︵ᠬᠤᠶᠠᠷ︶ ᠬᠥᠯᠥᠨ ᠪᠤᠶᠢᠷ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠰᠦᠯ ︵2022 — 2025 ᠣᠨ︶
ᠨᠡᠶᠢᠲᠡᠯᠡᠭᠰᠡᠨ ᠴᠠᠭ᠄
2023/4/6
    ᠳᠦᠷᠪᠡ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶ ᠰᠢᠨᠡᠳᠬᠡᠨ ᠥᠭᠡᠷᠡᠴᠢᠯᠡᠬᠦ ᠶᠢ ᠡᠬᠢᠯᠡᠭᠦᠯᠬᠦ ᠬᠤᠭᠤᠴᠠᠭ᠎ᠠ ︵2022 ᠣᠨ︶    1. ᠰᠢᠲᠠᠮᠠᠬᠠᠶ ᠬᠡᠢ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠢᠯᠴᠢ ᠬᠠᠩᠭᠠᠬᠤ ᠬᠤᠭᠤᠯᠠᠶ ᠭᠤᠤᠷᠰᠤ ᠪᠠ ᠪᠡᠯᠡᠳᠬᠡᠮᠵᠢ ᠶᠢ ᠨᠡᠶᠢᠳᠡᠮ ᠪᠠᠶᠢᠴᠠᠭᠠᠬᠤ ᠪᠠ ᠦᠨᠡᠯᠡᠨ ᠵᠢᠱᠢᠬᠦ ᠶᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠳᠣᠲᠣᠷᠠᠬᠢ ᠬᠤᠲᠠ ᠶᠢᠨ ᠶᠠᠪᠤᠳᠠᠯ ᠤᠨ ᠰᠢᠲᠠᠮᠠᠬᠠᠶ ᠬᠡᠢ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠢᠯᠴᠢ ᠬᠠᠩᠭᠠᠬᠤ ᠬᠤᠭᠤᠯᠠᠶ ᠲᠣᠣᠷ ᠤᠨ ᠣᠳᠣᠬᠢ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠬᠠᠭᠤᠴᠢᠨ ᠬᠤᠭᠤᠯᠠᠶ ᠲᠣᠣᠷ ᠢ ᠰᠢᠨᠡᠳᠬᠡᠨ ᠥᠭᠡᠷᠡᠴᠢᠯᠡᠬᠦ ᠶᠢ ᠥᠷᠨᠢᠭᠦᠯᠬᠦ ᠳᠤ ᠰᠠᠭᠤᠷᠢ ᠲᠤᠭ᠎ᠠ ᠪᠠᠷᠢᠮᠲᠠ ᠬᠠᠩᠭᠠᠨ᠎ᠠ᠃    2. ᠡᠯ᠎ᠡ ᠬᠤᠰᠢᠭᠤ ᠬᠤᠲᠠ ᠲᠣᠭᠤᠷᠢᠭ ᠤᠨ 2022 — 2025 ᠣᠨ ᠤ ᠬᠤᠲᠠ ᠪᠠᠯᠭᠠᠰᠤᠨ ᠤ ᠰᠢᠲᠠᠮᠠᠬᠠᠶ ᠬᠡᠶ᠂ ᠤᠰᠤ ᠬᠠᠩᠭᠠᠬᠤ᠂ ᠤᠰᠤ ᠲᠠᠲᠠᠷᠠᠭᠤᠯᠬᠤ᠂ ᠢᠯᠴᠢ ᠬᠠᠩᠭᠠᠬᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠰᠦᠯ ᠢ ᠲᠣᠭᠲᠠᠭᠠᠵᠤ᠂ ᠲᠥᠰᠦᠯ ᠳᠤ ᠲᠥᠷᠥᠯ ᠵᠦᠢᠯ ᠤᠨ ᠨᠠᠷᠢᠨ ᠳᠠᠩᠰᠠ ᠪᠠ ᠣᠨ ᠬᠤᠪᠢᠶᠠᠨ ᠥᠭᠡᠷᠡᠴᠢᠯᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃    3. ᠨᠢᠭᠡ ᠪᠦᠯᠦᠭ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠦᠨ᠎ᠡ᠃ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠶᠢ ᠭᠤᠤᠯᠳᠠᠯᠭ᠎ᠠ ᠲᠠᠢ ᠥᠷᠨᠢᠭᠦᠯᠦᠨ᠎ᠡ᠃ 2022 ᠣᠨ ᠳᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ 21 ᠢ ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ 7.13 ᠳ᠋ᠦᠩᠰᠢᠭᠤᠷ ᠲᠥᠭᠦᠷᠢᠭ ᠤᠨ ᠪᠠᠯᠠ‌ᠤᠷᠤᠭᠤᠯᠤᠨ᠎ᠠ᠂ ᠡᠭᠦᠨ ᠳᠤ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ 3 ᠪᠠᠶᠢᠵᠤ᠂ 0.64 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ︔ ᠤᠰᠤ ᠬᠠᠩᠭᠠᠬᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ 6 ᠪᠠᠶᠢᠵᠤ᠂ 1. 79 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠎ᠠ︔ ᠤᠰᠤ ᠭᠠᠳᠠᠭᠰᠢᠯᠠᠭᠤᠯᠬᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ 5 ᠪᠠᠶᠢᠵᠤ᠂ 1.93 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ︔ ᠢᠯᠴᠢ ᠬᠠᠩᠭᠠᠬᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ 7 ᠲᠥᠷᠥᠯ ᠵᠦᠢᠯ ᠳᠤ 2.77 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃    ︵ᠬᠤᠶᠠᠷ︶ ᠰᠢᠨᠡᠳᠬᠡᠨ ᠦᠬᠡᠷᠡᠴᠢᠯᠡᠬᠦ ᠪᠣᠭᠤᠮᠲᠠ ᠰᠢᠪᠲᠤᠯᠬᠤ ᠬᠤᠭᠤᠴᠠᠭ᠎ᠠ ︵2023 — 2024 ᠣᠨ︶    1. ᠰᠢᠨᠡᠳᠬᠡᠨ ᠥᠭᠡᠷᠡᠴᠢᠯᠡᠬᠦ ᠲᠥᠰᠦᠯ ᠤᠨ ᠲᠣᠬᠢᠷᠠᠭᠤᠯᠤᠯᠲᠠ ᠶᠣᠰᠣᠭᠠᠷ᠂ ᠣᠨ ᠤ ᠰᠢᠨᠡᠳᠬᠡᠨ ᠥᠭᠡᠷᠡᠴᠢᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠪᠤᠭᠤᠮᠲᠠ ᠰᠢᠪᠲᠤᠯᠬᠤ ᠶᠢ ᠬᠡᠷᠡᠭᠵᠢᠭᠦᠯᠦᠨ᠎ᠡ᠃ 2023 — 2024 ᠣᠨ ᠳᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ 29 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ 9.59 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠎ᠠ᠂ ᠡᠭᠦᠨ ᠳᠤ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ 3 ᠪᠠᠶᠢᠵᠤ᠂ 1.58 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ︔ ᠤᠰᠤ ᠬᠠᠩᠭᠠᠬᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ 6 ᠪᠠᠶᠢᠵᠤ᠂ 2.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ︔ ᠤᠰᠤ ᠲᠠᠲᠠᠷᠠᠭᠤᠯᠬᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ 16 ᠲᠥᠷᠥᠯ ᠵᠦᠢᠯ ᠳᠤ 3.75 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ︔ ᠢᠯᠴᠢ ᠬᠠᠩᠭᠠᠬᠤ ᠬᠤᠭᠤᠯᠠᠶ ᠭᠤᠤᠷᠰᠤ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ 4 ᠲᠥᠷᠥᠯ ᠵᠦᠢᠯ ᠳᠤ 1.86 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ᠃    2. ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ᠬᠦᠳᠡᠯᠦᠩᠭᠦᠢ ᠬᠡᠷᠡᠭᠵᠢᠭᠦᠯᠬᠦ ᠶᠢ ᠪᠠᠷᠢᠮᠲᠠᠯᠠᠵᠤ᠂ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠠᠯᠬᠤᠮ ᠠᠯᠬᠤᠮ ᠢᠶᠠᠷ ᠠᠬᠢᠭᠤᠯᠤᠨ᠂ ᠣᠨ ᠠᠯᠤᠰᠯᠠᠭᠰᠠᠨ ᠲᠥᠷᠥᠯ ᠵᠦᠢᠯ ᠤᠨ ᠳᠡᠭᠡᠳᠦ ᠳᠤᠤᠷᠠᠳᠤ ᠱᠠᠲᠤ ᠶᠢ ᠵᠣᠯᠭᠠᠭᠤᠯᠬᠤ ᠶᠢ ᠦᠨᠡᠨᠬᠦ ᠰᠠᠶᠢᠲᠤᠷ‌‍ᠬᠢᠵᠦ ᠂ ᠠᠬᠢᠴᠠ ᠶᠢᠨ ᠲᠣᠬᠢᠷᠠᠭᠤᠯᠤᠯᠲᠠ ᠨᠢ ᠵᠦᠶ ᠵᠣᠬᠢᠰᠲᠠᠶ᠂ ᠴᠠᠭ ᠬᠤᠭᠤᠴᠠᠭ᠎ᠠ ᠶᠢᠨ ᠠᠰᠢᠭᠯᠠᠯᠲᠠ ᠨᠢ ᠭᠦᠢᠴᠡᠳ᠂ ᠢᠨᠵᠧᠨᠧᠷᠢᠩ ᠤᠨ ᠠᠬᠢᠴᠠ ᠨᠢ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃    3. ᠰᠢᠲᠠᠮᠠᠬᠠᠶ ᠬᠡᠢ ᠶᠢᠨ ᠬᠤᠭᠤᠯᠠᠶ ᠭᠤᠤᠷᠰᠤ ᠵᠡᠷᠭᠡ ᠶᠢᠨ ᠬᠠᠭᠤᠴᠢᠷᠠᠯ ᠢ ᠰᠢᠨᠡᠳᠬᠡᠨ ᠥᠭᠡᠷᠡᠴᠢᠯᠡᠬᠦ ᠠᠵᠢᠯ ᠲᠠᠢ ᠤᠶᠠᠯᠳᠤᠭᠤᠯᠤᠨ᠂ ᠬᠤᠲᠠ ᠶᠢᠨ ᠶᠠᠪᠤᠳᠠᠯ ᠤᠨ ᠬᠤᠭᠤᠯᠠᠶ ᠲᠣᠣᠷ ᠤᠨ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠪᠠᠶᠢᠭᠤᠯᠤᠯᠲᠠ ᠶᠢ ᠵᠡᠷᠭᠡ ᠳᠤᠨᠢ ᠲᠦᠯᠬᠢᠨ ᠠᠬᠢᠭᠤᠯᠤᠨ᠎ᠠ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ