︵ᠭᠤᠷᠪᠠ︶ ᠬᠥᠯᠥᠨ ᠪᠤᠶᠢᠷ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠰᠦᠯ ︵2022 — 2025 ᠣᠨ︶
ᠨᠡᠶᠢᠲᠡᠯᠡᠭᠰᠡᠨ ᠴᠠᠭ᠄
2023/4/12
    ︵ᠭᠤᠷᠪᠠ︶ ᠰᠢᠨᠡᠳᠬᠡᠨ ᠥᠭᠡᠷᠡᠴᠢᠯᠡᠵᠦ ᠳᠡᠭᠡᠭᠰᠢᠯᠡᠭᠦᠯᠬᠦ ᠬᠤᠭᠤᠴᠠᠭ᠎ᠠ ︵2025 ᠣᠨ︶    1. ᠰᠢᠨᠡᠳᠬᠡᠨ ᠥᠭᠡᠷᠡᠴᠢᠯᠡᠬᠦ ᠡᠭᠦᠷᠭᠡ ᠲᠠᠢ ᠬᠠᠷᠢᠴᠠᠭᠤᠯᠤᠨ᠂ ᠰᠢᠨᠡᠳᠬᠡᠨ ᠥᠭᠡᠷᠡᠴᠢᠯᠡᠭᠰᠡᠨ ᠦᠷ᠎ᠡ ᠪᠦᠲᠦᠭᠡᠯ ᠢ ᠪᠦᠬᠦ ᠲᠠᠯ᠎ᠠ ᠪᠠᠷ ᠡᠮᠬᠢᠯᠡᠨ ᠰᠢᠨᠡᠳᠬᠡᠵᠦ᠂ ᠣᠷᠬᠢᠭᠳᠠᠵᠤ ᠳᠤᠲᠠᠭᠳᠠᠭᠰᠠᠨ ᠢ ᠤᠯᠠᠮ ᠴᠢᠨᠠᠭᠰᠢᠳᠠ ᠪᠠᠶᠢᠴᠠᠭᠠᠨ ᠨᠥᠬᠦᠪᠥᠷᠢᠯᠡᠵᠦ᠂ ᠰᠢᠨᠡᠳᠬᠡᠨ ᠥᠭᠡᠷᠡᠴᠢᠯᠡᠬᠦ ᠶᠢᠨ ᠰᠡᠭᠦᠯ ᠬᠤᠷᠢᠶᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠲᠠ ᠶᠢᠨ ᠰᠢᠲᠠᠮᠠᠬᠠᠶ ᠬᠡᠢ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ 2025 ᠣᠨ ᠳᠤ 4 ᠲᠥᠷᠥᠯ ᠤᠨ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠴᠢᠯᠡᠨ ᠦᠭᠡᠷᠡᠴᠢᠯᠡᠬᠦ ᠲᠥᠷᠥᠯ ᠵᠦᠢᠯ 1 ᠶᠢ ᠬᠡᠷᠡᠭᠵᠢᠬᠦᠯᠬᠦ ᠪᠠᠷ ᠲᠦᠯᠦᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 3000 ᠲᠦᠮᠡᠨ ᠲᠥᠭᠦᠷᠢᠭ ᠪᠣᠯᠤᠨ᠎ᠠ᠃    2. ᠰᠢᠨᠡᠳᠬᠡᠨ ᠥᠭᠡᠷᠡᠴᠢᠯᠡᠭᠰᠡᠨ ᠲᠤᠷᠰᠢᠯᠭ᠎ᠠ ᠪᠠᠨ ᠬᠢᠨᠠᠮᠠᠭᠠᠶ ᠳ᠋ᠦᠩᠨᠡᠵᠦ᠂ ᠬᠤᠭᠤᠯᠠᠶ ᠭᠤᠤᠷᠰᠤ ᠶᠢᠨ ᠳᠠᠯᠳᠠ ᠭᠡᠮ ᠢ ᠬᠥᠳᠡᠯᠦᠩᠭᠦᠶ ᠪᠠᠷ ᠦᠭᠡᠶᠢᠰᠬᠡᠬᠦ ᠠᠵᠢᠯ ᠤᠨ ᠲᠣᠭᠲᠠᠴᠠ ᠶᠢ ᠠᠯᠬᠤᠮ ᠴᠢᠨᠠᠭᠰᠢᠳᠠ ᠪᠠᠶᠢᠭᠤᠯᠤᠨ ᠪᠦᠷᠢᠨᠰᠢᠭᠦᠯᠵᠦ᠂ ᠰᠢᠨᠡᠳᠬᠡᠨ ᠥᠭᠡᠷᠡᠴᠢᠯᠡᠭᠰᠡᠨ ᠤ ᠳᠠᠷᠠᠭᠠᠬᠢ ᠬᠤᠭᠤᠯᠠᠶ ᠶᠢᠨ ᠲᠣᠣᠷ ᠤᠨ ᠲᠤᠰᠬᠠᠶᠢᠵᠢᠭᠰᠠᠨ᠂ ᠪᠠᠷᠢᠮᠵᠢᠶᠠᠵᠢᠭᠰᠠᠨ ᠪᠠ ᠤᠶᠤᠨᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠬᠦᠯᠦᠨ᠎ᠡ᠃    ᠲᠠᠪᠤ᠂ ᠠᠵᠢᠯ ᠤᠨ ᠠᠷᠭ᠎ᠠ ᠬᠡᠮᠵᠢᠶ᠎ᠡ     ︵ᠨᠢᠭᠡ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠬᠤᠲᠠ ᠶᠢᠨ ᠰᠢᠲᠠᠮᠠᠬᠠᠶ ᠬᠡᠢ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠲᠤᠯᠠ᠂ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠭᠰᠡᠨ᠂ ᠲᠤᠰᠬᠠᠶ ᠡᠵᠡᠩᠨᠡᠭᠰᠡᠨ‌ᠨᠢᠭᠡᠴᠢ ᠠᠴᠠ ᠬᠡᠷᠡᠭᠵᠢᠭᠦᠯᠦᠭᠰᠡᠨ᠂ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠭᠰᠠᠨ ᠬᠤᠲᠠ ᠶᠢᠨ ᠰᠢᠲᠠᠮᠠᠬᠠᠶ ᠬᠡᠢ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠬᠠᠷᠢᠭᠤᠴᠠᠵᠤ᠂ ᠡᠪᠳᠡᠷᠡᠵᠤ ᠬᠠᠭᠤᠴᠢᠷᠬᠠᠰᠠᠨ ᠬᠤᠭᠤᠯᠠᠶ ᠶᠢᠨ ᠲᠣᠣᠷ ᠢ ᠨᠡᠶᠢᠳᠡᠮ ᠪᠠᠶᠢᠴᠠᠭᠠᠬᠤ ᠪᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠶ ᠶᠢᠨ ᠭᠠᠵᠠᠷ ᠤᠨ ᠬᠤᠲᠠ ᠶᠢᠨ ᠰᠢᠲᠠᠮᠠᠬᠠᠶ ᠬᠡᠢ ᠶᠢᠨ ᠬᠤᠭᠤᠯᠠᠶ ᠭᠤᠤᠷᠰᠤ ᠵᠡᠷᠭᠡ ᠡᠯ᠎ᠡ ᠲᠥᠷᠥᠯ ᠤᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠥᠭᠡᠷᠡᠴᠢᠯᠡᠬᠦ ᠲᠥᠷᠥᠯ ᠵᠦᠢᠯ ᠤᠨ ᠨᠠᠷᠢᠨ ᠳᠠᠩᠰᠠ ᠪᠠ ᠣᠨ ᠬᠤᠪᠢᠶᠠᠨ ᠥᠭᠡᠷᠡᠴᠢᠯᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠤᠨ ᠡᠬᠡ ᠳᠠᠩᠰᠠ ᠪᠠᠶᠢᠭᠤᠯᠵᠤ᠂ ᠰᠢᠨᠡᠳᠬᠡᠨ ᠥᠭᠡᠷᠡᠴᠢᠯᠡᠬᠦ ᠠᠵᠢᠯ ᠤᠨ ᠤᠷᠤᠭᠰᠢᠲᠠᠶ ᠠᠬᠢᠵᠤ᠂ ᠪᠦᠲᠦᠮᠵᠢᠲᠡᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ᠃    ︵ᠬᠤᠶᠠᠷ︶ ᠥᠭᠡᠷᠡᠴᠢᠯᠡᠬᠦ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ ᠲᠤᠰᠬᠠᠶ ᠡᠵᠡᠩᠨᠡᠯᠲᠡ ᠶᠢᠨ ᠨᠢᠭᠡᠴᠢ ᠨᠦᠭᠦᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠰᠢᠲᠠᠮᠠᠬᠠᠶ ᠬᠡᠢ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠪᠠᠷᠢᠯᠭ᠎ᠠ ᠶᠢᠨ ᠠᠵᠢᠯ ᠤᠨ ᠣᠷᠣᠨ ᠪᠦᠰᠡ᠂ ᠴᠠᠭ ᠤᠨ ᠳᠠᠷᠠᠭᠠᠯᠠᠯ᠂ ᠠᠵᠢᠯ ᠤᠨ ᠬᠤᠭᠤᠴᠠᠭ᠎ᠠ ᠶᠢ ᠡᠮᠬᠢ ᠵᠢᠷᠤᠮ ᠲᠠᠢ ᠪᠠᠷ ᠲᠣᠬᠢᠷᠠᠭᠤᠯᠵᠤ᠂ ᠵᠠᠮ ᠬᠠᠷᠢᠯᠴᠠᠭᠠᠨ ᠤ ᠲᠦᠭᠵᠢᠷᠡᠯ ᠢ ᠪᠠᠭᠠᠰᠬᠠᠨ᠎ᠠ᠃ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠶᠢᠨ ᠬᠠᠭᠤᠴᠢᠷᠬᠠᠰᠠᠨ ᠬᠤᠭᠤᠯᠠᠶ ᠭᠤᠤᠷᠰᠤ ᠶᠢᠨ ᠲᠤᠤᠷ ᠢ ᠰᠢᠨᠡᠳᠬᠡᠨ ᠵᠠᠰᠠᠬᠤ ᠳᠤᠮᠳᠠ ᠬᠤᠲᠠ ᠶᠢᠨ ᠭᠠᠵᠠᠷ ᠳᠤᠤᠷᠠᠬᠢ ᠶᠡᠷᠦᠩᠬᠡᠶᠢᠯᠡᠭᠰᠡᠨ ᠬᠤᠭᠤᠯᠠᠶ ᠭᠤᠤᠷᠰᠤ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠬᠤᠲᠠ ᠪᠠᠯᠭᠠᠰᠤ ᠶᠢᠨ ᠬᠠᠭᠤᠴᠢᠷᠬᠠᠰᠠᠨ ᠪᠠ ᠬᠠᠭᠤᠴᠢᠨ ᠵᠢᠵᠢᠭ ᠲᠣᠭᠤᠷᠢᠭ ᠢ ᠰᠢᠨᠡᠳᠬᠡᠨ ᠵᠠᠰᠠᠬᠤ᠂ ᠦᠶᠡᠷ ᠤᠨ ᠬᠤᠭᠤᠴᠠᠭᠠᠨ ᠳᠤ ᠦᠶᠡᠷ ᠤᠰᠤᠲᠤᠯ ᠢ ᠰᠡᠷᠭᠡᠶᠢᠯᠡᠬᠦ ᠵᠡᠷᠭᠡ ᠠᠵᠢᠯ ᠯᠤᠭ᠎ᠠ ᠵᠣᠯᠭᠠᠭᠤᠯᠬᠤ ᠶᠢ ᠰᠠᠶᠢᠲᠤᠷ ᠬᠢᠨ᠎ᠠ᠃ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢ ᠰᠢᠯᠭᠠᠨ ᠠᠪᠴᠤ ᠰᠢᠯᠵᠢᠭᠦᠯᠦᠨ ᠲᠤᠰᠢᠶᠠᠬᠤ ᠶᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠠᠮᠤᠷ ᠲᠦᠪᠰᠢᠨ ᠪᠠ ᠶᠠᠰᠤ ᠴᠢᠨᠠᠷ ᠤᠨ ᠳᠠᠯᠳᠠ ᠬᠡᠮ ᠢ ᠡᠷᠡᠰ ᠬᠤᠷᠢᠭᠯᠠᠨ᠎ᠠ᠃    ︵ᠭᠤᠷᠪᠠ︶ ᠪᠠᠯᠠ ᠲᠤᠬᠢᠷᠠᠭᠤᠯᠭ᠎ᠠ ᠶᠢᠨ ᠵᠠᠮ ᠰᠤᠪᠠᠭ ᠢ ᠥᠷᠭᠡᠳᠬᠡᠨ᠎ᠡ᠃ ᠡᠯ᠎ᠡ ᠵᠦᠢᠯ ᠤᠨ ᠪᠠᠯᠠ ᠮᠥᠩᠭᠦ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠪᠠᠯᠠ ᠮᠥᠩᠭᠦ ᠶᠢ ᠵᠦᠶ ᠵᠣᠬᠢᠰᠲᠠᠶ ᠬᠠᠮᠲᠤ ᠪᠠᠷ ᠡᠭᠦᠷᠭᠡᠯᠡᠬᠦ ᠲᠣᠭᠲᠠᠴᠠ ᠶᠢ ᠪᠠᠶᠢᠭᠤᠯᠤᠨ᠎ᠠ᠃ ︽ᠵᠠᠰᠠᠭ ᠪᠠᠩᠬᠢ ᠠᠵᠤ ᠠᠬᠤᠶᠢᠯᠠᠯ︾ ᠢ ᠵᠣᠯᠭᠠᠭᠤᠯᠬᠤ ᠶᠢ ᠴᠢᠩᠭᠠᠷᠠᠭᠤᠯᠵᠤ᠂ ᠡᠯ᠎ᠡ ᠬᠤᠳᠠᠯᠳᠤᠭᠠᠨ ᠤ ᠪᠠᠩᠬᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠩᠬᠢ ᠶᠢᠨ ᠰᠢᠲᠠᠮᠠᠬᠠᠶ ᠬᠡᠢ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠳᠤ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠶᠢ ᠵᠣᠷᠢᠭᠵᠢᠭᠤᠯᠤᠨ᠎ᠠ᠃ ᠲᠤᠰᠬᠠᠶ ᠡᠵᠡᠩᠨᠡᠯᠲᠡ ᠶᠢᠨ ᠨᠢᠭᠡᠴᠢ ᠶᠢᠨ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢ ᠬᠡᠷᠡᠭᠯᠡᠨ᠂ ᠺᠣᠮᠫᠠᠨᠢ ᠶᠢᠨ ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ᠂ ᠲᠥᠷᠥᠯ ᠵᠦᠢᠯ ᠤᠨ ᠠᠰᠢᠭ ᠣᠷᠣᠯᠭ᠎ᠠ ᠶᠢᠨ ᠪᠠᠷᠢᠮᠲᠠ ᠶᠢ ᠬᠡᠷᠡᠭᠯᠡᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠲᠣᠬᠢᠷᠠᠭᠤᠯᠭ᠎ᠠ ᠬᠢᠬᠦ ᠶᠢ ᠳᠡᠮᠵᠢᠨ᠎ᠡ᠃ ᠨᠥᠬᠦᠴᠡᠯ ᠳᠤ ᠨᠡᠶᠢᠴᠡᠬᠦ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠤᠨ ᠰᠠᠭᠤᠷᠢ ᠪᠡᠯᠡᠳᠬᠡᠮᠵᠢ ᠶᠢᠨ ᠬᠦᠷᠢᠶ᠎ᠡ ᠴᠠᠷᠠᠭ᠎ᠠ ᠶᠢᠨ ᠥᠯᠥ ᠬᠥᠳᠡᠯᠬᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ︵REITs︶ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠤᠯᠤᠰ ᠤᠨ ᠰᠠᠭᠤᠷᠢ ᠪᠡᠯᠡᠳᠬᠡᠮᠵᠢ ᠶᠢᠨ ᠬᠥᠭᠵᠢᠯᠲᠡ ᠶᠢᠨ ᠰᠠᠭᠤᠷᠢ ᠮᠥᠩᠭᠦ ᠶᠢᠨ ᠳᠡᠮᠵᠢᠯᠭᠡ ᠶᠢ ᠣᠯᠤᠨ᠎ᠠ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ