬᠤ ᠪᠠᠷ ᠳᠠᠮᠵᠢᠨ᠂ ᠬᠤᠭᠤᠯᠠᠶ ᠶᠢᠨ ᠲᠣᠣᠷ ᠡᠪᠳᠡᠷᠡᠭᠰᠡᠨ᠂ ᠬᠦᠨᠳᠦ ᠨᠣᠴᠢᠲᠠᠶ ᠭᠤᠭᠤᠵᠢᠭᠰᠠᠨ᠂ ᠬᠤᠭᠤᠯᠠᠶ ᠬᠠᠭᠠᠷᠠᠭᠰᠠᠨ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠤᠲᠠ ᠶᠢᠨ ᠰᠢᠲᠠᠮᠠᠬᠠᠶ ᠬᠡᠢ ᠶᠢᠨ ᠬᠤᠭᠤᠯᠠᠶ ᠭᠤᠤᠷᠰᠤ ᠵᠡᠷᠭᠡ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠎ᠠ᠃ 2022 ᠣᠨ ᠳᠤ ᠨᠢᠭᠡ ᠪᠦᠯᠦᠭ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠢ ᠱᠠᠯᠠᠪᠳᠠᠨ ᠡᠬᠢᠯᠡᠭᠦᠯᠦᠨ ᠬᠡᠷᠡᠭᠵᠢᠭᠦᠯᠵᠦ᠂ 2025 ᠣᠨ ᠤ ᠰᠡᠭᠦᠯᠴᠢ ᠠᠴᠠ ᠡᠮᠦᠨ᠎ᠡ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ