ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠬᠦ ᠠᠵᠢᠯ ᠢ ᠰᠠᠶᠢᠲᠤᠷ ᠬᠢᠬᠦ ᠲᠤᠬᠠᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/7/25
       ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠲᠤ᠄  ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠨᠢᠭᠡᠨᠲᠡ ᠳᠠᠷᠤᠮᠠᠯᠯᠠᠨ ᠲᠠᠷᠬᠠᠭᠠᠵᠤ᠂ ᠮᠡᠳᠡᠭᠳᠡᠯ ᠳᠤ ᠬᠠᠮᠢᠶ᠎ᠠ ᠪᠦᠬᠦᠢ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ  ᠡᠮᠬᠢᠯᠡᠨ ᠳᠢᠭᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠬᠤᠯᠪᠣᠭᠳᠠᠯ ᠪᠦᠬᠦᠢ ᠠᠰᠠᠭᠤᠳᠠᠯ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ       ᠲᠣᠰ ᠤᠳᠠᠭᠠᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠨ ᠲᠢᠭᠯᠡᠬᠦ ᠠᠵᠢᠯ ᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠶᠢᠨ ᠳᠣᠣᠷ᠎ᠠ ᠶᠠᠪᠤᠭᠳᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠲᠣᠰ ᠤᠳᠠᠭᠠᠨ ᠤ ᠡᠮᠬᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ  ᠪᠠᠨ ᠲᠣᠳᠣᠷᠬᠠᠶᠢᠯᠠᠵᠤ᠂ ᠢᠳᠡᠪᠬᠢᠲᠡᠢ ᠪᠠᠷ ᠵᠣᠬᠢᠴᠠᠭᠤᠯᠤᠨ ᠬᠠᠮᠵᠢᠯᠴᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠬᠦ ᠠᠵᠢᠯ ᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠴᠢᠬᠤᠯᠠ ᠠᠵᠢᠯ ᠤᠨ ᠡᠭᠦᠷᠭᠡ ᠪᠣᠯᠭᠠᠨ᠂ ᠡᠮᠬᠢᠯᠡᠬᠦ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠬᠦ ᠠᠵᠢᠯ ᠤᠨ ᠳᠤᠮᠳᠠ ᠬᠦᠨᠳᠦ ᠨᠣᠴᠢᠲᠠᠢ ᠠᠰᠠᠭᠤᠳᠠᠯ ᠪᠠ ᠴᠢᠬᠤᠯᠠ ᠪᠠᠶᠢᠳᠠᠯ ᠲᠣᠬᠢᠶᠠᠯᠳᠤᠪᠠᠯ᠂ ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠠᠢ ᠬᠠᠷᠢᠯᠴᠠᠵᠤ᠂ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃       ᠬᠤᠶᠠᠷ᠂  ᠡᠮᠬᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ       ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ  ᠮᠠᠲ᠋ᠧᠷᠢᠶᠠᠯ ᠲᠣᠭᠲᠠᠭᠠᠬᠤ ᠪᠠ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ᠶᠢᠨ ᠬᠤᠷᠢᠨ ᠳᠥᠷᠪᠡᠳᠦᠭᠡᠷ ᠵᠦᠢᠯ ᠤᠨ ︽ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠦᠴᠦᠨ ᠲᠠᠢ ᠬᠤᠭᠤᠴᠠᠭ᠎ᠠ ᠶᠢᠨ ᠳᠦᠷᠢᠮ ᠢ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠶᠢ ᠲᠠᠪᠤᠨ ᠵᠢᠯ ᠠᠴᠠ ᠬᠡᠲᠦᠷᠡᠭᠦᠯᠵᠦ ᠪᠣᠯᠬᠤ ᠦᠭᠡᠢ︾ ᠬᠤᠷᠢᠨ ᠲᠠᠪᠤᠳᠤᠭᠠᠷ ᠵᠦᠢᠯ【ᠲᠣᠭᠲᠠᠭᠠᠬᠤ ᠪᠠᠶᠢᠭᠤᠯᠤᠯᠭ᠎ᠠ ᠨᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ 6 ᠰᠠᠷ᠎ᠠ ᠶᠢᠨ ᠡᠮᠦᠨ᠎ᠡ ᠲᠡᠭᠦᠨ ᠤ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠵᠦ᠂ ᠬᠦᠴᠦᠨ ᠲᠠᠢ ᠬᠤᠭᠤᠴᠠᠭ᠎ᠠ ᠶᠢ ᠨᠢ ᠤᠷᠲᠤᠳᠬᠠᠬᠤ ᠴᠢᠬᠤᠯᠠ ᠲᠠᠢ ᠪᠣᠯ ᠳᠠᠬᠢᠵᠤ ᠨᠡᠶᠢᠲᠡᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠶᠢ ᠨᠢ ᠨᠡᠶᠢᠲᠡᠯᠡᠭᠰᠡᠨ ᠡᠳᠦᠷ ᠠᠴᠠ ᠡᠬᠢᠯᠡᠨ ᠳᠠᠬᠢᠵᠤ ᠰᠢᠨ᠎ᠡ ᠪᠠᠷ ᠪᠤᠳᠤᠬᠤ ᠬᠡᠷᠡᠭᠲᠡᠢ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠬᠤ ᠨᠢ ᠤᠤᠯ ᠤᠨ ᠬᠦᠴᠦᠨ ᠲᠠᠢ ᠬᠤᠭᠤᠴᠠᠭ᠎ᠠ ᠠᠴᠠ ᠬᠡᠲᠦᠷᠡᠵᠦ ᠪᠣᠯᠬᠤ ᠦᠭᠡᠢ 】 ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢ 2013 ᠣᠨ ᠠᠴᠠ ᠰᠡᠭᠦᠯᠡᠷ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠬᠦ ᠪᠠ ᠦᠨᠡᠯᠡᠨ ᠵᠢᠱᠢᠵᠦ᠂ ᠤᠷᠲᠤᠳᠬᠠᠭᠰᠠᠨ ᠤ ᠳᠠᠷᠠᠭ᠎ᠠ ᠬᠤᠭᠤᠴᠠᠭ᠎ᠠ ᠨᠢ ᠲᠤᠯᠤᠭᠰᠠᠨ ᠢ ᠨᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠵᠦ᠂ ᠬᠡᠷᠪᠡ ᠬᠡᠰᠡᠭ ᠵᠦᠢᠯ ᠵᠤᠷᠪᠤᠰ ᠢ ᠦᠷᠭᠦᠯᠵᠢᠯᠡᠨ ᠬᠡᠷᠡᠭᠯᠡᠬᠦ ᠴᠢᠬᠤᠯᠠᠲᠠᠢ ᠪᠣᠯ᠂ ᠳᠠᠬᠢᠨ ᠲᠠᠰ ᠳᠠᠷᠠᠭᠠᠯᠠᠯ ᠤᠨ ᠶᠣᠰᠣᠭᠠᠷ ᠲᠣᠭᠲᠠᠭᠠᠬᠤ ᠬᠡᠷᠡᠭᠲᠡᠢ᠃       ︵ᠬᠤᠶᠠᠷ︶ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠲᠣᠭᠲᠠᠭᠠᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠬᠡ ᠪᠢᠴᠢᠭ ᠲᠤᠭᠤᠷᠪᠢᠭᠰᠠᠨ ᠰᠠᠯᠠᠭ᠎ᠠ ᠮᠥᠴᠢᠷ ᠠᠴᠠ ᠡᠮᠬᠢᠯᠡᠵᠦ᠂ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠦᠷᠭᠦᠯᠵᠢᠯᠡᠨ ᠬᠦᠴᠦᠨ ᠲᠠᠢ ᠪᠠᠶᠢᠯᠭᠠᠬᠤ᠂ ᠬᠦᠴᠦᠨ ᠦᠭᠡᠢ ᠪᠣᠯᠭᠠᠬᠤ᠂ ᠬᠦᠴᠦᠨ ᠦᠭᠡᠢ ᠪᠣᠯᠭᠠᠬᠤ ᠵᠡᠷᠭᠡ ᠰᠢᠢᠳᠪᠦᠷᠢᠯᠡᠬᠦ ᠰᠠᠨᠠᠯ ᠢ ᠪᠣᠶ ᠪᠣᠯᠭᠠᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ ᠡᠮᠬᠢᠳᠭᠡᠵᠦ᠂ ︽ᠬᠡᠨ ᠲᠣᠭᠲᠠᠭᠠᠭᠰᠠᠨ ᠪᠣᠯ ᠲᠡᠷᠡ ᠲᠢᠭᠯᠡᠬᠦ︾ ᠵᠠᠷᠴᠢᠮ ᠢ ᠪᠠᠷᠢᠮᠲᠠᠯᠠᠨ᠂ ᠪᠢᠴᠢᠭ ᠮᠠᠲ᠋ᠧᠷᠢᠶᠠᠯ ᠢ ᠡᠮᠬᠢᠯᠡᠬᠦ ᠠᠵᠢᠯ ᠢ ᠲᠣᠭᠲᠠᠭᠠᠬᠤ ᠪᠠᠶᠢᠭᠤᠯᠭ᠎ᠠ  ᠠᠴᠠ ᠬᠠᠷᠢᠭᠤᠴᠠᠨ ᠵᠣᠬᠢᠶᠠᠨ ᠪᠠᠶᠢᠭᠤᠯᠵᠤ  ᠡᠮᠬᠢᠳᠭᠡᠨ᠎ᠡ᠃ ᠣᠯᠠᠨ ᠰᠠᠯᠠᠭ᠎ᠠ ᠮᠥᠴᠢᠷ ᠬᠠᠮᠲᠤᠷᠠᠨ ᠲᠣᠭᠲᠠᠭᠠᠵᠤ ᠲᠠᠷᠬᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠡᠮᠬᠢᠯᠡᠬᠦ ᠰᠠᠨᠠᠯ ᠳᠤᠷᠠᠳᠬᠤ ᠶᠢᠨ ᠬᠠᠮᠲᠤ ᠪᠤᠰᠤᠳ ᠲᠣᠭᠲᠠᠭᠠᠵᠤ ᠲᠠᠷᠬᠠᠭᠠᠭᠰᠠᠨ ᠨᠢᠭᠡᠴᠡ ᠶᠢᠨ ᠰᠠᠨᠠᠯ ᠢ ᠬᠤᠷᠢᠶᠠᠬᠤ ᠬᠡᠷᠡᠭᠲᠡᠢ᠃       ᠭᠤᠷᠪᠠ᠂ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠶᠢ ᠪᠡᠶᠡᠯᠡᠭᠦᠯᠬᠦ ᠬᠡᠷᠡᠭᠲᠡᠢ       ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠬᠦ ᠱᠠᠭᠠᠷᠳᠠᠯᠭ᠎ᠠ ᠶᠣᠰᠣᠭᠠᠷ᠂ 2023 ᠣᠨ ᠤ 6 ᠰᠠᠷ᠎ᠠ ᠶᠢᠨ 21 ᠤ ᠡᠳᠦᠷ ᠤᠨ 15 ᠴᠠᠭ ᠠᠴᠠ ᠡᠮᠦᠨ᠎ᠡ᠂ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠵᠣᠬᠢᠶᠠᠵᠤ ᠲᠠᠷᠬᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠬᠦ ᠰᠠᠨᠠᠭᠤᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 1︶᠂ ︽ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠬᠦ ᠭᠠᠷᠴᠠᠭ︾ ︵ᠳᠠᠭᠠᠯᠳᠤᠭᠤᠯᠤᠯ 2︶ ᠢ ᠲᠠᠭᠯᠠᠨ ᠮᠡᠳᠡᠭᠦᠯᠬᠦ ᠠᠵᠢᠯ ︵ᠲᠠᠶᠢᠯᠪᠤᠷᠢ᠄ ᠭᠤᠣᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠬᠤ ᠶᠢᠨ ᠬᠠᠮᠲᠤ ᠠᠯᠪᠠᠨ ᠲᠠᠮᠠᠭ᠎ᠠ ᠳᠠᠷᠤᠭᠤᠯᠬᠤ ᠬᠡᠷᠡᠭᠲᠡᠢ︶ ᠢ ᠬᠠᠩᠭᠠᠨ᠎ᠠ᠃ ᠦᠷᠭᠦᠯᠵᠢᠯᠡᠨ ᠬᠦᠴᠦᠨ ᠲᠠᠢ ᠪᠠᠶᠢᠯᠭᠠᠬᠤ ᠶᠢ ᠰᠠᠨᠠᠭᠤᠯᠤᠭᠰᠠᠨ ᠵᠢᠷᠤᠮᠵᠢᠯ  ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠤᠭ ᠡᠬᠡ ᠬᠢᠭᠡᠳ ᠲᠣᠭᠲᠠᠭᠠᠬᠤ ᠦᠨᠳᠦᠰᠦᠯᠡᠯ ᠢ ᠬᠠᠮᠲᠤ  ᠳᠤᠨᠢ ᠮᠡᠳᠡᠭᠦᠯᠦᠨ ᠬᠦᠷᠭᠡᠬᠦ ᠶᠢᠨ ᠬᠠᠮᠲᠤ  ᠴᠠᠬᠢᠮ ᠬᠡᠪᠯᠡᠯ ᠢ ᠴᠠᠬᠢᠮ ᠰᠢᠤᠳᠠᠨ ᠤ ᠬᠠᠶᠢᠷᠴᠠᠭ ᠲᠤ ᠬᠦᠷᠭᠡᠬᠦ ᠬᠡᠷᠡᠭᠲᠡᠢ᠃       ᠬᠠᠷᠢᠯᠴᠠᠬᠤ ᠬᠥᠮᠥᠨ᠄ ᠵᠣᠣ ᠰᠢᠶᠣᠣ ᠰᠢ       ᠬᠠᠷᠢᠯᠴᠠᠬᠤ ᠤᠲᠠᠰᠤ᠄ 8815400       ᠢᠮᠧᠯ ᠤᠨ ᠬᠠᠶᠢᠷᠴᠠᠭ᠄ qzbfzb@163.com᠃ᠳᠠᠭᠠᠯᠳᠤᠭᠤᠯᠤᠯ᠄ 1. ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠵᠣᠬᠢᠶᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠬᠦ ᠰᠠᠨᠠᠭᠤᠯᠭ᠎ᠠ ᠶᠢᠨ ᠬᠦᠰᠦᠨᠦᠭᠲᠦ2. ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠮᠬᠢᠯᠡᠬᠦ ᠭᠠᠷᠴᠠᠭ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ