︵ᠳᠥᠷᠪᠡ︶ ᠤᠶᠤᠨᠴᠢ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ | ᠥᠭᠡᠷᠡᠴᠢᠯᠡᠬᠦ ᠮᠡᠳᠡᠭᠡ ᠵᠠᠩᠭᠢ ᠶᠢ ᠰᠢᠲᠠᠮᠠᠬᠠᠶ ᠬᠡᠶ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠴᠠᠭ ᠲᠤᠬᠠᠶ ᠳᠤᠨᠢ ᠣᠷᠣᠭᠤᠯᠵᠤ᠂ ᠬᠤᠲᠠ ᠶᠢᠨ ᠰᠢᠲᠠᠮᠠᠬᠠᠶ | ᠬᠡᠶ ᠶᠢᠨ ᠬᠤᠭᠤᠯᠠᠶ ᠪᠠ ᠪᠡᠯᠡᠳᠬᠡᠮᠵᠢ ᠶᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ | ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠤᠰᠤ ᠬᠠᠩᠭᠠᠬᠤ ᠬᠤᠭᠤᠯᠠᠶ ᠭᠤᠤᠷᠰᠤ ᠶᠢᠨ ᠲᠤᠤᠷ ᠢ ᠲᠣᠭᠤᠷᠢᠭ ᠬᠤᠪᠢᠶᠠᠨ ᠬᠡᠮᠵᠢᠬᠦ ᠬᠠᠮᠢᠶᠠᠷᠤᠯᠲᠠ ︵DMA︶ | ᠶᠢ ᠬᠡᠷᠡᠭᠵᠢᠭᠦᠯᠵᠦ᠂ ᠬᠤᠭᠤᠯᠠᠶ ᠶᠢᠨ ᠲᠤᠤᠷ ᠢ ᠴᠠᠭ ᠲᠤᠬᠠᠶ ᠳᠤᠨᠢ ᠵᠠᠪᠳᠤᠨ ᠵᠠᠰᠠᠬᠤ ᠨᠣᠷᠮ᠎ᠠ ᠶᠢ ᠳᠡᠭᠡᠭᠰᠢᠯᠡᠭᠦᠯᠦᠨ᠂ ᠬᠤᠭᠤᠯᠠᠶ ᠶᠢᠨ ᠲᠤᠤᠷ ᠲᠠᠬᠢ ᠭᠤᠭᠤᠵᠢᠵᠤ | ᠡᠪᠳᠡᠷᠡᠬᠦ ᠨᠣᠷᠮ᠎ᠠ ᠶᠢ ᠪᠠᠭᠤᠷᠠᠭᠤᠯᠤᠨ᠎ᠠ᠃ ᠢᠯᠴᠢ ᠬᠠᠩᠭᠠᠬᠤ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠭᠤᠯᠠᠶ | ᠭᠤᠤᠷᠰᠤ ᠶᠢᠨ ᠲᠤᠤᠷ ᠤᠨ ᠤᠷᠤᠰᠴᠠ᠂ ᠳᠠᠷᠤᠯᠲᠠ ᠶᠢᠨ ᠠᠵᠢᠯᠯᠠᠭᠠᠨ ᠤ ᠪᠠᠶᠢᠳᠠᠯ ᠢ ᠭᠤᠤᠯᠳᠠᠯᠭ᠎ᠠ ᠲᠠᠢ ᠬᠢᠨᠠᠨ ᠡᠵᠡᠮᠳᠡᠵᠦ᠂ ᠲᠤᠭ᠎ᠠ ᠪᠠᠷᠢᠮᠲᠠ ᠶᠢ ᠴᠠᠭ | ᠲᠤᠬᠠᠶ ᠳᠤᠨᠢ ᠰᠣᠯᠢᠯᠴᠠᠬᠤ᠂ ᠬᠠᠷᠢᠯᠴᠠᠨ ᠬᠤᠯᠪᠣᠭᠠᠯᠠᠵᠤ ᠬᠠᠮᠲᠤᠪᠠᠷ ᠭᠥᠷᠳᠡᠬᠦ᠂ ᠬᠥᠳᠡᠯᠦᠩᠭᠦᠶ ᠪᠠᠷ ᠰᠢᠨᠡᠳᠬᠡᠬᠦ ᠶᠢ ᠪᠡᠶᠡᠯᠡᠭᠦᠯᠦᠨ᠎ᠡ᠃ ᠣᠶᠤᠨᠴᠢ ᠪᠠᠷ ᠤᠰᠤ | ᠲᠠᠲᠠᠷᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠲᠠᠲᠠᠷᠠᠭᠤᠯᠬᠤ ᠤᠰᠤᠲᠤᠯ ᠢ ᠰᠡᠷᠭᠡᠶᠢᠯᠡᠬᠦ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠦᠷᠢᠨᠰᠢᠭᠦᠯᠵᠦ᠂ | ᠰᠢᠷᠦᠭᠦᠨ ᠪᠣᠷᠣᠭᠠᠨ ᠤ ᠤᠰᠤᠲᠤᠯ ᠢ ᠬᠢᠨᠠᠨ ᠬᠡᠮᠵᠢᠬᠦ ᠪᠠ ᠤᠰᠤ ᠲᠠᠲᠠᠷᠠᠭᠤᠯᠬᠤ ᠤᠰᠤᠲᠤᠯ ᠢ ᠰᠡᠷᠭᠡᠶᠢᠯᠡᠬᠦ ᠲᠣᠭᠠᠴᠢᠯᠠᠭᠰᠠᠨ ᠬᠠᠮᠢᠶᠠᠷᠤᠯᠲᠠ ᠡᠵᠡᠮᠳᠡᠯ ᠢ | ᠴᠢᠩᠭᠠᠳᠬᠠᠵᠤ᠂ ᠠᠵᠢᠯᠯᠠᠭᠠᠨ ᠤ ᠲᠣᠬᠢᠷᠠᠭᠤᠯᠤᠯᠲᠠ᠂ ᠭᠠᠮᠰᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠ ᠲᠤᠰᠠᠯᠠᠬᠤ ᠰᠢᠢᠳᠪᠦᠷᠢᠲᠦ ᠪᠣᠳᠣᠯᠭ᠎ᠠ ᠵᠡᠷᠭᠡ | ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠥᠬᠡᠶᠲ᠋ᠡᠭᠡᠭᠰᠢᠯᠡᠬᠦᠯᠦᠨᠡ᠃ | ︵ᠲᠠᠪᠤ︶ ᠪᠠᠶᠢᠩᠭᠤ ᠪᠦᠲᠦᠮᠵᠢᠲᠦ ᠲᠣᠭᠲᠠᠴᠠ ᠶᠢ ᠪᠦᠷᠢᠨᠰᠢᠭᠦᠯᠦᠨ᠎ᠡ᠃ ᠲᠤᠰᠬᠠᠶ ᠡᠵᠡᠩᠨᠡᠯᠲᠡ ᠶᠢᠨ ᠨᠢᠭᠡᠴᠢ ᠶᠢᠨ ᠠᠵᠢᠯᠯᠠᠭᠤᠯᠵᠤ ᠠᠷᠠᠴᠢᠯᠠᠨ ᠬᠠᠮᠠᠭᠠᠯᠠᠬᠤ | ᠭᠤᠤᠯ ᠴᠣᠭᠴᠠ ᠶᠢᠨ ᠬᠠᠷᠢᠭᠤᠴᠠᠯᠭ᠎ᠠ ᠪᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠪᠠᠶᠢᠭᠤᠯᠵᠤ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠬᠤᠭᠤᠯᠠᠶ ᠪᠠ ᠪᠡᠯᠡᠳᠬᠡᠮᠵᠢ ᠶᠢᠨ ᠠᠮᠤᠷ ᠲᠦᠪᠰᠢᠨ ᠤ | ᠬᠠᠮᠢᠶᠠᠷᠤᠯᠲᠠ᠂ ᠠᠵᠢᠯᠯᠠᠭᠤᠯᠵᠤ ᠠᠷᠠᠴᠢᠯᠠᠨ ᠬᠠᠮᠠᠭᠠᠯᠠᠬᠤ ᠪᠠᠶᠢᠩᠭᠤ ᠪᠦᠲᠦᠮᠵᠢᠲᠤ ᠲᠣᠭᠲᠠᠴᠠ ᠶᠢ ᠪᠦᠷᠢᠨᠰᠢᠭᠦᠯᠦᠨ᠎ᠡ᠃ ︽ᠡᠷᠲᠡ ᠮᠡᠳᠡᠬᠦ︾ ᠰᠡᠷᠡᠮᠵᠢᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠵᠦ᠂ ᠢᠳᠡᠭᠡᠨ ᠤᠮᠳᠠᠭᠠᠨ ᠤ ᠨᠢᠭᠡᠴᠢ ᠳᠤ ᠰᠢᠲᠠᠮᠠᠬᠠᠶ ᠬᠡᠢ ᠪᠡᠶᠡᠲᠦ ᠶᠢᠨ ᠰᠡᠷᠡᠮᠵᠢ ᠶᠢᠨ ᠲᠥᠬᠦᠭᠡᠷᠦᠮᠵᠢ ᠶᠢ ᠬᠠᠤᠯᠢ ᠶᠣᠰᠣᠭᠠᠷ | ᠠᠯᠪᠠᠳᠠᠯᠭ᠎ᠠ ᠪᠠᠷ ᠤᠭᠰᠠᠷᠠᠬᠤ ᠡᠭᠦᠷᠭᠡ ᠶᠢ ᠪᠦᠬᠦᠨ ᠢ ᠪᠡᠶᠡᠯᠡᠭᠦᠯᠵᠦ᠂ ᠰᠠᠭᠤᠭᠠᠯᠢ ᠠᠷᠠᠳ ᠤᠨ ᠬᠡᠷᠡᠭᠯᠡᠬᠦ ᠡᠷᠦᠬᠡ ᠳᠤ ᠰᠢᠲᠠᠮᠠᠬᠠᠶ ᠬᠡᠢ ᠯᠡᠪᠡᠷᠡᠭᠰᠡᠨ ᠲᠦᠭᠰᠢᠭᠦᠷᠢ | ᠮᠡᠳᠡᠭᠡᠯᠡᠬᠦ ᠪᠠ ᠠᠦ᠋ᠲ᠋ᠣ᠋ ᠲᠠᠰᠤᠯᠬᠤ ᠲᠥᠬᠦᠭᠡᠷᠦᠮᠵᠢ ᠶᠢ ᠨᠡᠮᠡᠵᠦ ᠤᠭᠰᠠᠷᠠᠬᠤ ᠶᠢ ᠲᠦᠷᠭᠡᠳᠬᠡᠨ ᠠᠬᠢᠭᠤᠯᠤᠨ᠎ᠠ᠃ ᠳᠠᠭᠠᠳᠬᠠᠯ ᠤᠨ ᠲᠣᠭᠲᠠᠴᠠ ᠶᠢ ᠲᠦᠷᠭᠡᠳᠬᠡᠨ | ᠣᠷᠣᠭᠤᠯᠵᠤ᠂ ᠡᠳ᠋ ᠬᠥᠷᠥᠩᠭᠡ ᠶᠢᠨ ᠳᠠᠭᠠᠳᠬᠠᠯ᠂ ᠠᠮᠤᠷ ᠲᠦᠪᠰᠢᠨ ᠤ ᠳᠠᠭᠠᠳᠬᠠᠯ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠡᠷᠡᠭᠯᠡᠭᠴᠢᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠳᠠᠯ ᠤᠨ ᠭᠠᠮᠰᠢᠭ ᠬᠤᠬᠢᠷᠠᠯ ᠢ ᠡᠵᠡᠮᠳᠡᠬᠦ ᠶᠢ | ᠵᠣᠷᠢᠭᠵᠢᠭᠤᠯᠤᠨ᠎ᠠ᠃ ᠵᠠᠬ᠎ᠠ ᠳᠡᠯᠭᠡᠭᠦᠷ ᠤᠨ ᠵᠠᠰᠠᠯᠲᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ | ᠦᠭᠡᠷᠡᠴᠢᠯᠡᠬᠦ ᠯᠦᠭᠡ ᠬᠤᠯᠪᠣᠭᠳᠠᠬᠤ ᠪᠦᠲᠦᠭᠡᠭᠳᠡᠬᠦᠨ᠂ ᠪᠠᠭᠠᠵᠢ ᠬᠡᠷᠡᠭᠰᠡᠯ᠂ ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠰᠢᠲᠠᠮᠠᠬᠠᠶ ᠬᠡᠶ ᠶᠢᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠎ᠠ᠃ | ︵ᠵᠢᠷᠭᠤᠭ᠎ᠠ︶ ᠲᠦᠬᠦᠷᠵᠢᠭᠰᠡᠨ ᠠᠷᠭ᠎ᠠ ᠬᠡᠮᠵᠢᠶ᠎ᠡ ᠶᠢ ᠲᠡᠭᠦᠯᠳᠡᠷᠵᠢᠬᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ ᠤᠨ ᠬᠢᠨ ᠬᠤᠭᠤᠯᠠᠶ ᠭᠤᠤᠷᠰᠤ ᠶᠢᠨ | ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠳᠤ ᠬᠤᠯᠪᠣᠭᠳᠠᠬᠤ ᠬᠢᠨᠠᠨ ᠵᠥᠪᠰᠢᠶᠡᠷᠡᠬᠦ ᠵᠦᠢᠯᠡᠰ ᠪᠣᠯᠤᠨ ᠭᠤᠭᠴᠤᠭ᠎ᠠ ᠶᠢ ᠴᠣᠮᠬᠠᠳᠬᠠᠨ᠂ ᠲᠦᠷᠭᠡᠨ ᠬᠢᠨᠠᠨ | ᠵᠥᠪᠰᠢᠶᠡᠷᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠥᠬᠦᠶ ᠡᠯ᠎ᠡ ᠲᠠᠯ᠎ᠠ ᠶᠢᠨ ᠬᠢᠨ ᠤ ᠨᠢᠭᠡ ᠤᠳᠠᠭ᠎ᠠ ᠶᠢᠨ ᠴᠢᠨᠠᠷᠲᠠᠶ ᠪᠠᠷ ᠬᠠᠮᠲᠤᠷᠠᠨ ᠰᠢᠯᠭᠠᠨ | ᠠᠪᠬᠤ ᠶᠢ ᠵᠤᠷᠢᠭᠵᠢᠭᠤᠯᠤᠨ᠎ᠠ᠃ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠥᠪᠡᠷ ᠤᠨ ᠥᠷᠲᠡᠭ ᠢ ᠬᠢᠨᠠᠨ ᠪᠠᠶᠢᠴᠠᠭᠠᠭᠰᠠᠨ | ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠪᠣᠯᠤᠨ ᠬᠡᠷᠡᠭᠯᠡᠭᠴᠢ ᠶᠢᠨ ᠳᠠᠭᠠᠭᠠᠬᠤ ᠴᠢᠳᠠᠪᠤᠷᠢ ᠵᠡᠷᠭᠡ ᠬᠦᠴᠦᠨ | ᠵᠦᠢᠯᠭᠠᠵᠠᠷ ᠤᠨ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠪᠣᠯᠤᠨ ᠬᠡᠷᠡᠭᠯᠡᠭᠴᠢ ᠶᠢᠨ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠢ ᠬᠠᠩᠭᠠᠬᠤ᠂ ᠤᠰᠤ ᠬᠠᠩᠭᠠᠬᠤ᠂ ᠢᠯᠴᠢ ᠬᠠᠩᠭᠠᠬᠤ ᠦᠨ᠎ᠡ ᠬᠠᠩᠰᠢ ᠶᠢ ᠴᠠᠭ ᠲᠤᠨᠢ ᠲᠣᠬᠢᠷᠠᠭᠤᠯᠤᠨ | ᠵᠣᠬᠢᠰᠲᠠᠶ ᠲᠤᠬᠢᠷᠠᠭᠤᠯᠤᠨ᠎ᠠ᠃ ᠮᠡᠷᠭᠡᠵᠢᠯ ᠤᠨ ᠪᠠᠷᠢᠮᠵᠢᠶ᠎ᠠ ᠪᠠᠷ ᠲᠤᠯᠭᠠᠭᠤᠷᠢᠯᠠᠬᠤ ᠶᠢ ᠴᠢᠩᠭᠠᠳᠬᠠᠵᠤ᠂ ᠰᠢᠨ᠎ᠡ ᠲᠥᠬᠦᠭᠡᠷᠦᠮᠵᠢ᠂ ᠰᠢᠨ᠎ᠡ ᠮᠡᠷᠭᠡᠵᠢᠯ᠂ ᠰᠢᠨ᠎ᠡ | ᠤᠷᠠᠯᠠᠯ ᠢ ᠳᠡᠯᠭᠡᠷᠡᠭᠦᠯᠦᠨ ᠬᠡᠷᠡᠭᠯᠡᠵᠦ᠂ ᠬᠤᠭᠤᠯᠠᠶ᠂ ᠪᠡᠯᠡᠳᠬᠡᠮᠵᠢ ᠶᠢᠨ ᠮᠥᠨ ᠴᠢᠨᠠᠷ ᠤᠨ ᠠᠮᠤᠷ ᠲᠦᠪᠰᠢᠨ ᠤ ᠬᠡᠮᠵᠢᠶ᠎ᠡ ᠶᠢ ᠡᠬᠢ ᠡᠭᠦᠰᠦᠯ ᠠᠴᠠ ᠨᠢ | ᠳᠡᠭᠡᠭᠰᠢᠯᠡᠭᠦᠯᠦᠨ᠎ᠡ᠃ | ︵ᠳᠣᠯᠤᠭ᠎ᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠨ᠎ᠡ᠃ ᠡᠯ᠎ᠡ ᠬᠤᠰᠢᠭᠤ ᠬᠤᠲᠠ ᠲᠣᠭᠤᠷᠢᠭ ᠬᠤᠭᠤᠯᠠᠶ ᠭᠤᠤᠷᠰᠤ ᠶᠢᠨ | ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠠᠵᠢᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠬᠠᠭᠤᠯᠤᠨ ᠲᠠᠶᠢᠯᠪᠤᠷᠢᠯᠠᠬᠤ ᠪᠠᠨ | ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠦᠭᠭᠦᠨ᠎ᠡ᠃ ᠰᠢᠯᠢᠳᠡᠭ ᠲᠥᠷᠥᠯ ᠵᠦᠢᠯ᠂ | ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨᠡᠳᠬᠡᠨ ᠥᠭᠡᠷᠡᠴᠢᠯᠡᠬᠦ ᠠᠵᠢᠯ ᠤᠨ ᠲᠤᠬᠠᠶ ᠨᠡᠶᠢᠭᠡᠮ ᠤᠨ ᠡᠯ᠎ᠡ ᠡᠲᠡᠭᠡᠳ ᠤᠨ | ᠲᠠᠨᠢᠯᠲᠠ ᠶᠢ ᠳᠡᠭᠡᠭᠰᠢᠯᠡᠭᠦᠯᠦᠨ᠂ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠠᠵᠢᠯ ᠳᠤ ᠠᠷᠠᠳ ᠣᠯᠠᠨ ᠤ ᠣᠷᠣᠯᠴᠠᠬᠤ ᠶᠢ | ᠵᠣᠷᠢᠭᠵᠢᠭᠤᠯᠵᠤ᠂ ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠬᠤ᠂ ᠬᠠᠮᠲᠤᠪᠠᠷ ᠭᠥᠷᠳᠡᠬᠦ ᠠᠵᠢᠯ ᠢ ᠠᠬᠢᠭᠤᠯᠬᠤ ᠲᠤᠭᠲᠠᠮᠵᠢ ᠶᠢ ᠪᠠᠶᠢᠭᠤᠯᠤᠨ᠎ᠠ᠃ | ᠳᠠᠭᠠᠯᠳᠤᠭᠤᠯᠤᠯ᠄ | 1. ᠬᠥᠯᠥᠨ ᠪᠤᠶᠢᠷ ᠬᠤᠲᠠ ᠶᠢᠨ ᠰᠢᠲᠠᠮᠠᠬᠠᠶ ᠬᠡᠶ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠤᠨ ᠨᠠᠷᠢᠨ ᠳᠠᠩᠰᠠ | 2. 2022 ᠣᠨ ᠤ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠣᠨ ᠤ ᠲᠥᠯᠥᠪᠯᠡᠭᠡ | 3. 2023 ᠣᠨ ᠤ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠣᠨ ᠤ ᠲᠥᠯᠥᠪᠯᠡᠭᠡ | 4. 2024 ᠣᠨ ᠤ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠵᠦ ᠥᠭᠡᠷᠡᠴᠢᠯᠡᠬᠦ ᠣᠨ ᠤ ᠲᠥᠯᠥᠪᠯᠡᠭᠡ | 5. 2025 ᠣᠨ ᠤ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠵᠦ ᠥᠭᠡᠷᠡᠴᠢᠯᠡᠬᠦ ᠣᠨ ᠤ ᠲᠥᠯᠥᠪᠯᠡᠭᠡ | |