ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠢᠷᠭᠡᠳ ᠤᠨ ᠬᠦᠰᠡᠯ ᠡᠷᠡᠮᠡᠯᠵᠡᠯ ᠪᠣᠯᠪᠠᠰᠤ ᠵᠠᠰᠠᠭ ᠲᠦᠷᠦ ᠶᠢᠨ ᠬᠠᠨᠳᠣᠯᠭ᠎ᠠ ᠪᠣᠯᠣᠮᠤᠢ᠃ ᠪᠢᠳᠡ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ | ᠭᠦᠢᠴᠡᠳᠬᠡᠵᠦ᠂ ᠥᠷᠯᠥᠭᠡ ᠦᠳᠡᠰᠢ ᠶᠢ ᠲᠡᠮᠡᠴᠡᠨ ᠠᠵᠢᠯᠯᠠᠵᠤ᠂ ᠪᠣᠳᠠᠲᠤ ᠠᠮᠵᠢᠯᠲᠠ ᠳᠠᠭᠠᠨ ᠲᠦᠰᠢᠭᠯᠡᠨ ᠪᠣᠬᠢᠷᠳᠤᠯ ᠦᠭᠡᠢ ᠬᠥᠭᠵᠢᠯᠲᠡ ᠶᠢ ᠤᠨᠴᠠᠯᠠᠵᠤ᠂ | ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠶᠢ ᠪᠣᠳᠠᠲᠤ ᠠᠵᠢᠯᠯᠠᠭ᠎ᠠ ᠪᠠᠷ ᠢᠶᠠᠨ ᠦᠢᠯᠡᠳᠦᠯᠭᠡᠵᠢᠭᠦᠯᠵᠦ᠂ ᠠᠷᠠᠳ ᠲᠦᠮᠡᠨ ᠤ ᠲᠠᠭᠠᠰᠢᠶᠠᠯ ᠳᠤ ᠬᠦᠷᠬᠦ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢᠨ ᠳᠣᠣᠷ᠎ᠠ ᠦᠨᠡᠨᠴᠢ ᠰᠢᠳᠤᠷᠭᠤ ᠪᠠᠷ ᠵᠠᠰᠠᠭ ᠤᠨ ᠡᠷᠬᠡ ᠪᠠᠷᠢᠬᠤ ᠶᠢ ᠪᠠᠷᠢᠮᠲᠠᠯᠠᠨ᠎ᠠ᠃ ᠤᠯᠤᠰ | ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠲᠠᠯ᠎ᠠ ᠪᠠᠷ ᠦᠵᠡᠵᠦ᠂ ᠤᠯᠤᠰ ᠲᠥᠷᠥ ᠶᠢᠨ ᠲᠠᠯ᠎ᠠ ᠪᠠᠷ | ᠬᠢᠬᠦ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠤ᠂ ︽ᠬᠤᠶᠠᠷ ᠢ | ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠤᠶᠣᠨ ᠣᠬᠠᠭᠠᠨ ᠢᠶᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠵᠠᠰᠠᠭ ᠤᠨ ᠵᠠᠷᠯᠢᠭ ᠵᠢᠭᠠᠪᠣᠷᠢ ᠶᠢ ᠰᠠᠭᠠᠳ ᠦᠭᠡᠢ ᠴᠢᠩᠭ᠎ᠠ ᠬᠡᠷᠡᠭᠵᠢᠭᠦᠯᠦᠨ᠎ᠡ᠃ | ︵ᠬᠤᠶᠠᠷ︶ ᠬᠠᠤᠯᠢ ᠪᠠᠷ ᠵᠠᠰᠠᠬᠤ ᠵᠠᠮ ᠢᠶᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠶᠣᠰᠣ ᠳᠦᠷᠢᠮ ᠤᠨ ᠤᠬᠠᠮᠰᠠᠷ ᠢ ᠴᠢᠩᠭᠠᠳᠬᠠᠵᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠵᠠᠰᠠᠭ ᠤᠨ ᠣᠷᠳᠣᠨ ᠤ ᠠᠵᠢᠯ ᠤᠨ ᠪᠦᠬᠦ | ᠶᠠᠪᠤᠴᠠ ᠳᠤ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯᠲᠠᠨ ᠤ ᠬᠠᠤᠯᠢ ᠶᠣᠰᠣᠭᠠᠷ ᠵᠠᠰᠠᠭ ᠤᠨ ᠡᠷᠬᠡ ᠪᠠᠷᠢᠬᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠲᠦᠯᠬᠢᠨ ᠠᠬᠢᠭᠤᠯᠤᠨ᠎ᠠ᠃ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠭᠤᠷᠪᠠᠨ ᠴᠢᠬᠤᠯᠠ ᠨᠢᠭᠡ ᠶᠡᠭᠡ︾ | ᠶᠢᠨ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠦᠨᠳᠦ ᠴᠢᠬᠤᠯᠠ ᠬᠡᠷᠡᠭ ᠶᠠᠪᠣᠳᠠᠯ ᠤᠨ ᠲᠤᠬᠠᠢ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠵᠠᠩᠭᠢᠯᠠᠭ᠎ᠠ ᠶᠢᠨ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ | ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠡᠷᠬᠡ ᠶᠢᠨ ᠠᠵᠢᠯᠯᠠᠭᠠᠨ ᠢ ᠢᠯᠡ ᠪᠠᠷ ᠶᠠᠪᠤᠭᠳᠠᠭᠤᠯᠤᠨ᠎ᠠ᠃ | ︵ᠭᠤᠷᠪᠠ︶ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠭᠦᠢᠴᠡᠳᠭᠡᠵᠦ ᠥᠨᠳᠥᠷ ᠪᠦᠲᠦᠮᠵᠢᠲᠡᠶ ᠪᠠᠷ ᠵᠠᠰᠠᠭ ᠡᠷᠭᠢᠯᠡᠬᠦ ᠶᠢ ᠪᠠᠷᠢᠮᠲᠠᠯᠠᠨ᠎ᠠ᠃ | 《ᠲᠤᠯᠤᠭ᠎ᠠ ᠶᠢ ᠲᠠᠶᠠᠭᠳᠠᠬᠤ》᠂《ᠳᠥᠷᠪᠡ ᠶᠢ ᠨᠠᠶᠢᠳᠠᠪᠤᠷᠢᠵᠢᠭᠤᠯᠬᠤ 》 ᠲᠠᠢ ᠬᠠᠷᠢᠴᠠᠭᠤᠯᠵᠤ᠂ ︽ᠦᠵᠡᠯᠲᠡ ᠪᠡᠨᠥᠭᠡᠷᠡᠴᠢᠯᠡᠬᠦ᠂ ᠰᠤᠷᠲᠠᠯ ᠢᠶᠠᠨ | ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ᠂ ᠰᠠᠶᠢᠨ ᠨᠦᠯᠦᠭᠡ ᠳᠣᠰᠬᠠᠯ ᠢ ᠪᠤᠢ ᠪᠣᠯᠭᠠᠬᠤ︾ | ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠲᠠᠭᠰᠠᠨ ᠴᠠᠭ ᠲᠠᠭᠠᠨ ᠬᠢᠵᠦ ᠳᠠᠭᠤᠰᠬᠠᠨ᠂ ᠬᠢᠪᠡᠯ ᠲᠦᠷᠭᠡᠨ ᠬᠢᠬᠦ᠂ | ᠬᠢᠪᠡᠯ ᠰᠠᠶᠢᠲᠤᠷ ᠬᠢᠵᠦ᠂ ᠬᠢᠭᠰᠡᠨ ᠠᠵᠢᠯ ᠢᠶᠠᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠦᠷᠭᠡᠭᠰᠡᠨ ᠪᠠᠶᠢᠬᠤ᠂ ᠵᠦᠪ ᠲᠠᠯ᠎ᠠ ᠪᠠᠷ ᠣᠷᠮᠠᠰᠢᠭᠤᠯᠬᠤ ᠪᠠ | ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ᠂ ᠣᠰᠣᠯ ᠠᠯᠳᠠᠭ᠎ᠠ ᠶᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ | ᠲᠠᠢ ᠪᠠᠷ ᠠᠵᠢᠯ ᠬᠢᠵᠦ ᠦᠢᠯᠡᠰ ᠪᠣᠰᠬᠠᠬᠤ ᠳᠣᠲᠣᠭᠠᠳᠤ ᠬᠥᠳᠡᠯᠭᠡᠭᠦ ᠬᠦᠴᠦᠨ ᠢ ᠬᠥᠭᠵᠢᠭᠡᠨ᠎ᠡ᠃ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ | ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠷᠠᠯ ᠬᠤᠢ ᠶᠢ ᠴᠦᠭᠡᠳᠭᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ | ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠂ ᠪᠣᠳᠠᠲᠠᠢ ᠠᠵᠢᠯ ᠬᠡᠷᠡᠭ ᠭᠦᠢᠴᠡᠳᠭᠡᠬᠦ ᠶᠢ ᠵᠠᠰᠠᠭ ᠤᠨ | ᠣᠷᠳᠣᠨ ᠤ ᠢᠯᠡ ᠲᠣᠳᠣ ᠥᠨᠳᠦᠰᠦᠨ ᠥᠩᠭᠡ ᠪᠣᠳᠤᠭ ᠪᠣᠯᠭᠠᠬᠤ ᠬᠡᠷᠡᠭᠲᠡᠢ᠃ | ︵ᠳᠥᠷᠪᠡ︶ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠨ ᠰᠠᠬᠢᠵᠣ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠲᠥᠪ | ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠦᠷᠢᠮ ᠢᠶᠠᠷ ᠡᠷᠬᠡ ᠶᠢ ᠬᠠᠮᠢᠶᠠᠷᠬᠤ᠂ ᠬᠡᠷᠡᠭ ᠶᠠᠪᠤᠳᠠᠯ ᠢ | ᠬᠠᠮᠢᠶᠠᠷᠬᠤ᠂ ᠬᠥᠮᠥᠨ ᠢ ᠬᠠᠮᠢᠶᠠᠷᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠬᠦᠷᠢᠶᠡᠨ ᠳᠠᠬᠢ ᠬᠢᠨᠠᠨ ᠬᠠᠮᠢᠶᠠᠷᠤᠯᠲᠠ ᠪᠠ ᠬᠢᠨᠠᠨ ᠪᠣᠳᠣᠯᠲᠠ ᠬᠢᠨᠠᠯᠲᠠ ᠲᠠᠯᠪᠢᠯᠲᠠ ᠶᠢ ᠴᠢᠩᠭᠠᠳᠬᠠᠵᠤ᠂ | ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠢ ᠭᠤᠣᠯᠳᠠᠯᠭ᠎ᠠ ᠲᠠᠢ ᠪᠠᠷ ᠵᠠᠯᠠᠷᠠᠭᠤᠯᠤᠨ ᠵᠠᠰᠠᠨ᠎ᠠ᠃ ᠵᠠᠰᠠᠭ ᠤᠨ ᠣᠷᠳᠣᠨ ᠤ ︽ | ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠨ᠂ ᠡᠳ᠋ ᠤᠨ ᠵᠠᠰᠠᠭ ᠤᠨ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠰᠥᠪ ᠤᠨ ᠬᠦᠯᠢᠶᠡᠰᠦᠯᠡᠯ ᠢ ᠴᠢᠩᠭᠠᠳᠬᠠᠵᠤ᠂ ᠬᠢᠵᠠᠭᠠᠷᠲᠠᠢ ᠡᠳ᠋ ᠤᠨ ᠬᠦᠴᠦᠨ ᠢ ᠠᠷᠠᠳ ᠤᠨ | ᠠᠮᠢᠵᠢᠷᠠᠭ᠎ᠠ ᠶᠢ ᠪᠠᠲᠤᠯᠠᠬᠤ ᠳᠤ ᠬᠡᠷᠡᠭᠯᠡᠬᠦ ᠪᠠ ᠳᠤᠲᠠᠭᠤᠳᠠᠯ ᠢ ᠨᠥᠬᠦᠪᠦᠷᠢᠯᠡᠬᠦ᠂ ᠨᠦᠬᠡᠴᠡ ᠬᠦᠴᠦᠨ ᠢ ᠨᠡᠮᠡᠭᠳᠡᠭᠦᠯᠬᠦ ᠳᠡᠭᠡᠷ᠎ᠡ ᠬᠡᠷᠡᠭᠯᠡᠵᠦ᠂ ᠠᠷᠠᠳ ᠤᠨ ᠲᠥᠯᠥᠭᠡ | ᠪᠣᠳᠠᠲᠤ ᠠᠵᠢᠯᠯᠠᠭ᠎ᠠ ᠶᠢ ᠡᠷᠬᠢᠮᠯᠡᠨ ᠠᠷᠢᠭᠤᠨ ᠴᠢᠬᠡᠴᠢ ᠰᠠᠶᠢᠨ ᠰᠠᠶᠢᠬᠠᠨ ᠨᠦᠯᠦᠭᠡ ᠳᠣᠰᠬᠠᠯ ᠢ ᠪᠤᠢ ᠪᠣᠯᠭᠠᠨ᠎ᠠ᠃ | ᠲᠥᠯᠥᠭᠡᠯᠡᠭᠴᠢᠳ ᠠ᠋︕ ᠪᠢᠳᠡ ᠰᠢᠨ᠎ᠡ ᠠᠶᠠᠨ ᠵᠠᠮ ᠢᠶᠠᠷ ᠡᠷᠡᠯᠬᠡᠭᠯᠡᠨ ᠤᠷᠣᠭᠰᠢᠯᠠᠵᠤ᠂ ᠰᠢᠨ᠎ᠡ ᠡᠭᠦᠷᠭᠡ ᠳᠠᠭᠠᠯᠭᠠᠪᠣᠷᠢ ᠶᠢ ᠬᠦᠨᠳᠦ ᠡᠭᠦᠷᠭᠡᠯᠡᠵᠦ | ᠪᠠᠶᠢᠨ᠎ᠠ᠃ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠲᠤ ᠵᠣᠭᠰᠣᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠬᠦᠴᠦᠨ ᠢᠶᠠᠨ ᠨᠢᠭᠡᠳᠬᠡᠨ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠨ᠂ ᠬᠠᠲᠠᠭᠤᠵᠢᠯᠲᠠᠢ ᠠᠵᠢᠯᠯᠠᠵᠤ ᠰᠢᠷᠭᠠᠭᠤ ᠲᠡᠮᠡᠴᠡᠨ᠂ ᠴᠠᠭ ᠦᠶ᠎ᠡ᠂ ᠠᠷᠠᠳ ᠲᠦᠮᠡᠨ ᠳᠤ ᠣᠰᠣᠯᠳᠠᠯ ᠦᠭᠡᠢ᠂ ᠰᠢᠨ᠎ᠡ ᠠᠮᠵᠢᠯᠲᠠ ᠶᠢ ᠴᠢᠷᠮᠠᠶᠢᠨ | ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠡᠸᠡᠩᠬᠢ ᠶᠢᠨ ᠰᠢᠨ᠎ᠡ ᠦᠢᠯᠡᠰ ᠢ ᠬᠦᠴᠦᠯᠡᠨ ᠠᠬᠢᠭᠤᠯᠤᠶ᠎ᠠ ︕ | | | | ᠨᠡᠷ᠎ᠡ ᠦᠭᠡ ᠶᠢᠨ ᠲᠠᠶᠢᠯᠪᠤᠷᠢ | 1. ︽ᠲᠠᠪᠤᠨ ᠶᠡᠭᠡ ᠡᠭᠦᠷᠭᠡ︾᠄ ᠥᠪᠥᠷ ᠮᠣᠩᠭᠤᠯ ᠳᠤ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ | ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠡᠷᠭᠡ ᠶᠢ ᠪᠦᠲᠦᠭᠡᠨ ᠪᠠᠶᠢᠭᠤᠯᠬᠤ ᠶᠢ ᠵᠢᠭᠠᠵᠤ ᠪᠣᠶ᠃ | 2. ︽ᠳᠥᠷᠪᠡᠨ ᠠᠷᠭ᠎ᠠ ᠪᠦᠬᠦᠨ ᠢ ᠰᠦᠪᠡᠭᠴᠢᠯᠡᠬᠦ︾᠄ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠠᠳᠬᠤᠨ ᠪᠡᠯᠡ ᠣᠷᠣᠭᠤᠯᠤᠯᠲᠠ ᠶᠢ | ᠲᠤᠭᠲᠠᠪᠣᠷᠢᠵᠢᠭᠤᠯᠬᠤ᠂ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠯᠭᠡ ᠶᠢᠨ ᠳᠠᠯᠳᠠ ᠬᠦᠴᠦᠨ ᠢ ᠪᠠᠳᠠᠷᠠᠭᠤᠯᠬᠤ᠂ ᠠᠷᠭ᠎ᠠ ᠪᠦᠬᠦᠨ ᠢ ᠰᠦᠪᠡᠭᠴᠢᠯᠡᠨ | ᠪᠣᠭᠤᠮᠲᠠ ᠶᠢᠨ ᠠᠵᠤ ᠠᠬᠤᠢ ᠶᠢ ᠬᠦᠭᠵᠢᠶᠡᠨᠲᠡᠢ ᠪᠣᠯᠭᠠᠬᠤ᠂ ᠠᠷᠭ᠎ᠠ ᠪᠦᠬᠦᠨ ᠢ ᠰᠦᠪᠡᠭᠴᠢᠯᠡᠨ ᠡᠷᠡᠰᠳᠡᠯ ᠢ ᠰᠡᠷᠭᠡᠶᠢᠯᠡᠨ ᠠᠷᠢᠯᠭᠠᠬᠤ ᠵᠡᠷᠭᠡ ᠶᠢ ᠵᠢᠭᠠᠵᠤ ᠪᠣᠶ᠃ | 3. ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾᠄ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠦᠷ᠎ᠡ ᠠᠰᠢᠭ ᠢ ᠳᠡᠭᠡᠭᠰᠢᠯᠡᠭᠦᠯᠦᠨ ᠬᠥᠭᠵᠢᠭᠦᠯᠬᠦ | ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠬᠡᠮᠵᠢᠶ᠎ᠡ ᠶᠠᠰᠣ ᠴᠢᠨᠠᠷ ᠢ ᠨᠡᠮᠡᠭᠳᠡᠭᠦᠯᠦᠨ ᠬᠥᠭᠵᠢᠭᠦᠯᠬᠦ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ | ᠡᠷᠴᠢᠮᠵᠢᠭᠦᠯᠦᠨ ᠲᠥᠪᠯᠡᠷᠡᠭᠦᠯᠦᠨ ᠬᠥᠭᠵᠢᠭᠦᠯᠬᠦ᠂ ᠠᠮᠢ ᠠᠬᠤᠢ ᠶᠢᠨ ᠠᠵᠤ ᠦᠢᠯᠡᠰ ᠢ ᠴᠠᠭ ᠤᠨ ᠪᠠᠶᠢᠳᠠᠯ ᠢ ᠠᠮᠵᠢᠨ ᠬᠥᠭᠵᠢᠭᠦᠯᠬᠦ᠂ ᠤᠯᠠᠮᠵᠢᠯᠠᠯᠲᠤ ᠠᠵᠤ | ᠦᠢᠯᠡᠰ ᠤᠨ ᠰᠢᠨ᠎ᠡ ᠶᠢ ᠡᠭᠦᠳᠦᠨ ᠰᠢᠯᠢᠳᠡᠭᠵᠢᠭᠦᠯᠦᠨ ᠬᠥᠭᠵᠢᠭᠦᠯᠬᠦ ᠵᠡᠷᠭᠡ ᠶᠢ ᠵᠢᠭᠠᠵᠤ ᠪᠣᠶ᠃ | 4. ︽ ᠬᠤᠶᠠᠷ ᠪᠦᠲᠦᠭᠡᠭᠳᠡᠬᠦᠨ ᠨᠢᠭᠡ ᠳᠡᠮᠳᠡᠭ︾᠄ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠢ ᠵᠢᠭᠠᠵᠤ ᠪᠠᠶᠢᠨ᠎ᠠ᠃ | 5. ︽ᠭᠤᠷᠪᠠᠨ ᠱᠤᠭᠤᠮ ᠨᠢᠭᠡ ᠳᠠᠩᠰᠠ︾᠄ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ | ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠢ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠲᠠᠩᠰᠠ ᠶᠢ ᠵᠢᠭᠠᠨ᠎ᠠ | ᠃ | 6. ︽ᠲᠥᠷᠪᠡᠨ ᠳᠤᠷ᠎ᠠ ᠪᠠᠷ ᠢᠶᠠᠨ ᠢ ᠠᠷᠢᠯᠭᠠᠬᠤ 》ᠲᠤᠰᠬᠠᠢ ᠠᠵᠢᠯᠯᠠᠭ᠎ᠠ᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ | ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠳᠤ | ᠲᠤᠰᠬᠠᠢ ᠴᠡᠭᠴᠡᠯᠡᠬᠦ ᠠᠵᠢᠯᠯᠠᠭ᠎ᠠ ᠶᠢ ᠵᠢᠭᠠᠵᠤ ᠪᠤᠢ᠃ | 7. ︽ᠪᠠᠭᠤᠯᠭᠠᠬᠤ ᠬᠠᠮᠢᠶᠠᠷᠬᠤ ᠦᠢᠯᠡᠴᠢᠯᠡᠬᠦ︾᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ ᠶᠢ ᠵᠢᠭᠠᠵᠤ ᠪᠣᠶ᠃ | 8. ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾᠄ ᠪᠠᠶᠢᠴᠠᠭᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ ᠭᠠᠷᠭᠠᠬᠤ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠤᠮᠢᠯᠠᠬᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ | ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠬᠤ ᠶᠢ ᠵᠢᠭᠠᠵᠤ ᠪᠣᠶ᠃ | 9. ︽ᠨᠢᠭᠡ ᠳᠠᠩᠰᠠ ᠬᠤᠶᠠᠷ ᠵᠢᠭᠰᠠᠭᠠᠯᠲᠠ︾᠄ ᠳᠣᠬᠢᠶᠠᠯᠳᠣᠯ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠨᠡᠷᠡᠰ ᠤᠨ ᠵᠢᠭᠰᠠᠭᠠᠯᠲᠠ ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠤ ᠨᠡᠷᠡᠰ ᠤᠨ ᠵᠢᠭᠰᠠᠭᠠᠯᠲᠠ ᠶᠢ ᠵᠢᠭᠠᠵᠤ ᠪᠣᠶ᠃ | 10. ︽ᠲᠠᠪᠤᠨ ᠶᠡᠭᠡ ᠡᠬᠢᠯᠡᠯᠲᠡ︾᠄ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ᠂ ᠰᠤᠯᠠ ᠪᠠᠶᠢᠬᠤ ᠭᠠᠵᠠᠷ ᠰᠢᠷᠣᠢ᠂ ᠳᠠᠷᠤᠭᠳᠠᠮᠠᠯ ᠪᠡᠯᠡ ᠮᠥᠩᠭᠦ᠂ ︽ | ᠬᠠᠭᠠᠰ ᠬᠤᠭᠤᠰ︾ ᠪᠠᠷᠢᠯᠭ᠎ᠠ᠂ ᠬᠦᠭᠵᠢᠯ ᠤᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠶᠡᠭᠡ ᠡᠬᠢᠯᠡᠯᠲᠡ ᠶᠢᠨ ᠠᠵᠢᠯᠯᠠᠭ᠎ᠠ ᠶᠢ | ᠭᠦᠨᠵᠡᠭᠡᠢ ᠥᠷᠨᠢᠭᠦᠯᠬᠦ ᠶᠢ ᠵᠢᠭᠠᠵᠤ ᠪᠠᠶᠢᠨ᠎ᠠ᠃ | 11. ︽ᠬᠤᠶᠠᠷ ᠢ ᠬᠠᠰᠤᠬᠤ︾᠄ ᠰᠣᠷᠣᠭᠴᠢ ᠶᠢᠨ ᠳᠠᠰᠬᠠᠯ ᠤᠨ ᠳᠠᠷᠤᠭᠠᠰᠤ ᠶᠢ ᠬᠥᠩᠭᠡᠷᠡᠭᠦᠯᠬᠦ᠂ ᠬᠢᠴᠢᠶᠡᠯ ᠲᠥᠷᠥᠯ ᠤᠨ ᠲᠤᠬᠠᠢ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠰᠣᠬᠤ ᠶᠢ ᠵᠢᠭᠠᠨ᠎ᠠ᠃ | 12. ︽ᠭᠤᠷᠪᠠ ᠶᠢ ᠪᠠᠲᠤᠯᠠᠬᠤ︾᠄ ᠦᠨᠳᠦᠰᠦᠨ ᠠᠷᠠᠳ ᠤᠨ ᠠᠮᠢᠵᠢᠷᠠᠭ᠎ᠠ ᠶᠢ ᠪᠠᠲᠤᠯᠠᠬᠤ᠂ ᠴᠠᠯᠢᠩ ᠢ ᠪᠠᠲᠤᠯᠠᠬᠤ᠂ ᠠᠵᠢᠯᠯᠠᠭᠠᠨ ᠤ ᠵᠠᠷᠤᠯᠭ᠎ᠠ ᠶᠢ ᠪᠠᠲᠤᠯᠠᠬᠤ | ᠶᠢ ᠵᠢᠭᠠᠵᠤ ᠪᠠᠶᠢᠨ᠎ᠠ᠃ | 13. ︽ᠵᠢᠷᠭᠤᠭᠠᠨ ᠵᠢᠱᠢᠶ᠎ᠡ ᠦᠵᠡᠭᠦᠯᠬᠦ ᠣᠷᠣᠨ︾᠄ ᠡᠸᠡᠩᠬᠢ ᠬᠤᠰᠢᠭᠤ ᠶᠢ ᠴᠢᠬᠤᠯᠠ ᠡᠨᠧᠷᠭᠢ ᠶᠢᠨ ᠡᠬᠢ ᠪᠠᠶᠠᠯᠢᠭ ᠤᠨ ᠪᠠᠶᠢᠯᠳᠤᠬᠤ ᠪᠣᠳᠣᠯᠭ᠎ᠠ ᠶᠢᠨ | ᠨᠥᠭᠡᠴᠡᠯᠡᠯᠲᠡ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠪᠦᠲᠦᠭᠡᠨ ᠪᠠᠶᠢᠭᠤᠯᠵᠤ᠂ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ | ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠵᠢᠱᠢᠶ᠎ᠡ ᠦᠵᠡᠭᠦᠯᠬᠦ ᠣᠷᠣᠨ᠂ ᠠᠮᠢ ᠠᠬᠤᠢ ᠶᠢᠨ ᠡᠬᠢ ᠪᠠᠶᠠᠯᠢᠭ ᠬᠢᠭᠡᠳ ᠦᠨᠳᠦᠰᠦᠲᠡᠨ ᠤ ᠰᠣᠶᠣᠯ ᠢ | ᠠᠭᠤᠰᠤᠯᠴᠠᠭᠤᠯᠤᠭᠰᠠᠨ ᠴᠢᠨᠠᠷ ᠰᠠᠶᠢᠲᠠᠢ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠲᠤᠭᠲᠠᠭᠤᠨ ᠬᠦᠭᠵᠢᠯᠲᠡ ᠲᠠᠢ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ᠂ ᠬᠥᠯᠥᠨ ᠪᠤᠶᠢᠷ ᠲᠥᠪ ᠬᠤᠲᠠ ᠪᠣᠯ ᠣᠷᠣᠰᠢᠨ ᠰᠠᠭᠤᠬᠤ ᠦᠢᠯᠡᠰ ᠪᠦᠲᠦᠭᠡᠬᠦ ᠳᠤ | ᠲᠣᠬᠢᠷᠠᠮᠵᠢᠲᠠᠢ ᠵᠢᠱᠢᠶ᠎ᠡ ᠦᠵᠡᠭᠦᠯᠬᠦ ᠣᠷᠣᠨ᠂ ᠦᠨᠳᠦᠰᠦᠲᠡᠨ ᠤ ᠪᠦᠯᠬᠦᠮᠳᠡᠯ ᠪᠠ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠭᠡᠷ ᠣᠷᠣᠨ ᠤ ᠵᠢᠱᠢᠶ᠎ᠡ ᠦᠵᠡᠭᠦᠯᠬᠦ | ᠣᠷᠣᠨ᠃ | 14. ︽ᠬᠤᠶᠠᠷ ᠰᠢᠨ᠎ᠡ ᠨᠢᠭᠡ ᠬᠦᠨᠳᠦ ᠴᠢᠬᠤᠯᠠ︾᠄ ᠰᠢᠨ᠎ᠡ ᠬᠡᠯᠪᠡᠷᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠬᠦᠨᠳᠦ ᠴᠢᠬᠤᠯᠠ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ᠃ | 15. ︽ᠨᠢᠰᠦᠮᠡᠯ ᠠᠵᠤ ᠠᠬᠤᠢ︾᠄ ᠵᠠᠰᠠᠭ ᠵᠠᠬᠢᠷᠭᠠᠨ ᠤ ᠲᠠᠯ᠎ᠠ ᠪᠠᠷ ᠬᠠᠷᠢᠯᠴᠠᠨ ᠬᠠᠷᠢᠶᠠᠯᠠᠭᠳᠠᠬᠤ ᠦᠭᠡᠢ ᠬᠤᠶᠠᠷ ᠵᠢᠴᠢ ᠲᠡᠭᠦᠨ ᠠᠴᠠ ᠳᠡᠭᠡᠭᠰᠢᠬᠢ ᠭᠠᠵᠠᠷ | ᠣᠷᠣᠨ ᠢ ᠵᠢᠭᠠᠵᠤ ᠪᠠᠶᠢᠨ᠎ᠠ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠠᠭᠠᠭ ᠡᠯ᠎ᠡ ᠲᠦᠷᠦᠯ ᠤᠨ ᠨᠡᠭᠡᠭᠡᠨ ᠬᠥᠭᠵᠢᠭᠦᠯᠬᠦ ᠣᠷᠣᠨ ᠢᠶᠠᠷ ᠭᠤᠣᠯ | ᠠᠴᠢᠶᠠᠯᠠᠪᠤᠷᠢ ᠪᠣᠯᠭᠠᠵᠤ᠂ ᠡᠷᠬᠡ ᠲᠡᠭᠰᠢ ᠪᠠᠷ ᠵᠥᠪᠳᠡᠯᠴᠡᠬᠦ᠂ ᠰᠠᠶᠢᠨ ᠳᠤᠷ᠎ᠠ ᠠᠴᠠ ᠪᠠᠨ ᠬᠠᠮᠲᠤᠷᠠᠯᠴᠠᠬᠤ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠡᠯᠧᠮᠧᠨ᠋ᠲ ᠢ | ᠬᠠᠷᠢᠯᠴᠠᠨ ᠨᠥᠬᠦᠪᠦᠷᠢᠯᠡᠬᠦ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠪᠠᠷ ᠰᠢᠭᠤᠳ ᠵᠣᠷᠢᠯᠭ᠎ᠠ ᠪᠣᠯᠭᠠᠵᠤ᠂ ᠣᠨᠴᠠ ᠲᠣᠭᠲᠠᠭᠠᠭᠰᠠᠨ ᠣᠷᠣᠨ ᠪᠦᠰᠡ ᠳᠤ ᠡᠯ᠎ᠡ | ᠵᠦᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠷᠠᠨ ᠪᠦᠲᠦᠭᠡᠨ ᠪᠠᠶᠢᠭᠤᠯᠵᠤ ᠨᠡᠭᠡᠭᠡᠨ ᠬᠥᠭᠵᠢᠭᠦᠯᠵᠦ᠂ ᠲᠥᠯᠥᠪᠵᠢᠭᠦᠯᠬᠦ᠂ ᠪᠦᠲᠦᠭᠡᠨ | ᠪᠠᠶᠢᠭᠤᠯᠬᠤ᠂ ᠬᠠᠮᠢᠶᠠᠷᠬᠤ ᠪᠠ ᠠᠰᠢᠭ ᠲᠤᠰᠠ ᠶᠢ ᠬᠤᠪᠢᠶᠠᠷᠢᠯᠠᠬᠤ ᠵᠡᠷᠭᠡ ᠬᠠᠮᠲᠤᠷᠠᠯᠴᠠᠬᠤ ᠪᠠ ᠵᠣᠬᠢᠴᠠᠭᠤᠯᠬᠤ ᠲᠣᠭᠲᠠᠴᠠ ᠪᠠᠷ ᠳᠠᠮᠵᠢᠭᠤᠯᠤᠨ᠂ ᠬᠠᠷᠢᠯᠴᠠᠨ | ᠠᠰᠢᠭ ᠣᠯᠭᠤᠵᠤ ᠬᠠᠮᠲᠤ ᠪᠠᠷ ᠠᠰᠢᠭ ᠬᠦᠷᠳᠡᠬᠦ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠬᠡᠪ ᠵᠠᠭᠪᠤᠷ ᠢ ᠪᠡᠶᠡᠯᠡᠭᠦᠯᠦᠨ᠎ᠡ᠃ | 16. ︽ᠤᠯᠠᠭᠠᠨᠬᠤᠲᠠ᠂ ᠷᠠᠰᠢᠶᠠᠨ᠂ ᠬᠠᠶᠢᠯᠠᠷ ᠪᠠ ᠮᠠᠨᠵᠤᠤᠷ》 ᠢ ᠬᠡᠯᠡᠵᠦ ᠪᠠᠶᠢᠨ᠎ᠠ᠃ | 17. ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾᠄ ᠡᠨᠧᠷᠭᠢ ᠶᠢᠨ ᠬᠡᠷᠡᠭᠯᠡᠯᠭᠡ ᠶᠢᠨ ᠶᠡᠷᠦᠩᠬᠡᠢ ᠬᠡᠮᠵᠢᠶ᠎ᠡ ᠪᠠ ᠡᠨᠧᠷᠭᠢ ᠶᠢᠨ ᠬᠡᠷᠡᠭᠯᠡᠯᠭᠡ ᠶᠢᠨ | ᠳᠠᠭᠠᠭᠠᠴᠠ ᠶᠢ ᠬᠢᠵᠠᠭᠠᠷᠯᠠᠬᠤ᠃ | 18. ︽ᠲᠤᠯᠤᠭ᠎ᠠ ᠶᠢ ᠲᠠᠶᠠᠭᠳᠠᠬᠤ︾᠄ ︽ᠪᠢ ᠬᠥᠮᠥᠨ ᠢ ᠬᠦᠷᠬᠦ ᠦᠭᠡᠢ︾ ᠭᠡᠰᠡᠨ ᠪᠤᠳᠤᠯ᠂ ︽ᠬᠥᠭᠵᠢᠭᠦᠯᠬᠦ ᠶᠢ ᠳᠡᠩᠳᠡᠭᠦᠦ ᠶᠠᠭᠠᠷᠠᠬᠤ ᠬᠡᠷᠡᠭ ᠦᠭᠡᠢ︾ | ᠪᠤᠳᠤᠯ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠤᠬᠠᠮᠰᠠᠷ᠂ ︽ ᠪᠡᠯᠡᠨ ᠵᠣᠷ ᠦᠭᠡᠢ ᠪᠣᠯ ᠡᠮ ᠥᠭᠬᠦ ᠵᠣᠷᠢᠭ ᠦᠭᠡᠢ︾ | ᠪᠤᠳᠤᠯ᠂ ︽ᠨᠢᠳᠦᠨ ᠡᠮᠦᠨᠡᠬᠢ ᠪᠠᠨ ᠬᠠᠷᠠᠭᠠᠳ ᠬᠤᠯᠠ ᠶᠢ ᠬᠠᠷᠠᠬᠤ ᠦᠭᠡᠢ︾ ᠰᠡᠳᠭᠢᠬᠦᠢ᠂ ︽ᠨᠠᠷᠢᠨ ᠵᠦᠢᠯᠡᠰ ᠢ ᠡᠷᠬᠢᠮᠯᠡᠬᠦ ᠦᠭᠡᠢ ᠪᠠᠷᠤᠭ ᠪᠣᠯᠴᠢᠬᠠᠨ᠎ᠠ︾ | ᠬᠡᠮᠡᠬᠦ ᠪᠤᠳᠤᠯ ᠪᠣᠯᠣᠨ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠃ | 19᠂ ︽ᠳᠥᠷᠪᠡ ᠶᠢ ᠨᠠᠶᠢᠳᠠᠪᠤᠷᠢᠵᠢᠭᠤᠯᠬᠤ ᠶᠢ ᠠᠳᠬᠤᠬᠤ︾᠄ ᠬᠠᠷᠠᠯᠲᠠ ᠪᠠᠨ ᠲᠣᠭᠲᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ᠂ ᠵᠣᠷᠢᠭᠲᠠᠢ ᠪᠠᠷ | ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠨᠠᠶᠢᠳᠠᠪᠤᠷᠢᠵᠢᠭᠤᠯᠤᠯᠲᠠ ᠶᠢ ᠠᠳᠬᠤᠬᠤ᠂ | ᠤᠳᠤᠷᠢᠳᠬᠤ ᠺᠠᠳ᠋ᠷ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠳᠬᠤᠬᠤ ᠃ | 20. ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾᠄ ︽ᠭᠤᠷᠪᠠᠨ ᠠᠷᠪᠢᠨ︾ ᠭᠡᠳᠡᠭ ᠨᠢ ᠬᠤᠷᠠᠯ ᠠᠷᠪᠢᠨ᠂ ᠠᠵᠢᠯᠯᠠᠭᠠᠨᠠᠷᠪᠢᠨ᠂ ᠭᠠᠳᠠᠭᠰᠢ | ᠭᠠᠷᠬᠤ ᠨᠢ ᠠᠷᠪᠢᠨ᠃ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠢ | ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ᠃ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠤᠳᠠᠭᠠᠨ᠂ ᠠᠵᠢᠯᠯᠠᠭ᠎ᠠ ᠬᠢᠳᠡᠯ | ᠤᠳᠠᠭᠠᠨ᠂ ᠦᠷ᠎ᠡ ᠳ᠋ᠦᠩ ᠤᠳᠠᠭᠠᠨ᠃ |