︵ᠨᠢᠭᠡ︶ ᠬᠥᠯᠥᠨ ᠪᠤᠶᠢᠷ ᠬᠤᠲᠠ ᠶᠢᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/6/5
    ᠨᠢᠭᠡᠳᠦᠭᠡᠷ ᠪᠦᠯᠦᠭ ᠶᠡᠷᠦᠩᠬᠡᠶ ᠳᠦᠷᠢᠮ    ᠨᠢᠭᠡᠳᠦᠭᠡᠷ ᠵᠦᠢᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠬᠦᠯᠵᠦ᠂ ᠭᠠᠵᠠᠷ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠪᠡᠷ ᠤᠨ ᠥᠷᠲᠡᠭ ᠢ ᠪᠠᠭᠤᠷᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠢᠯᠡᠳᠪᠦᠷᠢ ᠶᠢᠨ ᠲᠥᠷᠦᠯ ᠵᠦᠢᠯ ᠤᠨ ᠨᠠᠶᠢᠳᠠᠪᠤᠷᠢᠵᠢᠭᠤᠯᠤᠯᠳᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ︵ᠲᠥᠷᠦ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 722 ᠳ᠋ᠤᠭᠠᠷ ᠲᠣᠭᠠᠲᠤ︶ ᠵᠢᠴᠢ ︽ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︿ᠪᠠᠷᠢᠮᠵᠢᠶᠠᠲᠤ ᠭᠠᠵᠠᠷ﹀ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 27 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠬᠤᠲᠠ ᠶᠢᠨ ᠪᠤᠳᠠᠳᠠᠢ ᠲᠠᠢ ᠪᠠᠨ ᠤᠶᠠᠯᠳᠤᠭᠤᠯᠤᠨ᠂ ᠲᠤᠰ ᠨᠠᠷᠢᠨ ᠳᠦᠷᠢᠮ ᠢ ᠲᠤᠭᠲᠠᠭᠠᠪᠠ᠃    ᠬᠤᠶᠠᠳᠤᠭᠠᠷ ᠵᠦᠢᠯ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠪᠣᠯ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ︵ᠠᠵᠤ ᠦᠢᠯᠡᠰ ᠤᠨ ᠬᠦᠷᠢᠶᠡᠯᠡᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶ᠎ᠠ ᠪᠦᠬᠦᠢ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ︽3 + X︾ ᠤᠨ ᠵᠠᠭᠪᠤᠷ ᠶᠣᠰᠣᠭᠠᠷ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠠᠷ ᠰᠢᠯᠵᠢᠬᠦᠯᠦᠨ ᠬᠤᠳᠠᠯᠳᠤᠬᠤ ᠪᠠᠷ ᠠᠮᠠᠯᠠᠭᠰᠠᠨ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠᠶᠢᠵᠤ᠂ ︵︽3︾ ᠭᠡᠳᠡᠭ ᠨᠢ ᠳᠠᠷᠤᠶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠴᠢᠮ᠂ ᠪᠠᠷᠢᠯᠭ᠎ᠠ ᠶᠢᠨ ᠪᠠᠭᠲᠠᠭᠠᠮᠵᠢ ᠶᠢᠨ ᠨᠣᠷᠮ᠎ᠠ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠪᠣᠯᠤᠨ᠎ᠠ︔ ︽X︾ ᠭᠡᠳᠡᠭ ᠨᠢ ᠳᠠᠷᠤᠶ ᠮᠥ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ᠂ ᠨᠢᠭᠡᠴᠢ ᠭᠠᠳᠠᠭᠰᠢᠯᠠᠭᠤᠯᠬᠤ ᠪᠠᠷᠢᠮᠵᠢᠶ᠎ᠠ᠂ ᠡᠨᠧᠷᠭᠢ ᠶᠢᠨ ᠬᠤᠷᠣᠭᠳᠠᠯ ᠤᠨ ᠡᠷᠴᠢᠮ ᠤᠨ ᠬᠡᠪ ᠳᠠᠭᠤᠷᠢᠶᠠᠯ᠂ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠡᠵᠡᠮᠳᠡᠯ᠂ ᠰᠤᠳᠤᠯᠤᠨ ᠨᠡᠭᠡᠭᠡᠬᠦ ᠣᠷᠣᠭᠤᠯᠤᠯᠲᠠ᠂ ᠠᠵᠢᠯ ᠣᠯᠭᠤᠯᠲᠠ᠂ ᠮᠡᠷᠭᠡᠵᠢᠯ ᠂ ᠴᠢᠳᠠᠪᠤᠷᠢᠲᠠᠨ᠂ ᠨᠠᠷᠠᠲᠤ ᠲᠡᠮᠳᠡᠭᠲᠦ ᠵᠡᠷᠭᠡ ᠪᠤᠰᠤᠳ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠣᠯᠤᠨ᠎ᠠ︶ ᠪᠣᠯᠤᠨ᠎ᠠ᠃    ᠭᠤᠷᠪᠠᠳᠤᠭᠠᠷ ᠵᠦᠢᠯ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠤ ︽ᠪᠠᠷᠢᠮᠵᠢᠶ᠎ᠠ︾ ᠲᠠᠢ ᠠᠪᠴᠤ ᠰᠢᠯᠵᠢᠬᠦᠯᠦᠨ ᠬᠤᠳᠠᠯᠳᠤᠬᠤ ᠶᠢ ᠬᠡᠷᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠬᠡᠷᠡᠭᠵᠢᠭᠦᠯᠬᠦ᠂ ᠳ᠋ᠦᠩᠨᠡᠬᠦ᠂ ᠳᠡᠯᠭᠡᠷᠡᠭᠦᠯᠬᠦ ᠶᠢᠨ ᠳᠠᠭᠠᠤ ᠵᠢᠷᠤᠮᠵᠢᠭᠤᠯᠤᠨ᠎ᠠ᠃    ᠳᠥᠷᠪᠡᠳᠦᠭᠡᠷ ᠵᠦᠢᠯ ᠠᠵᠤ ᠠᠬᠤᠶᠢᠯᠠᠯ ᠤᠨ ᠪᠡᠯᠡ ᠣᠷᠣᠭᠤᠯᠤᠭᠰᠠᠨ ᠠᠵᠤ ᠦᠢᠯᠡᠳᠪᠦᠷᠢ ᠶᠢᠨ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ ᠤᠨ ᠪᠦᠬᠦ ᠴᠤᠪᠤᠷᠠᠯ ᠤᠨ ᠬᠠᠮᠢᠶᠠᠷᠤᠯᠲᠠ ᠳᠤ ᠰᠢᠯᠵᠢᠭᠦᠯᠦᠨ ᠬᠤᠳᠠᠯᠳᠤᠬᠤ ᠠᠴᠠ ᠡᠮᠦᠨᠡᠬᠢ ᠪᠡᠯᠡᠳᠬᠡᠯ ︵ᠣᠷᠣᠨ ᠪᠦᠰᠡ ᠶᠢᠨ ᠦᠨᠡᠯᠡᠨ ᠵᠢᠱᠢᠬᠦ᠂ ᠡᠵᠡᠮᠳᠡᠬᠦ ᠭᠦᠢᠴᠡᠳᠬᠡᠯ ᠲᠤᠭ᠎ᠠ︶᠂ ᠪᠠᠷᠢᠮᠵᠢᠶ᠎ᠠ ᠶᠣᠰᠣᠭᠠᠷ ᠰᠢᠯᠵᠢᠭᠦᠯᠦᠨ ᠬᠤᠳᠠᠯᠳᠤᠬᠤ᠂ ᠪᠠᠷᠢᠮᠵᠢᠶ᠎ᠠ ᠶᠣᠰᠣᠭᠠᠷ ᠪᠠᠶᠢᠭᠤᠯᠬᠤ᠂ ᠪᠠᠷᠢᠮᠵᠢᠶ᠎ᠠ ᠶᠣᠰᠣᠭᠠᠷ ᠰᠢᠯᠭᠠᠨ ᠠᠪᠬᠤ᠂ ᠭᠡᠷ᠎ᠡ ᠭᠦᠢᠴᠡᠳᠬᠡᠬᠦ ᠶᠢ ᠬᠢᠨᠠᠨ ᠬᠠᠮᠢᠶᠠᠷᠬᠤ ᠵᠡᠷᠭᠡ ᠭᠤᠣᠯ ᠭᠤᠭᠴᠤᠭ᠎ᠠ ᠪᠠᠭᠲᠠᠨ᠎ᠠ᠃    ᠲᠠᠪᠤᠳᠤᠭᠠᠷ ᠵᠦᠢᠯ ᠡᠯ᠎ᠡ ᠨᠡᠭᠡᠭᠡᠯᠲᠡ ᠶᠢᠨ ᠲᠣᠭᠤᠷᠢᠭ ︵ᠠᠵᠤ ᠦᠢᠯᠡᠰ ᠤᠨ ᠬᠦᠷᠢᠶᠡᠯᠡᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠨᠢ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠨᠢᠭᠡᠨᠲᠡ ᠣᠯᠤᠭᠰᠠᠨ ᠠᠵᠤ ᠠᠬᠤᠶᠢᠯᠠᠯ ᠪᠡᠯᠡ ᠣᠷᠣᠭᠤᠯᠵᠤ ᠥᠷᠭᠡᠳᠬᠡᠨ ᠪᠠᠶᠢᠭᠤᠯᠬᠤ ᠲᠥᠷᠥᠯ ᠵᠦᠢᠯ ᠳᠤ ︽ᠪᠠᠷᠢᠮᠵᠢᠶᠠᠲᠤ ᠭᠠᠵᠠᠷ︾ ᠤᠨ ᠳᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ︽ᠪᠠᠷᠢᠮᠵᠢᠶᠠᠲᠤ ᠭᠠᠵᠠᠷ︾ ᠤᠨ ᠭᠦᠢᠴᠡᠳᠬᠡᠯ ᠲᠤᠭ᠎ᠠ ᠶᠢ ᠬᠠᠤᠯᠢ ᠴᠠᠭᠠᠵᠠ ᠪᠠᠷ ᠰᠢᠢᠳᠪᠦᠷᠢᠯᠡᠬᠦ ᠳᠠᠷᠠᠭᠠᠯᠠᠯ ᠳᠤ ᠣᠷᠣᠭᠤᠯᠤᠭᠰᠠᠨ ᠠᠵᠤ ᠦᠢᠯᠡᠳᠪᠦᠷᠢ ᠶᠢᠨ ᠦᠯᠡᠳᠡᠭᠡᠯ ᠭᠠᠵᠠᠷ ᠤᠨ ᠬᠡᠷᠡᠭᠯᠡᠬᠦ ᠡᠷᠬᠡ ᠶᠢᠨ ᠦᠨ᠎ᠡ ᠬᠠᠶᠠᠯᠴᠠᠨ ᠬᠤᠳᠠᠯᠳᠤᠬᠤ ᠨᠥᠬᠦᠴᠡᠯ ᠢ ᠵᠣᠷᠢᠭᠵᠢᠭᠤᠯᠤᠨ᠎ᠠ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ