— 2023 ᠣᠨ ᠤ 2 ᠰᠠᠷ᠎ᠠ ᠶᠢᠨ 24 ᠤ ᠡᠳᠦᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ | ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠤᠣ ᠬᠤᠶ ᠷᠠᠨ | | ᠲᠥᠯᠥᠭᠡᠯᠡᠭᠴᠢᠳ ᠠ᠋᠄ | ᠤᠲᠤ ᠪᠢ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ | ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ | ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠵᠠᠰᠠᠭ ᠤᠨ ᠣᠷᠳᠣᠨ ᠤ ᠠᠵᠢᠯ ᠤᠨ ᠲᠤᠬᠠᠢ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠪᠦᠬᠦᠢ ᠨᠢᠭᠡ | ᠵᠢᠯ ᠪᠣᠯᠣᠨ᠎ᠠ᠃ ᠳᠡᠯᠡᠬᠡᠢ ᠶᠢᠨ ᠠᠩᠬᠠᠷᠤᠯ ᠳᠤ ᠬᠦᠷᠦᠭᠰᠡᠨ ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠬᠤᠷᠠᠯᠳᠣᠵᠣ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠲᠦᠯᠬᠢᠨ ᠠᠬᠢᠭᠤᠯᠬᠤ ᠠᠤᠭ᠎ᠠ ᠲᠥᠰᠥᠪ ᠢ | ᠵᠢᠷᠤᠭᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠳᠠᠭᠠᠣ ᠪᠦᠯᠬᠦᠮᠳᠡᠨ ᠲᠡᠮᠡᠴᠡᠬᠦ ᠠᠭᠤᠤ ᠶᠡᠭᠡ ᠤᠷᠢᠶᠠᠯᠠᠭ᠎ᠠ ᠶᠢ ᠭᠠᠷᠭᠠᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠠᠴᠠ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠳᠤ ᠭᠤᠤᠯᠴᠢᠯᠠᠨ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠳᠤᠷᠠᠳᠪᠠ᠃ ᠬᠤᠳᠠ ᠶᠢᠨ | ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠠ ᠬᠤᠷᠠᠯ ᠠᠴᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠠᠵᠢᠯ ᠤᠨ | ᠨᠠᠶᠢᠳᠠᠪᠤᠷᠢᠵᠢᠭᠤᠯᠬᠤ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠬᠤ ᠶᠢ ᠳᠤᠷᠠᠳᠴᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠥᠯᠥᠨ ᠪᠤᠶᠢᠷ ᠰᠢᠨ᠎ᠡ ᠬᠠᠭᠤᠳᠠᠰᠤ ᠶᠢ ᠪᠦᠬᠦ ᠬᠤᠳᠠ ᠶᠢᠨ ᠬᠢᠨ ᠴᠢᠷᠮᠠᠶᠢᠨ ᠪᠢᠴᠢᠭᠯᠡᠬᠦ ᠶᠢ ᠵᠣᠷᠢᠭᠵᠢᠭᠤᠯᠪᠠ᠃ ᠳᠡᠭᠡᠷ᠎ᠡ ᠭᠤᠷᠪᠠᠨ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠨᠢᠭᠡ | ᠬᠤᠭᠤᠴᠠᠭᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠦᠬᠦ ᠲᠠᠯ᠎ᠠ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠣᠷᠭᠢᠯᠤᠮ᠎ᠠ ᠬᠠᠯᠠᠭᠤᠨ ᠲᠡᠮᠡᠴᠡᠯ ᠤᠨ | ᠵᠣᠷᠢᠭ ᠢᠶᠠᠷ ᠰᠢᠷᠭᠠᠭᠤ ᠠᠵᠢᠯᠯᠠᠵᠤ᠂ ︽ᠳᠥᠷᠪᠡᠨ ᠠᠷᠭ᠎ᠠ ᠪᠦᠬᠦᠨ ᠢ ᠰᠦᠪᠡᠭᠴᠢᠯᠡᠬᠦ︾ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ | ᠨᠠᠶᠢᠳᠠᠪᠤᠷᠢᠵᠢᠭᠤᠯᠬᠤ ᠪᠠᠷ ᠭᠤᠣᠯᠯᠠᠵᠣ᠂ ᠬᠢᠵᠢᠭ ᠠᠴᠠ ᠪᠣᠯᠣᠭᠰᠠᠨ ᠠᠵᠤ ᠠᠬᠤᠢ ᠶᠢᠨ ᠳᠠᠷᠤᠯᠲᠠ ᠶᠢᠨ ᠨᠥᠯᠥᠭᠡ ᠶᠢ ᠪᠦᠬᠦ ᠬᠦᠴᠦᠨ ᠢᠶᠠᠷ ᠢᠶᠠᠨ ᠢᠯᠠᠨ ᠳᠠᠪᠠᠵᠤ ᠂ | ᠠᠵᠤ ᠠᠬᠤᠢ ᠶᠢ ᠲᠤᠭᠲᠠᠭᠤᠨ ᠢᠶᠠᠷ ᠠᠬᠢᠭᠤᠯᠬᠤ ᠬᠠᠮ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠪᠠᠷ ᠤᠳᠤᠷᠢᠳᠤᠮᠵᠢ ᠪᠣᠯᠭᠠᠨ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢᠶᠠᠷ ᠲᠤᠯᠭᠠᠭᠤᠷᠢᠯᠠᠯ ᠪᠣᠯᠭᠠᠨ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠲᠥᠪ ᠬᠤᠲᠠ ᠶᠢ ᠨᠢᠭᠡ ᠴᠤᠭᠴᠠᠵᠢᠭᠤᠯᠤᠨ ᠪᠠᠶᠢᠭᠤᠯᠬᠤ ᠳᠠᠯᠢᠮ ᠢᠶᠠᠷ ᠪᠦᠬᠦ ᠬᠦᠴᠦᠨ ᠢᠶᠠᠷ ᠢᠶᠠᠨ | ᠠᠷᠠᠳ ᠤᠨ ᠠᠮᠢᠵᠢᠷᠠᠭ᠎ᠠ ᠶᠢ ᠳᠡᠭᠡᠭᠰᠢᠯᠡᠭᠦᠯᠬᠦ ᠳᠤ ᠰᠡᠳᠭᠢᠯ ᠲᠠᠯᠪᠢᠵᠣ᠂ ᠨᠢᠭᠡᠨᠲᠡ ᠬᠠᠭᠠᠯᠪᠤᠷᠢᠯᠠᠭᠰᠠᠨ ᠣᠶᠢᠲᠤ ᠭᠠᠵᠠᠷ ᠨᠤᠲᠤᠭ ᠪᠡᠯᠴᠢᠭᠡᠷ ᠠᠮᠢ ᠠᠬᠤᠢ ᠶᠢ ᠵᠠᠰᠠᠨ | ᠰᠡᠷᠭᠦᠭᠡᠬᠦ ᠠᠵᠢᠯ ᠢᠶᠠᠷ ᠭᠠᠷᠳᠠᠴᠠ ᠪᠣᠯᠭᠠᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠪᠠ ᠠᠶᠤᠯᠭᠦᠢ | ᠦᠢᠯᠡᠳᠪᠦᠷᠢᠯᠡᠯ ᠢ ᠪᠦᠲᠦᠮᠵᠢᠲᠡᠶ ᠪᠠᠷ ᠨᠢᠭᠡᠳᠦᠯᠲᠡᠢ ᠲᠥᠯᠥᠪᠵᠢᠭᠦᠯᠬᠦ ᠶᠢ ᠥᠨᠳᠦᠰᠦᠨ ᠱᠠᠭᠠᠷᠳᠠᠯᠭ᠎ᠠ ᠪᠣᠯᠭᠠᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ | ᠠᠮᠤᠷ ᠲᠣᠭᠲᠠᠭᠤᠨ ᠢ ᠡᠷᠡᠰ ᠬᠠᠮᠠᠭᠠᠯᠠᠵᠤ᠂ ᠨᠠᠮ ᠤᠨ ᠲᠡᠦᠬᠡ ᠶᠢᠨ ᠰᠣᠷᠣᠯᠴᠠᠯᠭ᠎ᠠ ᠪᠠᠷ ᠡᠷᠴᠢ ᠬᠦᠴᠦᠨ ᠪᠣᠯᠭᠠᠨ ︽ᠤᠯᠤᠰ ᠲᠥᠷᠥ ᠶᠢᠨ ᠭᠤᠷᠪᠠᠨ ᠬᠦᠴᠦᠨ︾ | ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠬᠠᠷᠢᠴᠠᠩᠭᠤᠢ ᠪᠠᠷ ᠠᠮᠵᠢᠯᠲᠠ ᠲᠠᠢ ᠪᠡᠶᠡᠯᠡᠭᠦᠯᠪᠡ᠃ | ︵ᠨᠢᠭᠡ︶ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠢᠶᠠᠷ ᠠᠬᠢᠭᠤᠯᠪᠠ᠃ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ 182.33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠪᠠᠷ | ᠪᠥᠬᠦ ᠬᠤᠲᠠ ᠶᠢᠨ ᠨᠢᠭᠡᠳᠦᠭᠡᠷ ᠲᠤ ᠣᠷᠣᠵᠤ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ ᠭᠤᠷᠪᠠᠳᠤᠭᠠᠷ ᠲᠤ ᠣᠷᠣᠵᠤ᠂ ᠠᠵᠤ ᠠᠬᠤᠢ ᠶᠢᠨ ᠬᠥᠭᠵᠢᠯᠲᠡ ᠶᠢᠨ | ᠬᠤᠷᠳᠤᠴᠠ ᠲᠦᠷᠭᠡᠳᠴᠦ᠂ ᠬᠥᠭᠡᠭᠡᠵᠦ ᠭᠦᠢᠴᠡᠬᠦ ᠠᠴᠠ ᠬᠦᠲᠦᠯᠦᠭᠴᠢ ᠪᠣᠯᠬᠤ ᠳᠤ ᠬᠦᠷᠪᠡ᠃ ᠲᠥᠷᠥᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ | ᠥᠷᠭᠡᠳᠬᠡᠬᠦ ᠶᠢ ᠪᠠᠷᠢᠮᠲᠠᠯᠠᠨ᠂ ᠬᠤᠲᠠ ᠶᠢᠨ ᠲᠠᠰ ᠤᠨ 21 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ | ᠨᠤᠷᠮ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 29.88 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 19.1% ᠪᠠᠷ ᠨᠡᠮᠡᠭᠳᠡᠪᠡ᠃ ᠬᠤᠲᠠ ᠪᠠᠯᠭᠠᠰᠤ᠂ ᠮᠠᠯᠵᠢᠬᠤ ᠣᠷᠣᠨ ᠤ ᠪᠠᠶᠢᠩᠭᠤ ᠣᠷᠣᠰᠢᠨ ᠰᠠᠭᠤᠭᠴᠢ ᠶᠢᠨ ᠬᠥᠮᠥᠨ ᠳᠤᠮᠳᠠᠴᠢ ᠶᠢᠨ ᠬᠤᠪᠢᠶᠠᠷᠢᠯᠠᠬᠤ | ᠣᠷᠣᠯᠭ᠎ᠠ ᠨᠢ ᠲᠣᠰ ᠲᠣᠰ 36812 ᠲᠥᠭᠦᠷᠢᠭ ᠪᠠ 31051 ᠲᠥᠭᠦᠷᠢᠭ ᠂ ᠠᠳᠠᠯᠢ ᠬᠤᠭᠤᠴᠠᠭᠠᠨ ᠤ ᠬᠢ ᠠᠴᠠ 3% ᠪᠣᠯᠣᠨ 7.5% ᠪᠠᠷ ᠨᠡᠮᠡᠭᠳᠡᠪᠡ᠃ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠢᠱᠢᠯᠲᠡ ᠠᠴᠠ ᠳᠠᠪᠠᠭᠰᠠᠨ ᠨᠡᠮᠡᠭᠳᠡᠯ ᠢ ᠪᠡᠶᠡᠯᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | 11.39 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 44.4 % ᠪᠠᠷ ᠨᠡᠮᠡᠭᠳᠡᠪᠡ᠂ ᠡᠩ ᠤᠨ ᠤᠯᠠᠨ ᠨᠡᠶᠢᠲᠡ ᠶᠢᠨ ᠲᠥᠰᠥᠪ ᠤᠨ | ᠵᠠᠷᠤᠯᠭ᠎ᠠ 28.45 ᠳ᠋ᠦᠩᠰᠢᠭᠤᠷ ᠲᠥᠭᠦᠷᠢᠭ ᠂ ᠠᠳᠠᠯᠢ ᠬᠤᠭᠤᠴᠠᠭᠠᠨ ᠤ ᠬᠢ ᠠᠴᠠ 32.7% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠯᠭᠡ ᠶᠢᠨ ᠵᠦᠢᠯ ᠤᠨ | ᠵᠢᠵᠢᠭᠯᠡᠨ ᠬᠤᠳᠠᠯᠳᠤᠭᠰᠠᠨ ᠪᠥᠬᠦ ᠲᠤᠭ᠎ᠠ 30.71 ᠳ᠋ᠦᠩᠰᠢᠭᠤᠷ ᠲᠥᠭᠦᠷᠢᠭ ᠂ ᠠᠳᠠᠯᠢ ᠬᠤᠭᠤᠴᠠᠭᠠᠨ ᠤ ᠬᠢ ᠠᠴᠠ 0.4% ᠨᠡᠮᠡᠭᠳᠡᠪᠡ᠃ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠵᠡᠷᠭᠡ ᠣᠯᠠᠨ ᠵᠦᠢᠯ ᠤᠨ | ᠭᠦᠢᠴᠡᠳᠬᠡᠯ ᠲᠤᠭ᠎ᠠ ᠪᠥᠬᠦ ᠬᠤᠲᠠ ᠶᠢᠨ ᠡᠮᠦᠨᠡᠭᠦᠷ ᠣᠷᠣᠵᠤ᠂ ᠠᠵᠤ ᠠᠬᠤᠢ ᠶᠢᠨ ᠬᠦᠭᠵᠢᠯᠲᠡ ᠲᠣᠭᠲᠠᠭᠤᠨ ᠢᠶᠠᠷ ᠠᠬᠢᠭᠤᠯᠬᠤ᠂ ᠲᠣᠭᠲᠠᠭᠤᠨ ᠢᠶᠠᠷ | ᠰᠠᠶᠢᠵᠢᠷᠠᠬᠤ ᠬᠠᠨᠳᠣᠰᠢ ᠲᠠᠢ ᠪᠣᠯᠪᠠ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠠᠪᠤᠴᠠ ᠶᠢ ᠲᠦᠷᠭᠡᠳᠬᠡᠪᠡ᠃ ᠲᠠᠷᠢᠶᠠᠯᠠᠩ ᠮᠠᠯ ᠠᠵᠤ ᠠᠬᠤᠢ ᠶᠢᠨ ᠡᠷᠴᠢ ᠢᠯᠡᠳᠲᠡ | ᠴᠢᠩᠭᠠᠷᠠᠪᠠ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠵᠦ᠂ ᠠᠮᠤ ᠪᠤᠳᠠᠭ᠎ᠠ᠂ ᠲᠠᠷᠢᠶᠠᠯᠠᠩ ᠤᠨ | ᠳᠠᠷᠢᠭᠰᠠᠨ ᠲᠠᠯᠠᠪᠠᠶ 15.48 ᠲᠦᠮᠡᠨ ᠮᠦ᠂ ᠮᠠᠯ ᠤᠨ ᠲᠤᠭ᠎ᠠ ᠲᠣᠯᠣᠭᠠᠢ 122 ᠲᠦᠮᠡ᠂ ᠪᠥᠬᠦ ᠵᠢᠯ ᠤᠨ ᠰᠦᠨ ᠤ ᠭᠠᠷᠤᠯᠲᠠ 19 ᠲᠦᠮᠡᠨ ᠲᠣᠨ᠂ ᠮᠢᠬᠠᠨ ᠤ | ᠭᠠᠷᠤᠯᠲᠠ 3.2 ᠲᠦᠮᠡᠨ ᠲᠣᠨ ᠬᠦᠷᠴᠡᠢ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠢ ᠡᠳ᠋ᠰᠢᠭᠦᠯᠬᠦ 13 ᠵᠢᠵᠢᠭ ᠦᠢᠯᠡᠳᠬᠡᠯ ᠲᠠᠢ ᠪᠤᠯᠵᠤ᠂ 41 | ᠳᠤᠮᠳᠠ ᠵᠢᠵᠢᠭ ᠰᠠᠭᠠᠯᠢ ᠶᠢᠨ ᠮᠠᠯ ᠢ ᠲᠡᠵᠢᠭᠡᠨ ᠦᠷᠡᠵᠢᠭᠦᠯᠬᠦ ᠭᠤᠣᠯ ᠴᠣᠭᠴᠠ ᠶᠢ ᠥᠭᠡᠷᠡᠴᠢᠯᠡᠨ ᠲᠠᠰ ᠳᠡᠪᠰᠢᠭᠦᠯᠵᠦ᠂ 6 ︽ ᠬᠤᠶᠠᠷ ᠪᠦᠲᠦᠭᠡᠭᠳᠡᠬᠦᠨ ᠨᠢᠭᠡ | ᠲᠡᠮᠲᠡᠭᠲᠦ︾ ᠶᠢᠨ ᠠᠵᠤ ᠠᠬᠤᠶᠢᠯᠠᠯ ᠢ ᠪᠠᠶᠢᠭᠤᠯᠪᠠ᠃ ᠴᠢᠨᠠᠷ ᠰᠠᠶᠢᠲᠠᠢ ᠲᠡᠵᠢᠭᠡᠯ ᠡᠪᠡᠰᠦᠨ ᠤ ᠰᠠᠭᠤᠷᠢᠨ ᠭᠠᠵᠠᠷ ᠢ 36.6 ᠲᠦᠮᠡᠨ ᠮᠦ ᠪᠠᠶᠢᠭᠤᠯᠵᠤ᠂ ᠵᠢᠯ ᠳᠤ | 12 ᠲᠦᠮᠡᠨ ᠲᠣᠨ ᠴᠠᠷᠭᠠᠰᠤ ᠶᠢᠨ ᠠᠯᠢᠰᠣ ᠥᠢᠯᠡᠳᠪᠦᠷᠢᠯᠡᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ︽ᠲᠤᠭ᠎ᠠ ᠬᠡᠮᠵᠢᠶ᠎ᠡ ᠶᠠᠰᠤ ᠴᠢᠨᠠᠷ ᠵᠡᠷᠭᠡ ᠪᠠᠷ | ᠳᠡᠭᠡᠭᠰᠢᠯᠡᠪᠡ︾᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠬᠦᠦ ᠥᠷᠲᠡᠭ ᠤᠨ ᠨᠡᠮᠡᠭᠳᠡᠯ ᠤᠨ ᠬᠤᠷᠳᠤᠴᠠ 15. | 8% ᠳᠤ ᠬᠦᠷᠴᠦ᠂ ᠪᠦᠬᠦ ᠬᠤᠲᠠ ᠶᠢᠨ ᠭᠤᠷᠪᠠᠳᠣᠭᠠᠷ ᠲᠤ ᠣᠷᠣᠵᠣ ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠲᠦᠭᠦᠬᠡᠢ ᠨᠡᠭᠦᠷᠡᠰᠦ ᠶᠢ ᠨᠡᠶᠢᠳᠡ | 4811.91ᠲᠦᠮᠡᠨ ᠲᠣᠨ ᠦᠢᠯᠡᠳᠪᠦᠷᠢᠯᠡᠵᠦ᠂ 14.3% ᠪᠠᠷ ᠨᠡᠮᠡᠭᠳᠡᠪᠡ ᠂ ᠴᠠᠬᠢᠯᠭᠠᠨ ᠭᠠᠷᠭᠠᠯᠲᠠ 253.83 ᠳ᠋ᠦᠩᠰᠢᠭᠤᠷ ᠺᠢᠯᠣᠸᠠᠲ ᠴᠠᠭ ᠂8.3% | ᠪᠠᠷ ᠨᠡᠮᠡᠭᠳᠡᠵᠦ᠂ ᠴᠥᠮ ᠢᠶᠠᠷ ᠢᠶᠠᠨ ᠥᠩᠭᠡᠷᠡᠭᠰᠡᠨ ᠵᠢᠯ ᠤᠳ ᠤᠨ ᠥᠢᠯᠡᠳᠭᠦᠨ ᠤ ᠤᠷᠬᠢᠯ ᠬᠡᠮᠵᠢᠭᠳᠡᠯ ᠠᠴᠠ ᠳᠠᠪᠠᠵᠤ᠂ ᠲᠡᠦᠬᠡᠲᠦ ᠴᠢᠨᠠᠷᠲᠠᠢ ᠳᠠᠪᠠᠯᠲᠠ ᠶᠢ | ᠪᠡᠶᠡᠯᠡᠭᠦᠯᠪᠡ᠃ ᠢᠮᠢᠨ ᠵᠠᠳᠠᠭᠠᠢ ᠠᠭᠤᠷᠬᠠᠢ ᠶᠢᠨ ᠤᠶᠤᠨᠴᠢ ᠡᠵᠡᠮᠳᠡᠯ ᠤᠨ ᠲᠠᠪᠴᠠᠩ ᠂ ᠠᠮᠢ ᠠᠬᠤᠢ ᠶᠢ ᠰᠡᠷᠭᠦᠭᠡᠬᠦ ᠵᠢᠱᠢᠶ᠎ᠡ ᠦᠵᠡᠭᠦᠯᠬᠦ ᠣᠷᠣᠨ ᠤ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ 5G + ᠵᠢᠯᠣᠭᠤᠴᠢ ᠦᠭᠡᠢ ᠮᠡᠷᠭᠡᠵᠢᠯ ᠢ ᠪᠡᠶᠡᠯᠡᠭᠦᠯᠪᠡ᠃ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ | ᠡᠷᠴᠢᠮᠵᠢᠭᠦᠯᠵᠦ ᠲᠦᠪᠯᠡᠷᠡᠭᠦᠯᠦᠨ ᠬᠦᠭᠵᠢᠬᠦ ᠶᠢ ᠠᠬᠢᠭᠤᠯᠵᠤ᠂ ᠵᠦᠩ ᠺᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠬᠤᠨᠢᠨ ᠠᠷᠠᠰᠤ ᠪᠠᠷ | ᠦᠢᠯᠡᠳᠦᠭᠰᠡᠨ ᠴᠠᠪᠠᠤᠯᠢᠭ ᠤᠭᠤᠷᠠᠭ ᠤᠨ ᠫᠧᠫᠲ᠋ᠢᠳ᠋ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ ᠲᠦᠷᠭᠡᠳᠬᠡᠨ ᠠᠬᠢᠭᠤᠯᠪᠠ᠃ | ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠢᠳᠡᠪᠬᠢᠲᠡᠢ ᠪᠠᠷ ᠪᠣᠶᠢᠵᠢᠭᠤᠯᠵᠤ᠂ ᠮᠧᠩ ᠯᠢ ᠲᠠᠷᠢᠶᠠᠯᠠᠩ ᠮᠠᠯ ᠠᠵᠤ ᠠᠬᠤᠢ ᠶᠢᠨ ᠮᠠᠰᠢᠨ | ᠦᠶᠯᠡᠳᠬᠦ ᠬᠢᠵᠠᠭᠠᠷᠲᠤ ᠺᠣᠮᠫᠠᠨᠢ ᠶᠢ ᠥᠪᠡᠷᠲᠡᠭᠡᠨ ᠵᠠᠰᠠᠬᠤ ᠣᠷᠣᠨ ᠤ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢᠶᠠᠷ | ᠮᠡᠳᠡᠭᠦᠯᠬᠦ ᠳᠤ ᠲᠣᠰᠠᠯᠠᠪᠠ᠃ ᠶᠧ ᠲᠢᠶᠠᠨ ᠲᠢᠶᠧ ᠨᠢᠦ ᠲᠠᠷᠢᠶᠠᠯᠠᠩ ᠤᠨ ᠲᠣᠨᠣᠭᠯᠠᠯ ᠦᠢᠯᠡᠳᠬᠦ ᠬᠢᠵᠠᠭᠠᠷᠲᠤ ᠺᠣᠮᠫᠠᠨᠢ ᠶᠢᠨ ᠳᠡᠭᠡᠳᠦ ᠳᠡᠰ ᠤᠨ ᠦᠢᠯᠡᠳᠬᠦ | ᠦᠢᠯᠡᠰ ᠤᠨ ᠦᠢᠯᠡᠳᠬᠦᠨ ᠤ ᠦᠷᠲᠡᠭ ᠠᠩᠬ᠎ᠠ ᠤᠳᠠᠭ᠎ᠠ 3 ᠳ᠋ᠦᠩᠰᠢᠭᠤᠷ ᠲᠥᠭᠦᠷᠢᠭ ᠢ ᠳᠠᠪᠠᠵᠤ᠂ ᠳᠠᠬᠢᠨ ᠢᠶᠠᠷ ᠨᠡᠮᠡᠭᠳᠡᠵᠡᠢ᠃ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠭᠢᠯᠠᠰ ᠴᠡᠭ ᠤᠯᠠᠳᠠᠪᠠ᠃ ᠠᠮᠢ ᠠᠬᠤᠢ ᠶᠢᠨ ᠵᠢᠭᠤᠯᠴᠢᠯᠠᠯ᠂ ᠰᠣᠶᠣᠯ ᠤᠨ ᠵᠢᠭᠤᠯᠴᠢᠯᠠᠯ᠂ ᠠᠷᠠᠳ ᠤᠨ ᠵᠠᠩ ᠦᠶᠯᠡ ᠶᠢᠨ ᠵᠢᠭᠤᠯᠴᠢᠯᠠᠯ ᠵᠡᠷᠭᠡ | ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ ᠦᠷᠨᠢᠭᠦᠯᠵᠦ᠂ ᠨᠢᠭᠡᠨ ᠵᠢᠭᠤᠯᠴᠢᠯᠠᠯ ᠤᠨ ᠦᠢᠯᠡᠴᠢᠯᠡᠭᠡᠨ ᠤ ᠲᠥᠪ ᠢ | ᠰᠢᠨ᠎ᠡ ᠪᠠᠷ ᠪᠠᠶᠢᠭᠤᠯᠵᠤ᠂ ᠢᠮᠢᠨ ᠭᠤᠣᠯ ᠰᠣᠶᠣᠯ ᠤᠨ ᠣᠷᠳᠣ ᠬᠤᠩᠭᠢᠯ ᠤᠨ ᠲᠦᠷᠦᠯ ᠵᠦᠢᠯ ᠤᠨ ᠪᠠᠶᠢᠭᠤᠯᠤᠯᠲᠠ ᠶᠢ ᠳᠠᠭᠤᠰᠬᠠᠵᠤ᠂ ᠪᠠᠶᠠᠨᠬᠤᠰᠢᠭᠤ | ᠦᠵᠡᠮᠵᠢ ᠶᠢᠨ ᠣᠷᠣᠨ ᠢ ᠳᠡᠰ ᠳᠡᠪᠰᠢᠭᠦᠯᠦᠨ ᠵᠠᠰᠠᠬᠤ ᠲᠦᠷᠦᠯ ᠵᠦᠢᠯ ᠢ ᠲᠦᠷᠭᠡᠳᠬᠡᠨ ᠠᠬᠢᠭᠤᠯᠪᠠ᠃ ᠰᠥᠨᠢ ᠶᠢᠨ ᠠᠵᠤ ᠠᠬᠤᠢ ᠬᠦᠭᠵᠢᠶᠡᠨ ᠲᠠᠢ ᠪᠣᠯᠪᠠ᠂ | ᠲᠣᠮᠣ ᠬᠡᠯᠪᠡᠷᠢ ᠶᠢᠨ ᠪᠣᠳᠠᠲᠤ ᠪᠠᠶᠢᠭᠠᠯᠢᠯᠢᠭ ᠦᠵᠡᠮᠵᠢ ᠲᠠᠢ ᠮᠣᠷᠢᠨ ᠮᠡᠷᠭᠡᠵᠢᠯ ᠤᠨ ︽ᠪᠠᠭᠠᠲᠤᠷᠴᠤᠳ ᠤᠨ ᠳᠣᠮᠤᠭ︾ ᠵᠦᠴᠦᠭᠡ ᠶᠢ ᠵᠠᠬ᠎ᠠ ᠳᠡᠯᠭᠡᠭᠦᠷ ᠲᠤ | ᠭᠠᠷᠭᠠᠵᠤ ᠲᠤᠭᠯᠠᠭᠤᠯᠪᠠ᠂ ᠥᠪᠥᠷ ᠮᠣᠩᠭᠤᠯ ᠤᠨ ᠦᠨᠳᠦᠰᠦᠲᠡᠨ ᠤ ᠪᠡᠶ᠎ᠡ ᠲᠠᠮᠢᠷ ᠤᠨ ᠲᠥᠪ᠂ ᠲᠠᠩᠰᠤᠭ ᠰᠠᠶᠢᠬᠠᠨ ᠡᠸᠡᠩᠬᠢ ᠰᠡᠯᠡᠭᠦᠴᠡᠯ ᠤᠨ ᠵᠡᠭᠡᠯᠢ ᠵᠡᠷᠭᠡ | ᠰᠥᠨᠢ ᠶᠢᠨ ᠠᠵᠤ ᠠᠬᠤᠢ ᠬᠦᠭᠵᠢᠵᠦ᠂ ᠲᠤᠰ ᠭᠠᠵᠠᠷ ᠤᠷᠣᠨ ᠤ ᠰᠡᠯᠡᠭᠦᠴᠡᠯ ᠵᠢᠭᠤᠯᠴᠢᠯᠠᠯ ᠤᠨ ᠬᠠᠯᠠᠮᠰᠢᠯ ᠭᠠᠵᠠᠷ ᠪᠣᠯᠪᠠ᠃ ᠪᠥᠬᠦ ᠵᠢᠯ ᠳᠤ ᠭᠥᠯᠢᠶᠡᠨ | ᠠᠪᠤᠭᠰᠠᠨ ᠵᠤᠭᠠᠴᠠᠭᠰᠠᠳ 39 ᠲᠦᠮᠡᠨ ᠬᠦᠮᠦᠨ ᠤᠳᠠᠭ᠎ᠠ ᠳᠤ ᠬᠦᠷᠴᠦ᠂ 6300 ᠲᠦᠮᠡᠨ ᠲᠥᠭᠦᠷᠢᠭ ᠤᠨ ᠵᠢᠭᠤᠯᠴᠢᠯᠠᠯ ᠤᠨ ᠠᠰᠢᠭ ᠣᠷᠣᠯᠭ᠎ᠠ ᠢ | ᠭᠦᠢᠴᠡᠳᠭᠡᠪᠡ᠃ ᠣᠨᠴᠠᠯᠢᠭᠲᠤ ᠢᠳᠡᠭᠡᠨ ᠤᠮᠳᠠᠭᠠᠨ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠮᠠᠰᠢᠨ ᠲᠡᠷᠭᠡᠨ ᠤ ᠠᠵᠤ ᠦᠢᠯᠡᠰ᠂ ᠡᠯᠧᠺᠲᠷᠣᠨ | ᠬᠤᠳᠠᠯᠳᠤᠭᠠᠨ ᠤ ᠶᠠᠪᠤᠳᠠᠯ ᠵᠡᠷᠭᠡ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠪᠡ᠃ | ︵ᠭᠤᠷᠪᠠ︶ ᠠᠮᠢ ᠠᠬᠤᠢ ᠶᠢᠨ ᠣᠷᠴᠢᠨ ᠲᠤᠭᠤᠷᠢᠨ ᠢ ᠠᠯᠬᠤᠮ ᠠᠯᠬᠤᠮ ᠢᠶᠠᠷ ᠰᠠᠶᠢᠵᠢᠷᠠᠭᠤᠯᠪᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ︽ᠭᠤᠷᠪᠠᠨ ᠱᠤᠭᠤᠮ ᠨᠢᠭᠡ ᠲᠠᠩᠰᠠ︾ ᠶᠢ ᠣᠷᠣᠨ ᠪᠦᠰᠡ | ᠬᠤᠪᠢᠶᠠᠨ ᠬᠠᠮᠢᠶᠠᠷᠤᠨ ᠡᠵᠡᠮᠳᠡᠬᠦ ᠳᠦᠷᠢᠮ ᠢ ᠪᠦᠲᠦᠮᠵᠢᠲᠡᠶ ᠪᠠᠷ ᠨᠠᠶᠢᠳᠠᠪᠤᠷᠢᠵᠢᠭᠤᠯᠪᠠ᠃ ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠨᠢᠭᠡᠨᠲᠡ | ᠬᠠᠭᠠᠯᠪᠤᠷᠢᠯᠠᠭᠰᠠᠨ ᠣᠶᠢᠲᠤ ᠭᠠᠵᠠᠷ ᠨᠤᠲᠤᠭ ᠪᠡᠯᠴᠢᠭᠡᠷ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠭᠤᠷᠪᠠᠨ ᠵᠢᠯ ᠤᠨ ᠬᠤᠭᠤᠴᠠᠭᠠᠨ ᠳᠤ | ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃ ᠪᠥᠬᠦ ᠬᠤᠲᠠ ᠳᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ | ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠦᠷᠦᠭᠦᠯᠡᠨ ᠪᠡᠶᠡᠯᠡᠭᠦᠯᠵᠦ᠂ ᠲᠥᠪ ᠬᠤᠷᠢᠶᠠᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠯᠲᠠ ᠶᠢᠨ ᠬᠠᠷᠢᠭᠤ ᠳᠣᠰᠬᠠᠬᠤ ᠠᠰᠠᠭᠤᠳᠠᠯ ᠢ ᠴᠡᠭᠴᠡᠯᠡᠨ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ ᠠᠭᠤᠯᠠ ᠤᠰᠤ ᠣᠶ ᠰᠢᠭᠤᠢ ᠲᠠᠷᠢᠶᠠᠨ | ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠰᠢᠨ᠎ᠡ ᠪᠠᠷ ᠨᠡᠮᠡᠭᠳᠡᠭᠦᠯᠦᠭᠰᠡᠨ ᠲᠠᠷᠢᠮᠠᠯ | ᠡᠪᠡᠰᠦᠨ ᠤ ᠲᠠᠯᠠᠪᠠᠢ 3.1 ᠲᠦᠮᠡᠨ ᠮᠦ᠂ ᠨᠤᠲᠤᠭ ᠪᠡᠯᠴᠢᠭᠡᠷ ᠤᠨ ᠶᠡᠷᠦᠩᠬᠡᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ 66.9%᠂ ᠰᠢᠨ᠎ᠡ ᠪᠠᠷ ᠨᠡᠮᠡᠭᠳᠡᠭᠰᠡᠨ | ᠤᠷᠭᠤᠭ᠎ᠠ ᠮᠣᠳᠣᠨ ᠤ ᠬᠠᠳᠠᠭᠠᠯᠠᠭᠳᠠᠴᠠ ᠶᠢᠨ ᠬᠡᠮᠵᠢᠶ᠎ᠡ 13.6 ᠲᠦᠮᠡᠨ ᠪᠣᠰᠤᠭ᠎ᠠ ᠳᠥᠷᠪᠡᠯᠵᠢᠨ ᠮᠧᠲᠷ᠂ ᠪᠥᠬᠦ ᠬᠤᠰᠢᠭᠤᠨ ᠤ ᠣᠶ ᠰᠢᠭᠤᠢ ᠶᠢᠨ ᠪᠦᠷᠬᠦᠴᠡ | 33.1% ᠪᠣᠯᠣᠨ᠎ᠠ᠃ ᠬᠥᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠭᠤᠷᠪᠠᠨ ᠶᠡᠭᠡ ᠬᠠᠮᠠᠭᠠᠯᠠᠯᠲᠠ ᠶᠢᠨ ᠠᠵᠢᠯᠯᠠᠭ᠎ᠠ ᠢᠯᠡᠳᠲᠡ ᠦᠷ᠎ᠡ ᠪᠦᠲᠦᠮᠵᠢ | ᠣᠯᠵᠤ᠂ ᠠᠭᠠᠷ ᠤᠨ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠡᠵᠡᠯᠡᠬᠦ ᠬᠠᠷᠢᠴᠠᠯ 100% ᠳᠤ ᠬᠦᠷᠴᠡᠢ᠃ ᠤᠰᠤᠨ ᠤ ᠪᠣᠬᠢᠷᠳᠤᠯ ᠢ ᠰᠡᠷᠭᠡᠶᠢᠯᠡᠨ | ᠵᠠᠰᠠᠬᠤ ᠠᠵᠢᠯ ᠢ ᠬᠦᠴᠦᠯᠡᠨ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠪᠠᠷ ᠢᠶᠠᠨ ᠢ ᠠᠷᠢᠯᠭᠠᠬᠤ︾ ᠲᠤᠰᠬᠠᠢ ᠠᠵᠢᠯᠯᠠᠭ᠎ᠠ ᠶᠢ | ᠢᠳᠡᠪᠬᠢᠲᠡᠢ ᠦᠷᠨᠢᠭᠦᠯᠵᠦ᠂ ᠲᠣᠭᠲᠠᠭᠠᠯ ᠠᠴᠠ ᠵᠦᠷᠢᠴᠡᠭᠰᠡᠨ ᠪᠤᠩᠬᠤᠨ ᠤ ᠭᠠᠵᠠᠷ ᠢ ᠲᠤᠰᠬᠠᠶᠢᠯᠠᠨ ᠵᠠᠰᠠᠨ ᠴᠡᠭᠴᠡᠯᠡᠬᠦ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ | ᠪᠦᠲᠦᠮᠵᠢ ᠣᠯᠪᠠ᠃ ᠵᠠᠨᠢ ᠭᠤᠣᠯ ᠤᠨ ᠵᠠᠳᠠᠭᠠᠢ ᠠᠭᠤᠷᠬᠠᠢ᠂ ᠮᠢᠨᠳᠦᠩ ᠨᠢᠭᠡᠳᠦᠭᠡᠷ ᠠᠭᠤᠷᠬᠠᠢ ᠶᠢᠨ ᠪᠣᠬᠢᠷᠳᠤᠯ ᠦᠭᠡᠢ ᠠᠭᠤᠷᠬᠠᠢ ᠶᠢᠨ ᠵᠢᠱᠢᠶ᠎ᠡ ᠦᠵᠡᠭᠦᠯᠬᠦ | ᠣᠷᠣᠨ ᠤ ᠪᠠᠶᠢᠭᠤᠯᠤᠯᠲᠠ ᠶᠢ ᠠᠬᠢᠭᠤᠯᠵᠤ᠂ ᠢᠮᠢᠨ ᠵᠠᠳᠠᠭᠠᠢ ᠠᠭᠤᠷᠬᠠᠢ ᠶᠢᠨ ᠪᠥᠬᠦ ᠤᠯᠤᠰ ᠤᠨ ᠪᠣᠬᠢᠷᠳᠤᠯ ᠦᠭᠡᠢ ᠠᠭᠤᠷᠬᠠᠢ ᠪᠠᠷ ᠳᠠᠬᠢᠨ ᠦᠨᠡᠯᠡᠨ ᠵᠢᠱᠢᠬᠦ ᠶᠢ | ᠪᠡᠶᠡᠯᠡᠭᠦᠯᠪᠡ᠃ ᠥᠪᠥᠷ ᠮᠣᠩᠭᠤᠯ ᠱᠧᠨ ᠭᠦᠩ ᠪᠦᠯᠦᠭᠯᠡᠯ ᠯᠦᠭᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠬᠠᠮᠲᠤᠷᠠᠯᠴᠠᠭ᠎ᠠ ᠶᠢᠨ ᠪᠦᠳᠦᠭᠦᠪᠴᠢ | ᠵᠥᠪᠯᠡᠯᠴᠡᠭᠡᠷ ᠲᠣᠭᠲᠠᠵᠤ᠂ ᠬᠤᠰᠢᠭᠤ ᠰᠢᠶᠠᠨ ᠤ ᠱᠠᠲᠤᠨ ᠤ ᠣᠶ ᠰᠢᠭᠤᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠲᠤᠷᠰᠢᠯᠲᠠ ᠶᠢᠨ ᠴᠢᠭ ᠢ | ᠮᠡᠳᠡᠭᠦᠯᠪᠡ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠭᠦᠢᠴᠡᠳᠬᠡᠯ ᠲᠤᠭ᠎ᠠ ︽ᠬᠤᠣᠰ ᠨᠣᠭᠤᠭᠠᠨ︾ ᠢ ᠢᠮᠠᠭᠲᠠ ᠪᠠᠲᠤᠯᠠᠵᠤ᠂ ᠤᠯᠠᠮᠵᠢᠯᠠᠯᠲᠤ | ᠠᠵᠤ ᠦᠢᠯᠡᠰ ᠤᠨ ᠬᠥᠭᠵᠢᠯᠲᠡ ᠶᠢᠨ ᠪᠣᠬᠢᠷᠳᠤᠯ ᠦᠭᠡᠢ ᠬᠦᠳᠡᠯᠭᠡᠭᠡᠨ ᠤ ᠡᠨᠧᠷᠭᠢ ᠡᠳᠦᠷ ᠢᠷᠡᠬᠦᠶ᠎ᠡ ᠴᠢᠩᠭᠠᠷᠠᠪᠠ᠃ | ︵ᠳᠥᠷᠪᠡ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠰᠢᠭᠤ ᠪᠠᠨ ᠮᠠᠨᠳᠤᠭᠤᠯᠬᠤ︾ | ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ 600 ᠭᠠᠷᠤᠢ ᠥᠨᠳᠥᠷ ᠪᠣᠯᠪᠠᠰᠤᠷᠠᠯ ᠲᠠᠢ ᠮᠠᠯᠴᠢᠳ ᠢ ᠬᠥᠮᠥᠵᠢᠭᠦᠯᠪᠡ᠃ ᠡᠵᠡᠩᠨᠡᠯᠲᠡ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠬᠦᠴᠦᠨ ᠢᠶᠠᠨ ᠲᠥᠪᠯᠡᠷᠡᠭᠦᠯᠦᠨ ᠠᠬᠢᠭᠤᠯᠵᠤ᠂ ᠤᠤ ᠴᠢᠶᠦ᠋ᠨ ᠺᠣᠮᠫᠠᠨᠢ ᠯᠤᠭ᠎ᠠ ᠶᠢᠨ | ᠵᠢᠭᠤᠷᠠᠯᠳᠤᠭᠠᠨ ᠢ ᠮᠦᠨ ᠴᠢᠨᠠᠷ ᠤᠨ ᠠᠬᠢᠯᠲᠠ ᠲᠠᠢ ᠪᠣᠯᠭᠠᠪᠠ᠃ ︽ᠡᠷᠬᠡ ᠪᠠᠨ ᠲᠠᠯᠪᠢᠬᠤ ᠬᠠᠮᠢᠶᠠᠷᠣᠯᠲᠠ ᠶᠢ ᠤᠶᠠᠯᠳᠣᠭᠤᠯᠬᠤ ᠥᠢᠯᠡᠴᠢᠯᠡᠭᠡ ᠪᠠᠨ | ᠰᠢᠯᠢᠳᠡᠭᠴᠢᠭᠦᠯᠬᠦ ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾᠂ ᠥᠨᠳᠥᠷ | ᠳᠠᠪᠲᠠᠮᠵᠢᠲᠤ ᠵᠦᠢᠯᠡᠰ ᠢ ︽ᠮᠤᠵᠢ ᠠᠯᠤᠰᠯᠠᠨ ᠰᠢᠭᠤᠳ ᠰᠢᠢᠳᠪᠦᠷᠢᠯᠡᠬᠦ︾ ︽ᠣᠷᠣᠨ ᠪᠦᠰᠡ ᠠᠯᠤᠰᠯᠠᠨ ᠰᠢᠭᠤᠳ ᠰᠢᠢᠳᠪᠦᠷᠢᠯᠡᠬᠦ︾ ᠪᠠ ︽12345︾ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠢᠴᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠨᠡᠶᠢᠲᠡ 20.3 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠨ᠂ | ᠴᠠᠭ ᠲᠤᠬᠠᠢ ᠳᠤ ᠨᠢ ᠰᠢᠢᠳᠪᠦᠷᠢᠯᠡᠭᠰᠡᠨᠨᠣᠷᠮᠠ 100% ᠳᠤ ᠬᠥᠷᠪᠡ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ︽ᠨᠢᠭᠡ ᠳᠠᠩᠰᠠ ᠬᠤᠶᠠᠷ ᠵᠢᠭᠰᠠᠭᠠᠯᠲᠠ︾ ᠶᠢ ᠭᠦᠢᠴᠡᠳᠭᠡᠪᠡ᠃ ᠭᠤᠣᠯᠳᠠᠯᠭ᠎ᠠ ᠲᠠᠢ ᠬᠦᠷᠢᠶᠡᠨ ᠳᠠᠬᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠡᠳ᠋ ᠤᠨ ᠵᠠᠰᠠᠭ ᠭᠠᠶᠢᠯᠢ ᠶᠢᠨ ᠲᠤᠭᠲᠠᠯᠴᠠᠭ᠎ᠠ ᠶᠢᠨ ᠥᠭᠡᠷᠡᠴᠢᠯᠡᠯᠲᠡ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠲᠤᠭᠲᠠᠯᠴᠠᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠠᠩᠬ᠎ᠠ ᠠᠯᠬᠤᠮ ᠪᠡᠶᠡᠯᠡᠭᠦᠯᠵᠦ᠂ ᠬᠦᠭᠵᠢᠯ ᠦᠨᠣᠷᠣᠨ ᠤ ᠬᠡᠷᠡᠭ ᠢ ᠵᠠᠳᠠᠯᠵᠤ ᠵᠠᠰᠠᠨ ᠴᠡᠭᠴᠡᠯᠡᠵᠦ ᠱᠠᠭᠠᠷᠳᠠᠬᠤ | ᠠᠵᠢᠯ ᠢ ᠤᠷᠤᠭᠰᠢᠲᠠᠢ ᠪᠡᠶᠡᠯᠡᠭᠦᠯᠪᠡ᠃ ︽ᠲᠠᠪᠤ ᠶᠢ ᠡᠬᠢᠯᠡᠭᠦᠯᠬᠦ ᠠᠵᠢᠯ︾ ᠢᠯᠡᠳᠲᠡ ᠠᠮᠵᠢᠯᠲᠠ ᠲᠠᠢ ᠪᠠᠶᠢᠵᠤ᠂ ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ᠂ ︽ | ᠬᠠᠭᠠᠰ ᠬᠤᠭᠤᠰ︾ ᠪᠠᠷᠢᠯᠭ᠎ᠠ ᠶᠢᠨ ᠭᠠᠷ ᠭᠦᠢᠴᠡᠳᠬᠡᠯ ᠤᠨ ᠬᠢᠨᠠᠨ ᠵᠥᠪᠰᠢᠶᠡᠷᠡᠯ ᠢ ᠲᠦᠷᠭᠡᠪᠴᠢᠯᠡᠨᠠᠬᠢᠭᠤᠯᠵᠤ᠂ ᠰᠤᠯᠠ ᠲᠠᠯᠪᠢᠭᠳᠠᠵᠤ ᠪᠠᠶᠢᠭ᠎ᠠ ᠦᠷ᠎ᠡ | ᠠᠰᠢᠭ ᠢᠶᠠᠷ ᠪᠠᠷᠣᠭᠲᠠᠢ ᠭᠠᠵᠠᠷ ᠰᠢᠷᠣᠢ ᠪᠠ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠪᠦᠲᠦᠮᠵᠢᠲᠡᠶ ᠪᠠᠷ ᠢᠳᠡᠪᠬᠢᠵᠢᠭᠦᠯᠵᠦ᠂ ᠬᠦᠭᠵᠢᠯ ᠤᠨ ᠣᠷᠣᠨ ᠤ ᠰᠤᠯᠠ | ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠪᠠ᠃ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠰᠢᠨ᠎ᠡ ᠶᠢ | ᠡᠭᠦᠳᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠬᠤᠳᠠᠯᠳᠤᠭᠠᠴᠢᠨ ᠤᠷᠢᠵᠤ ᠪᠡᠯᠡ ᠲᠠᠳᠠᠭᠰᠠᠨ 8.22 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠨᠠᠶᠢᠳᠠᠪᠤᠷᠢᠵᠢᠭᠤᠯᠤᠨ᠂ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠱᠠᠩᠴᠧᠩ ᠲᠣᠭᠤᠷᠢᠭ ᠵᠡᠷᠭᠡ ᠭᠠᠵᠠᠷ ᠲᠠᠢ ᠨᠥᠬᠦᠷᠰᠡᠭ ᠬᠤᠲᠠ ᠲᠣᠭᠤᠷᠢᠭ ᠤᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ | | |