︵ᠲᠠᠪᠤ︶ ᠬᠤᠲᠠ ᠬᠥᠳᠡᠭᠡ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠭᠤᠣᠯ ᠬᠤᠲᠠ ᠲᠣᠭᠤᠷᠢᠭ ᠢ ᠨᠢᠭᠡ ᠴᠣᠭᠴᠠᠵᠢᠭᠤᠯᠬᠤ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠤᠲᠠ ᠬᠥᠳᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ | ᠠᠮᠢᠵᠢᠷᠠᠭ᠎ᠠ ᠶᠢᠨ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠣᠯᠠᠨ ᠲᠦᠮᠡᠨ ᠤ ᠰᠢᠢᠳᠪᠦᠷᠢᠯᠡᠬᠦ ᠶᠢ ᠬᠦᠰᠡᠵᠦ ᠪᠠᠶᠢᠭ᠎ᠠ ᠮᠠᠰᠢ ᠣᠯᠠᠨ ᠬᠦᠴᠢᠷᠲᠡᠢ | ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠪᠡ᠄ ᠬᠠᠶᠢᠯᠠᠷ ᠠᠴᠠ ᠢᠮᠢᠨ ᠬᠦᠷᠬᠦ ᠵᠠᠰᠠᠮᠠᠯ ᠵᠠᠮ ᠤᠨ ᠪᠠᠶᠢᠭᠤᠯᠤᠯᠲᠠ ᠶᠢᠨ ᠲᠥᠷᠥᠯ ᠵᠦᠢᠯ ᠪᠥᠬᠦ ᠵᠠᠮ ᠱᠤᠭᠤᠮ ᠢ | ᠨᠠᠪᠲᠡᠷᠡᠭᠦᠯᠵᠦ᠂ ᠡᠮᠦᠨ᠎ᠡ ᠱᠤᠭᠤᠮ ᠤᠨ ᠵᠠᠮ ᠬᠠᠷᠢᠯᠴᠠᠭ᠎ᠠ ᠣᠯᠠᠨ ᠵᠢᠯ ᠤᠨ ᠲᠤᠷᠰᠢ ᠶᠢᠨ ᠡᠩᠬᠦᠯ ᠬᠤᠩᠬᠤᠯ ᠪᠠᠶᠢᠳᠠᠯ ᠠᠴᠠ ᠠᠩᠭᠢᠵᠢᠷᠠᠵᠤ᠂ ᠬᠥᠯᠥᠨ ᠪᠤᠶᠢᠷ | ᠬᠤᠲᠠ ᠶᠢᠨ ᠡᠮᠦᠨ᠎ᠡ ᠱᠤᠭᠤᠮ ᠤᠨ ᠵᠢᠭᠤᠯᠴᠢᠯᠠᠯ ᠤᠨ ᠬᠥᠭᠵᠢᠯᠲᠡ ᠪᠠ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠳᠤ ᠨᠦᠭᠦᠴᠡᠯ ᠪᠦᠷᠢᠯᠳᠦᠭᠦᠯᠪᠡ︔ | 1732 ᠵᠡᠭᠡᠯᠢ᠂ ᠳ᠋ᠦ᠋ ᠰᠢ ᠵᠡᠭᠡᠯᠢ ᠵᠡᠷᠭᠡ ᠤᠯᠠᠨ ᠵᠤᠷᠪᠤᠰ ︽ᠮᠤᠬᠤᠷ ᠵᠠᠮ︾ ᠢ ᠨᠠᠪᠲᠠᠷᠡᠭᠦᠯᠵᠦ᠂ ᠬᠤᠳᠠ ᠶᠢᠨ ᠵᠡᠭᠡᠯᠢ ᠭᠤᠳᠣᠮᠵᠢ ᠶᠢᠨ ᠬᠤᠭᠤᠷᠤᠨᠳᠣᠬᠢ ᠵᠠᠮ | ᠨᠡᠪᠲᠡᠷᠡᠭᠦᠯᠭᠡ ᠶᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠢᠮᠢᠨ ᠰᠤᠮᠤ ᠶᠢᠨ ᠭᠤᠣᠯ ᠬᠥᠭᠦᠷᠭᠡ ᠶᠢᠨ ᠢᠨᠵᠧᠨᠧᠷᠢᠩ ᠤᠨ ᠲᠦᠷᠦᠯ ᠵᠦᠢᠯ ᠢ ᠤᠷᠤᠭᠰᠢᠲᠠᠢ | ᠬᠡᠷᠡᠭᠵᠢᠭᠦᠯᠵᠦ᠂ ᠢᠮᠢᠨ ᠭᠤᠣᠯ ᠤᠨ ︽ᠢᠷᠭᠡᠳ ᠤᠨ ᠰᠡᠳᠭᠢᠯ ᠤᠨ ᠬᠥᠭᠦᠷᠭᠡ︾ ᠶᠢ ᠨᠠᠪᠲᠠᠷᠡᠭᠦᠯᠵᠦ᠂ ᠤᠯᠠᠨ ᠵᠢᠯ ᠤᠨ ᠲᠤᠷᠰᠢ ᠮᠠᠯᠴᠢᠳ ᠤᠨ ᠲᠣᠭᠤᠷᠢᠣ | ᠶᠠᠪᠤᠵᠤ ᠪᠠᠶᠢᠭᠰᠠᠨ ᠵᠠᠮ ᠬᠠᠷᠢᠯᠴᠠᠭᠠᠨ ᠤ ᠳᠦᠭᠦᠮ ᠦᠭᠡᠢ ᠪᠠᠶᠢᠳᠠᠯ ᠢ ᠰᠢᠢᠳᠪᠦᠷᠢᠯᠡᠪᠡ︔ 5 ᠵᠢᠯ ᠵᠣᠭᠰᠣᠩᠭᠢᠷᠠᠭᠰᠠᠨ ᠬᠤᠳᠠ ᠶᠢᠨ ᠠᠷᠠᠳ ᠤᠨ ᠠᠭᠤᠳᠠᠮ | ᠲᠠᠯᠠᠪᠠᠢ ᠶᠢ ᠪᠠᠶᠢᠭᠤᠯᠵᠤ ᠳᠠᠭᠤᠰᠬᠠᠨ᠂ ᠤᠯᠠᠨ ᠲᠦᠮᠡᠨ ᠤ ︽ᠰᠡᠳᠬᠢᠯ ᠤᠨ ᠥᠷᠭᠡᠰᠦ︾ ᠶᠢ ᠦᠭᠲᠡᠭᠡᠵᠦ᠂ ᠰᠡᠯᠡᠭᠦᠴᠡᠯ ᠵᠤᠭ᠎ᠠ ᠴᠡᠩᠭᠡᠯ ᠤᠨ ᠪᠠᠰᠠ ᠨᠢᠭᠡ ᠰᠢᠨ᠎ᠡ | ᠭᠠᠵᠠᠷ ᠲᠠᠢ ᠪᠣᠯᠭᠠᠪᠠ︔ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠤᠨ᠂ ᠵᠠᠮ ᠡᠵᠡᠯᠡᠨ ᠡᠵᠡᠩᠨᠡᠬᠦ | ᠠᠰᠠᠭᠤᠳᠠᠯ ᠢ ᠰᠢᠢᠳᠪᠦᠷᠢᠯᠡᠵᠦ᠂ ᠬᠤᠲᠠ ᠵᠡᠭᠡᠯᠢ ᠣᠷᠴᠢᠨ ᠲᠣᠭᠤᠷᠢᠨ ᠢ ᠡᠮᠬᠢ ᠳᠢᠭᠯᠢᠮ ᠲᠠᠢ ᠪᠣᠯᠭᠠᠪᠠ︔ ᠪᠠᠭ᠎ᠠ ᠵᠣᠭᠤᠰ ᠵᠠᠷᠤᠴᠠᠭᠤᠯᠤᠨ᠂ ᠶᠡᠭᠡ ᠶᠠᠪᠤᠳᠠᠯ | ᠪᠦᠲᠦᠭᠡᠬᠦ ᠶᠢ ᠪᠠᠷᠢᠮᠲᠠᠯᠠᠵᠤ᠂ 10 ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠵᠦ᠂ ᠤᠯᠠᠨ ᠨᠡᠶᠢᠲᠡ ᠶᠢᠨ ᠠᠵᠢᠯᠯᠠᠭᠠᠨ ᠤ ᠣᠷᠣᠨ ᠵᠠᠢ ᠶᠢ 13.4 ᠲᠦᠮᠡᠨ ᠲᠡᠭᠰᠢ ᠳᠥᠷᠪᠡᠯᠵᠢᠨ ᠮᠧᠲᠷ ᠥᠷᠭᠡᠳᠬᠡᠵᠦ᠂ ᠬᠥᠮᠥᠨ | ᠳᠤᠮᠳᠠᠴᠢ ᠶᠢᠨ ᠨᠣᠭᠤᠭᠠᠨ ᠭᠠᠵᠠᠷ ᠢ 3.33 ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ ᠠᠰᠢᠭᠯᠠᠭ᠎ᠠ ᠦᠭᠡᠢ ᠣᠳᠠᠭᠰᠠᠨ ᠬᠤᠳᠠ ᠶᠢᠨ ᠬᠠᠶᠠᠭᠳᠠᠯ ᠭᠠᠵᠠᠷ ᠢ | ᠨᠤᠭᠤᠭᠠᠷᠠᠭᠤᠯᠵᠤ᠂ ᠪᠢᠴᠢᠯ ᠴᠡᠴᠡᠷᠯᠢᠭ ᠪᠣᠯᠭᠠᠨ ᠬᠤᠪᠢᠷᠠᠭᠤᠯᠪᠠ︔ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ | ᠪᠠ ᠵᠡᠭᠡᠯᠢ ᠭᠤᠳᠤᠮᠵᠢ ᠶᠢ ᠭᠤᠶᠣᠵᠢᠭᠤᠯᠤᠨ ᠭᠡᠷᠡᠯᠲᠦᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠬᠤᠲᠠ ᠶᠢᠨ ᠥᠩᠭᠡ ᠵᠢᠰᠦ ᠴᠢᠨᠠᠷ ᠴᠢᠨᠰᠠᠭ᠎ᠠ ᠶᠢ | ᠳᠡᠭᠡᠭᠰᠢᠯᠡᠭᠦᠯᠪᠡ︔ ᠬᠤᠶᠠᠷ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠ ᠣᠳᠣᠬᠢᠴᠢᠯᠠᠭᠰᠠᠨ ᠵᠠᠰᠠᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ | ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠳᠤ ︽ᠨᠢᠭᠡ ᠬᠤᠲᠠ ᠠᠳᠠᠯᠢ ᠬᠠᠷᠠᠭᠠᠯᠵᠠᠯ︾ ᠢ ᠲᠦᠷᠭᠡᠳᠬᠡᠨ ᠭᠦᠢᠴᠡᠳᠭᠡᠪᠡ᠃ ᠬᠥᠳᠡᠭᠡ | ᠲᠣᠰᠬᠤᠨ ᠤ ᠳᠤᠲᠠᠭᠤᠳᠠᠯ ᠪᠠᠭᠤᠷᠠᠢ ᠵᠦᠢᠯᠡᠰ ᠲᠤ ᠲᠥᠪᠯᠡᠷᠡᠭᠦᠯᠵᠦ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠪᠡᠯᠡ | ᠮᠥᠩᠭᠦ ᠶᠢ ᠵᠣᠯᠭᠠᠭᠤᠯᠬᠤ ᠲᠦᠷᠦᠯ ᠵᠦᠢᠯ ᠪᠦᠬᠦᠨ ᠢ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠦᠷᠭᠦᠯᠵᠢᠯᠡᠨ ᠴᠡᠭᠴᠡᠯᠡᠨ ᠵᠠᠰᠠᠬᠤ ᠶᠢ ᠥᠷᠨᠢᠭᠦᠯᠵᠦ᠂ ᠮᠠᠯᠵᠢᠬᠤ ᠣᠷᠣᠨ ᠤ 454 ᠡᠷᠦᠬᠡ ᠶᠢᠨ ᠵᠣᠷᠯᠣᠩ ᠢ ᠴᠡᠭᠴᠡᠯᠡᠨ ᠵᠠᠰᠠᠵᠤ᠂ ᠮᠠᠯ ᠵᠢᠭᠦᠷᠲᠡᠨ ᠤ | ᠪᠠᠭᠠᠰᠣ ᠢᠯᠭᠠᠳᠠᠰᠣ ᠶᠢᠨ ᠪᠣᠬᠢᠷᠳᠤᠯ ᠢ ᠰᠢᠢᠳᠪᠦᠷᠢᠯᠡᠬᠦ ᠲᠥᠷᠥᠯ ᠵᠦᠢᠯ ᠢ ᠪᠥᠬᠦ ᠰᠢᠶᠠᠨ ᠢᠶᠠᠷ ᠲᠦᠷᠭᠡᠳᠬᠡᠨ ᠬᠡᠷᠡᠭᠵᠢᠭᠦᠯᠬᠦ ᠶᠢ ᠠᠬᠢᠭᠤᠯᠪᠠ᠃ ᠪᠠᠶᠠᠨᠲᠤᠬᠠᠢ | ᠪᠠᠯᠭᠠᠰᠤ ᠶᠢᠨ ᠲᠣᠸᠠᠨ ᠵᠢᠶᠧ ᠭᠠᠴᠠᠭ᠎ᠠ ᠶᠢᠨ ᠢᠳᠡᠬᠦ ᠣᠰᠣᠨ ᠤ ᠠᠮᠤᠷ ᠲᠦᠪᠰᠢᠨ ᠤ ᠲᠦᠷᠦᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠤᠨ | ᠪᠠᠶᠢᠭᠤᠯᠤᠯᠲᠠ ᠶᠢ ᠪᠡᠶᠡᠯᠡᠭᠦᠯᠵᠦ᠂ ᠪᠠᠶᠠᠨᠴᠠᠭᠠᠨ ᠰᠤᠮᠤ ᠶᠢᠨ ᠮᠡᠭᠡᠷᠲᠦ ᠭᠠᠴᠠᠭ᠎ᠠ ᠶᠢᠨ ᠬᠥᠭᠦᠷᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠳᠠᠭᠤᠰᠴᠣ | ᠲᠡᠷᠭᠡ ᠨᠡᠪᠲᠡᠷᠡᠪᠡ᠂ 2022 ᠣᠨ ᠤ ᠠᠷᠠᠳ ᠤᠨ ᠠᠮᠢᠵᠢᠷᠠᠭ᠎ᠠ ᠶᠢᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠦᠬᠦᠨ ᠢ ᠭᠦᠢᠴᠡᠳᠬᠡᠵᠦ ᠳᠠᠭᠤᠰᠬᠠᠪᠠ | ︵ᠵᠢᠷᠭᠤᠭ᠎ᠠ︶ ᠠᠷᠠᠳ ᠤᠨ ᠠᠮᠢᠵᠢᠷᠠᠭ᠎ᠠ ᠶᠢᠨ ᠬᠡᠰᠢᠭ ᠬᠦᠷᠲᠡᠭᠡᠮᠵᠢ ᠶᠢ ᠪᠠᠶᠠᠯᠢᠭᠵᠢᠭᠤᠯᠪᠠ᠃ ᠡᠳ᠋ ᠤᠨ ᠵᠠᠰᠠᠭ ᠠᠴᠠ 19.47 ᠳ᠋ᠦᠩᠰᠢᠭᠤᠷ | ᠲᠥᠭᠦᠷᠢᠭ ᠭᠠᠷᠭᠠᠵᠤ᠂ ᠠᠷᠠᠳ ᠤᠨ ᠠᠮᠢᠵᠢᠷᠠᠭ᠎ᠠ ᠶᠢᠨ ᠬᠦᠷᠢᠶᠡᠨ ᠳᠤ ᠵᠠᠷᠣᠴᠠᠭᠤᠯᠵᠠᠢ᠃ ᠲᠠᠰ ᠳᠠᠪᠬᠤᠷᠭ᠎ᠠ ᠲᠥᠷᠥᠯ ᠵᠦᠢᠯ ᠬᠤᠪᠢᠶᠠᠨ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮᠵᠢ ᠶᠢ ᠪᠠᠶᠢᠭᠤᠯᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ 6387.54 ᠲᠦᠮᠡᠨ ᠲᠥᠭᠦᠷᠢᠭ ᠲᠠᠷᠬᠠᠭᠠᠪᠠ᠃ | ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠦᠷᠭᠡᠳᠭᠡᠨ ᠠᠬᠢᠭᠤᠯᠵᠤ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 9%᠂ 8%᠂ 7% ᠪᠠᠷ ᠳᠡᠭᠡᠭᠰᠢᠯᠡᠭᠦᠯᠪᠡ᠃ ᠰᠢᠯᠵᠢᠯᠲᠡ ᠶᠢᠨ ᠬᠤᠭᠤᠴᠠᠭᠠᠨ ᠳᠠᠬᠢ ᠶᠠᠳᠠᠭᠤ ᠠᠴᠠ | ᠠᠩᠭᠢᠵᠢᠷᠠᠭᠤᠯᠬᠤ ᠬᠥᠮᠥᠨ ᠠᠮᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 22607 ᠲᠥᠭᠦᠷᠢᠭ ᠂ ᠠᠳᠠᠯᠢ ᠬᠤᠭᠤᠴᠠᠭᠠᠨ ᠤ ᠬᠢ ᠠᠴᠠ 11.05% | ᠨᠡᠮᠡᠭᠳᠡᠪᠡ᠃ ᠬᠥᠯᠥᠰᠦᠨ ᠠᠵᠢᠯᠴᠢᠨ ᠤ ᠴᠠᠯᠢᠩ ᠥᠷᠢᠲᠦᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠪᠴᠠᠩ ᠢᠶᠠᠷ ᠰᠢᠢᠳᠪᠦᠷᠢᠯᠡᠬᠦ ᠶᠢ ᠰᠦᠪᠡᠭᠴᠢ ᠪᠠᠷ | ᠰᠢᠢᠳᠪᠦᠷᠢᠯᠡᠬᠦ ᠪᠣᠯᠭᠠᠭᠰᠠᠨ ᠠᠴᠠ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠶᠢ 100% ᠳᠤ ᠬᠦᠷᠦᠭᠦᠯᠪᠡ᠃ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠵᠦ᠂ ︽ᠦᠨᠡᠮᠯᠡᠯ ᠣᠯᠬᠤ ᠳᠤ ᠬᠦᠴᠢᠷ︾ | 9770 ᠢᠵᠢ ᠠᠰᠠᠭᠤᠳᠠᠯ ᠢ ᠰᠢᠢᠳᠪᠦᠷᠢᠯᠡᠪᠡ᠃ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠪᠠ ᠠᠵᠢᠯ ᠣᠯᠭᠤᠯᠲᠠ ᠶᠢᠨ | ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ | ᠲᠤᠭᠲᠠᠪᠣᠷᠢᠵᠢᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.5% ᠶᠢᠨ ᠳᠣᠲᠣᠷ᠎ᠠ ᠪᠠᠶᠢᠯᠭᠠᠬᠤ ᠶᠢ ᠪᠠᠲᠤᠯᠠᠪᠠ᠃ | ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ︽ᠲᠠᠯ᠎ᠠ ᠨᠤᠲᠤᠭ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠥᠷᠲᠡᠭᠡ︾ ᠶᠢ 8 ᠪᠠᠶᠢᠭᠤᠯᠵᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ | 95% ᠬᠥᠷᠪᠡ᠃ ᠭᠡᠷ ᠲᠡᠭᠡᠨ ᠰᠠᠭᠤᠵᠤ ᠥᠢᠯᠡᠴᠢᠯᠡᠭᠦᠯᠬᠦ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠵᠢᠱᠢᠶ᠎ᠡ | ᠦᠵᠡᠭᠦᠯᠬᠦ ᠴᠢᠭ ᠢ 5 ᠪᠠᠶᠢᠭᠤᠯᠵᠤ᠂ ᠭᠡᠷ ᠲᠡᠭᠡᠨ ᠰᠠᠭᠤᠵᠤ ᠥᠢᠯᠡᠴᠢᠯᠡᠭᠦᠯᠬᠦ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢᠨ ᠬᠠᠮᠤᠷᠬᠤ | ᠬᠡᠪᠴᠢᠶ᠎ᠡ ᠶᠢ 90% ᠳᠤ ᠬᠦᠷᠦᠭᠦᠯᠪᠡ᠃ ᠪᠦᠬᠦ ᠤᠯᠤᠰ ᠤᠨ ᠳᠣᠮᠳᠠ ᠪᠠ ᠤᠷᠲᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢᠨ | ᠲᠤᠷᠰᠢᠯᠲᠠ ᠶᠢᠨ ᠴᠢᠭ᠋ ᠰᠢᠯᠢᠳᠡᠭ ᠳᠡᠰ ᠢᠶᠠᠷ ᠥᠨᠡᠯᠡᠭᠳᠡᠪᠡ᠃ | ︵ᠳᠣᠯᠤᠭ᠎ᠠ︶ ᠨᠡᠶᠢᠭᠡᠮ ᠤᠨ ᠦᠢᠯᠡᠰ ᠪᠥᠬᠦ ᠲᠠᠯ᠎ᠠ ᠪᠠᠷ ᠳᠡᠪᠰᠢᠪᠡ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠵᠣᠬᠢᠴᠠᠩᠭᠤᠢ ᠪᠠᠷ | ᠬᠥᠭᠵᠢᠭᠦᠯᠵᠦ᠂ ᠢᠮᠢᠨ ᠰᠤᠮᠤ ᠶᠢᠨ ᠭᠤᠣᠯ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ᠂ ᠢᠮᠢᠨ ᠭᠤᠣᠯ ᠪᠠᠯᠭᠠᠰᠤ ᠶᠢᠨ ᠬᠤᠶᠠᠳᠤᠭᠠᠷ | ᠪᠠᠭ᠎ᠠ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠤᠨ ᠲᠥᠷᠥᠯ ᠵᠦᠢᠯ ᠢ ᠡᠬᠢᠯᠡᠨ ᠪᠠᠶᠢᠭᠤᠯᠵᠤ᠂ ︽ᠬᠤᠶᠠᠷ ᠢ ᠪᠠᠭᠠᠰᠬᠠᠬᠤ︾ ᠠᠵᠢᠯ ᠢ ᠭᠦᠨᠵᠡᠭᠡᠢ | ᠠᠬᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ | ᠬᠡᠷᠡᠭᠯᠡᠬᠦ ᠶᠢ ᠢᠳᠡᠪᠬᠢᠲᠡᠢ ᠠᠬᠢᠭᠤᠯᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠬᠢᠲᠠᠳ | ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠪᠠᠳᠠᠷᠠᠭᠤᠯᠪᠠ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ | ᠬᠠᠯᠳᠠᠪᠤᠷᠢᠲᠤ ᠡᠪᠡᠳᠴᠢᠨ ᠤ ᠲᠣᠭᠤᠷᠢᠭ ᠵᠢᠴᠢ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠳ᠋ᠠ ᠶᠠᠨ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠶᠢᠨ ᠲᠥᠷᠥᠯ ᠵᠦᠢᠯ ᠢ ᠪᠠᠶᠢᠭᠤᠯᠤᠨ ᠪᠦᠲᠦᠭᠡᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ᠂ ᠡᠯ᠎ᠡ ᠰᠤᠮᠤ ᠰᠢᠶᠠᠩ ᠪᠠᠯᠭᠠᠰᠤ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ | ᠪᠠᠶᠢᠭᠤᠯᠤᠯᠲᠠ ᠶᠢᠨ ᠡᠭᠦᠷᠭᠡ ᠶᠢ ᠭᠦᠢᠴᠡᠳᠭᠡᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠣᠯᠠᠨ | ᠨᠡᠶᠢᠲᠡ ᠶᠢᠨ ᠰᠣᠶᠣᠯ ᠡᠷᠡᠭᠦᠯ ᠢᠶᠠᠷ ᠬᠥᠭᠵᠢᠬᠦ ᠶᠢ ᠲᠦᠷᠭᠡᠳᠬᠡᠨ ᠠᠬᠢᠭᠤᠯᠵᠤ᠂ ︽15 ᠮᠢᠨᠦ᠋ᠲ ᠤᠨ ᠰᠣᠶᠣᠯ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ | ᠲᠣᠭᠤᠷᠢᠭ︾ ᠢ ᠨᠠᠷᠢᠯᠢᠭ ᠣᠨᠣᠴᠠᠲᠠᠢ ᠪᠠᠷ ᠪᠠᠶᠢᠭᠤᠯᠵᠤ᠂ ᠬᠤᠰᠢᠭᠤᠨ ᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠠᠯᠠᠪᠤᠷ ᠤᠨ ᠪᠠᠶᠢᠭᠤᠯᠤᠯᠲᠠ ᠶᠢᠨ ᠲᠥᠷᠥᠯ | ᠵᠦᠢᠯ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ | ᠴᠢᠩᠭᠠᠳᠬᠠᠵᠤ᠂ ᠡᠸᠡᠩᠬᠢ ᠮᠦᠽᠧᠢ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ ᠳᠠᠭᠤᠰᠬᠠᠪᠠ᠃ ᠪᠡᠶ᠎ᠡ ᠲᠠᠮᠢᠷ ᠤᠨ ᠤᠷᠤᠯᠳᠤᠭᠠᠨ ᠢ ᠭᠦᠨᠵᠡᠭᠡᠢ | ᠥᠷᠨᠢᠭᠦᠯᠵᠦ᠂ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠪᠠᠶᠢᠭᠤᠯᠤᠨ᠂ ︽ᠬᠥᠯᠥᠨ ᠪᠤᠶᠢᠷ ᠲᠠᠯ᠎ᠠ ᠨᠤᠲᠤᠭ · ᠪᠥᠬᠦ ᠠᠷᠠᠳ ᠤᠨ ᠮᠣᠷᠢᠨ | ᠤᠷᠤᠯᠳᠤᠭᠠᠨ︾ ᠵᠡᠷᠭᠡ ᠴᠢᠬᠤᠯᠠ ᠶᠡᠭᠡ ᠤᠷᠤᠯᠳᠤᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ | ︵ᠨᠠᠢᠮᠠ︶ ᠨᠡᠶᠢᠭᠡᠮ ᠤᠨ ᠶᠡᠷᠦᠩᠬᠡᠢ ᠪᠠᠶᠢᠳᠠᠯ ᠡᠶ᠎ᠡ ᠵᠣᠬᠢᠴᠠᠯ ᠲᠠᠢ ᠠᠮᠦᠷ ᠲᠣᠭᠲᠠᠭᠤᠨ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ | ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ︾ ᠬᠡᠮᠡᠬᠦ ᠢᠷᠠᠭᠤ ᠠᠯᠳᠠᠷ ᠤᠨ ᠴᠤᠯᠠ ᠶᠢ ᠳᠠᠬᠢᠨᠲᠠ ᠭᠥᠷᠳᠡᠪᠡ᠃ | ᠠᠮᠤᠷ ᠠᠮᠣᠭᠤᠯᠠᠩ ᠡᠸᠡᠩᠬᠢ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠪᠥᠬᠦ ᠬᠤᠲᠠ ᠶᠢᠨ ᠠᠩᠬᠠᠳᠠᠭᠴᠢ ᠬᠤᠰᠢᠭᠤ ᠬᠤᠲᠠ ᠲᠣᠭᠤᠷᠢᠭ ᠤᠨ ᠲᠠᠰ ᠤᠨ | ᠨᠡᠶᠢᠭᠡᠮ ᠤᠨ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠥᠪ ᠢ ᠪᠠᠶᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠵᠤ ᠤᠳᠠᠭᠰᠠᠨ ᠬᠡᠷᠡᠭ ᠢ | ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠪᠠ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ | ᠲᠥᠯᠥᠪᠯᠡᠭᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠥᠪᠡᠷᠲᠡᠭᠡᠨ ᠪᠠᠷᠢᠭᠰᠠᠨ ᠪᠠᠶᠢᠰᠢᠩ ᠤᠨ ᠠᠮᠤᠷ ᠲᠦᠪᠰᠢᠨ ᠤ ᠭᠡᠮ ᠰᠣᠭᠤᠭ ᠤᠨ ᠵᠢᠭᠰᠠᠭᠠᠨ | ᠪᠠᠶᠢᠴᠠᠭᠠᠯᠲᠠ᠂ ᠪᠠᠶᠢᠭᠠᠯᠢ ᠶᠢᠨ ᠭᠠᠮᠰᠢᠭ ᠤᠨ ᠪᠠᠶᠢᠴᠠᠭᠠᠯᠲᠠ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠪᠡ᠃ ᠢᠳᠡᠭᠡᠨ ᠤ ᠠᠮᠤᠷ ᠲᠦᠪᠰᠢᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠮᠦᠰᠦ ᠴᠠᠰᠣᠨ ᠤ ᠬᠠᠶᠢᠯᠣᠮᠠᠯ ᠠᠴᠠ ᠪᠣᠯᠣᠭᠰᠠᠨ ᠦᠶᠡᠷ ᠣᠰᠣᠳᠠᠯ ᠤᠨ ᠭᠠᠮᠰᠢᠭ ᠢ ᠲᠡᠷᠡ ᠳᠠᠷᠣᠢ ᠠᠷᠭᠠᠴᠠᠨ | ᠰᠢᠢᠳᠪᠦᠷᠢᠯᠡᠵᠦ᠂ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠪᠥᠬᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠠᠵᠢᠯ ᠤᠨ ᠲᠡᠷᠢᠭᠦᠨ ᠤ ᠨᠢᠭᠡᠴᠡ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ | ᠲᠦᠪᠰᠢᠨ ᠤ ᠵᠠᠰᠠᠯᠲᠠ ᠶᠢᠨ ᠡᠷᠴᠢᠮ ᠢ ᠴᠢᠩᠭᠠᠷᠠᠭᠤᠯᠪᠠ᠃ ᠴᠡᠷᠢᠭ ᠠᠷᠠᠳ ᠤᠨ ᠠᠭᠤᠰᠣᠯᠴᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ | ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠪᠡ᠃ | ᠬᠢᠨᠠᠨ ᠪᠣᠳᠣᠯᠲᠠ᠂ ᠴᠡᠷᠢᠭ ᠠᠴᠠ ᠬᠠᠯᠠᠭᠳᠠᠭᠰᠠᠳ᠂ ᠠᠵᠢᠯᠴᠢᠨ ᠤ ᠡᠪᠯᠡᠯ ᠂ ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ᠂ ᠨᠠᠰᠤᠲᠠᠶᠢᠴᠤᠳ ᠪᠠ | ᠵᠡᠮᠳᠡᠭᠴᠦᠳ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠲᠧᠯᠸᠢᠰ ᠷᠠᠳᠢᠣ᠋ | ᠨᠡᠪᠲᠡᠷᠡᠭᠦᠯᠭᠡ᠂ ᠲᠤᠭ᠎ᠠ ᠪᠦᠷᠢᠳᠬᠡᠯ᠂ ᠲᠠᠩᠰᠠ ᠡᠪᠬᠡᠮᠡᠯ᠂ ᠬᠠᠩᠭᠠᠨ ᠪᠣᠷᠣᠯᠠᠭᠤᠯᠬᠤ᠂ ᠴᠠᠭ ᠠᠭᠤᠷ᠂ ᠭᠠᠯ ᠤᠨᠲᠠᠷᠠᠭᠠᠬᠤ᠂ ᠴᠢᠮᠡᠭᠡ ᠬᠤᠯᠪᠣᠭ᠎ᠠ᠂ ᠴᠠᠬᠢᠯᠭᠠᠨ | ᠬᠦᠴᠦᠨ ᠵᠡᠷᠭᠡ ᠠᠵᠢᠯ ᠰᠢᠨ᠎ᠡ ᠬᠥᠭᠵᠢᠯᠲᠡ ᠲᠠᠢ ᠪᠣᠯᠪᠠ᠃ | ᠥᠩᠭᠡᠷᠡᠭᠰᠡᠨ ᠨᠢᠭᠡ ᠵᠢᠯ ᠳᠤ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ︽ᠬᠤᠶᠠᠷ ᠢ ᠰᠤᠷᠤᠯᠴᠠᠵᠤ | ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ︽ | ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠬᠠᠤᠯᠢ ᠵᠢᠷᠤᠮ ᠢ ᠴᠢᠩᠭ᠎ᠠ ᠵᠢᠷᠤᠮᠯᠠᠨ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ ᠪᠠ ᠲᠥᠯᠥᠭᠡᠯᠡᠭᠴᠢᠳ ᠤᠨ ᠰᠠᠨᠠᠭᠤᠯᠭ᠎ᠠ 85 ᠬᠤᠪᠢ ᠪᠠ | ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ 94 ᠬᠤᠪᠢ ᠰᠢᠢᠳᠪᠦᠷᠢᠯᠡᠵᠦ᠂ ᠨᠢᠭᠡᠨᠲᠡ ᠰᠢᠢᠳᠪᠦᠷᠢᠯᠡᠭᠰᠡᠨ ᠨᠤᠷᠮ᠎ᠠ ᠨᠢ 100% ᠪᠣᠯᠪᠠ᠃ ᠲᠥᠪ ᠤᠨ | ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠪᠥᠬᠦ ᠬᠤᠰᠢᠭᠤᠨ ᠤ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ ᠳᠡᠭᠡᠷ᠎ᠡ ᠵᠢᠯ ᠤᠨ ᠬᠢ ᠠᠴᠠ 4.8 % ᠪᠠᠷ ᠪᠠᠭᠠᠰᠬᠠᠪᠠ᠃ |