ᠳᠤᠮᠳᠠᠳᠤ ᠤᠯᠤᠰ ᠤᠨ ᠡᠪ ᠬᠠᠮᠲᠤ ᠨᠠᠮ ᠤᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠷᠢᠶ᠎ᠠ ᠶᠢᠨ ᠠᠯᠪᠠᠨ ᠭᠡᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ  ᠪᠠᠷᠢᠮᠲᠠᠯᠠᠬᠤ ᠳᠦᠷᠢᠮ ᠢ ᠳᠠᠷᠤᠮᠠᠯᠯᠠᠨ ᠲᠠᠷᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/8/2
       ᠡᠯ᠎ᠡ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠣᠪᠴᠢᠶ᠎ᠠ ᠪᠠ ᠡᠯ᠎ᠡ ᠠᠷᠠᠳ ᠤᠨ ᠪᠦᠯᠬᠦᠮ᠂ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠦᠢᠯᠡᠰ ᠤᠨ ᠨᠢᠭᠡᠴᠡ ᠳᠤ᠄       ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠪᠠᠷᠢᠮᠲᠠᠯᠠᠬᠤ ᠳᠦᠷᠢᠮ︾ ᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ᠃                 ᠳᠤᠮᠳᠠᠳᠤ ᠤᠯᠤᠰ ᠤᠨ ᠡᠪ ᠬᠠᠮᠲᠤ ᠨᠠᠮ ᠤᠨ ᠡᠸᠡᠩᠬᠢ ᠥᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠷᠢᠶᠠᠨ ᠤ ᠠᠯᠪᠠᠨ ᠭᠡᠷ                 ᠡᠸᠡᠩᠬᠢ ᠥᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                  2023 ᠣᠨ 7 ᠰᠠᠷ᠎ᠠ ᠶᠢᠨ 27 ᠤ ᠡᠳᠦᠷ                  ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠤᠮᠤ                  ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢᠨ ᠪᠠᠷᠢᠮᠲᠠᠯᠠᠬᠤ ᠳᠦᠷᠢᠮ       ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ  ᠶᠢ ᠲᠣᠳᠣᠷᠬᠠᠶᠢᠯᠠᠵᠤ᠂ ᠦᠨᠳᠦᠰᠦᠨ ᠱᠠᠲᠤᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ  ᠶᠢ ᠵᠢᠷᠤᠮᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ︽ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ︵ᠲᠥᠪ ᠬᠤᠷᠢᠶ᠎ᠠ ᠶᠢᠨ ᠲᠠᠷᠬᠠᠭᠠᠭᠰᠠᠨ ﹇2021﹈ 16 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︿ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠨᠡᠶᠢᠳᠭᠡᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠲᠠᠷᠬᠠᠭᠠᠪᠠ︾ ︵ᠥᠪᠥᠷ ᠮᠣᠩᠭᠤᠯ ᠤᠨ ᠨᠠᠮ ᠤᠨ  ᠬᠤᠷᠢᠶ᠎ᠡ ᠶᠢᠨ ᠠᠯᠪᠠᠨ ᠭᠡᠷ ᠤᠨ ᠲᠠᠷᠬᠠᠭᠠᠭᠰᠠᠨ ﹇2019﹈ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠰ ᠳᠦᠷᠢᠮ ᠢ ᠲᠣᠭᠲᠠᠭᠠᠪᠠ᠃       ᠨᠢᠭᠡᠳᠦᠭᠡᠷ ᠵᠦᠢᠯ  ᠲᠤᠰ ᠳᠦᠷᠢᠮ ᠳᠤ ᠬᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠶᠢᠨ ᠪᠠᠷᠢᠮᠲᠠᠯᠠᠬᠤ ᠪᠣᠯ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ︾ ︵ᠳᠣᠷᠣᠭᠰᠢ ︽︿ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ︾ ᠭᠡᠵᠦ ᠲᠣᠪᠴᠢᠯᠠᠨ᠎ᠠ︶ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠤᠮᠤ ᠰᠢᠶᠠᠩ ᠪᠠᠯᠭᠠᠰᠤ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ︾ ︵ᠳᠣᠷᠣᠭᠰᠢ ︽ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ︾ ᠭᠡᠵᠦ ᠲᠣᠪᠴᠢᠯᠠᠨ᠎ᠠ︶ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤ ᠶᠢᠨ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ︵ᠳᠣᠷᠣᠭᠰᠢ ︽ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠭᠡᠵᠦ ᠲᠣᠪᠴᠢᠯᠠᠨ᠎ᠠ︶ ᠠᠴᠠ ᠭᠠᠳᠠᠨ᠎ᠠ᠂ ᠰᠤᠮᠤ ᠰᠢᠶᠠᠩ ᠪᠠᠯᠭᠠᠰᠤ ᠶᠢᠨ ᠡᠭᠦᠷᠭᠡᠯᠡᠬᠦ ᠴᠢᠬᠤᠯᠠᠲᠠᠢ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠵᠠᠰᠠᠭ ᠵᠠᠬᠢᠷᠭᠠᠨ ᠤ ᠬᠡᠷᠡᠭ ᠶᠠᠪᠤᠳᠠᠯ ᠵᠢᠴᠢ ᠱᠠᠲᠤ ᠦᠶ᠎ᠡ ᠶᠢᠨ ᠴᠢᠨᠠᠷᠲᠠᠢ᠂ ᠲᠦᠷ ᠴᠠᠭ ᠤᠨ ᠴᠢᠨᠠᠷᠲᠠᠢ ᠡᠭᠦᠷᠭᠡ ᠬᠠᠷᠢᠭᠤᠴᠠᠯᠭ᠎ᠠ ᠶᠢᠨ ᠵᠦᠢᠯᠡᠰ᠃ ᠡᠭᠦᠷᠭᠡ ᠬᠠᠷᠢᠭᠤᠴᠠᠯᠭ᠎ᠠ ᠶᠢᠨ ᠪᠠᠷᠢᠮᠲᠠᠯᠠᠬᠤ ᠵᠦᠢᠯᠡᠰ ᠢ ᠴᠥᠮ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠰᠤᠮᠤ ᠰᠢᠶᠠᠩ ᠪᠠᠯᠭᠠᠰᠣᠨ ᠳᠤ ᠲᠤᠰᠢᠶᠠᠵᠤ ᠡᠭᠦᠷᠭᠡᠯᠡᠭᠦᠯᠬᠦ ᠬᠡᠷᠡᠭᠲᠡᠢ᠃       ᠬᠤᠶᠠᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠪᠠᠷᠢᠮᠲᠠᠯᠠᠬᠤ ᠢ ᠬᠠᠤᠯᠢ ᠲᠣᠭᠲᠠᠭᠠᠯ ᠶᠣᠰᠣᠭᠠᠷ᠂ ᠲᠠᠰ ᠳᠠᠷᠠᠭᠠᠯᠠᠯ ᠢ ᠴᠢᠩᠳᠠᠯᠠᠵᠤ᠂ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠪᠠᠲᠤᠯᠠᠭ᠎ᠠ ᠶᠢ ᠴᠢᠩᠭᠠᠷᠠᠭᠤᠯᠬᠤ ᠵᠠᠷᠴᠢᠮ ᠶᠣᠰᠣᠭᠠᠷ ᠥᠷᠨᠢᠭᠦᠯᠬᠦ ᠬᠡᠷᠡᠭᠲᠡᠢ᠃       ᠭᠤᠷᠪᠠᠳᠤᠭᠠᠷ ᠵᠦᠢᠯ ᠬᠤᠰᠢᠭᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠢᠭᠡᠳᠦᠯᠲᠡᠢ ᠲᠤᠬᠢᠷᠠᠭᠤᠯᠤᠯᠲᠠ ᠶᠢ ᠳᠠᠮᠵᠢᠭᠰᠠᠨ ᠦᠭᠡᠢ ᠪᠣᠯ᠂ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ  ᠪᠠᠶᠢᠭᠤᠯᠭ᠎ᠠ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠲᠦᠷ ᠴᠠᠭ ᠤᠨ ᠪᠠᠶᠢᠭᠤᠯᠤᠮᠵᠢ ᠵᠡᠷᠭᠡ ᠶᠢᠨ ᠨᠡᠷ᠎ᠡ ᠪᠠᠷ ᠬᠤᠰᠢᠭᠤᠨ ᠤ ᠲᠣᠰ ᠱᠠᠲᠤᠨ ᠤ ᠡᠭᠦᠷᠭᠡᠯᠡᠬᠦ ᠪᠠᠷ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ ᠶᠢ ᠰᠤᠮᠤ ᠰᠢᠶᠠᠩ ᠪᠠᠯᠭᠠᠰᠤ ᠳᠤ ᠳᠤᠷ᠎ᠠ ᠪᠠᠷ ᠢᠶᠠᠨ ᠲᠤᠰᠢᠶᠠᠵᠤ ᠡᠭᠦᠷᠭᠡᠯᠡᠭᠦᠯᠵᠦ ᠪᠣᠯᠬᠤ ᠦᠭᠡᠢ᠃       ᠳᠥᠷᠪᠡᠳᠦᠭᠡᠷ ᠵᠦᠢᠯ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠪᠠᠷᠢᠮᠲᠠᠯᠠᠬᠤ ᠠᠵᠢᠯ ᠢ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠡᠭᠦᠷᠭᠡᠲᠦ ᠨᠠᠷᠢᠨ ᠳᠠᠩᠰᠠ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ᠂ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠳᠠᠩᠰᠠ ᠵᠡᠷᠭᠡ ᠲᠠᠯ᠎ᠠ ᠲᠠᠢ ᠬᠤᠯᠪᠣᠯᠳᠣᠭᠤᠯᠬᠤ ᠶᠢ ᠠᠬᠢᠭᠤᠯᠤᠨ᠎ᠠ᠃ ︽ᠡᠭᠦᠷᠭᠡ ᠬᠠᠷᠢᠭᠤᠴᠠᠯᠭ᠎ᠠ ᠵᠢᠨ‌ᠨᠠᠷᠢᠨ ᠳᠠᠩᠰᠠ︾ ︽ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ︾ ᠳᠤ ᠨᠢᠭᠡᠨᠲᠡ ᠵᠢᠭᠰᠠᠭᠠᠨ ᠣᠷᠣᠭᠤᠯᠤᠭᠰᠠᠨ ᠵᠦᠢᠯᠡᠰ ᠢ ᠰᠤᠮᠤ ᠰᠢᠶᠠᠩ ᠪᠠᠯᠭᠠᠰᠤ ᠬᠢᠨᠠᠮᠠᠭᠠᠢ  ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ︽ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠳᠠᠩᠰᠠ︾ ᠶᠢᠨ ᠬᠡᠪᠴᠢᠶᠡᠨ ᠳᠤ ᠣᠷᠣᠭᠤᠯᠵᠤ᠂ ᠰᠤᠮᠤ ᠰᠢᠶᠠᠩ ᠪᠠᠯᠭᠠᠰᠤ ᠬᠠᠤᠯᠢ ᠶᠣᠰᠣᠭᠠᠷ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠪᠤᠶᠤ ᠬᠠᠮᠵᠢᠯᠴᠠᠬᠤ ᠬᠠᠷᠢᠭᠤᠴᠠᠯᠭ᠎ᠠ ᠶᠢ ᠡᠭᠦᠷᠭᠡᠯᠡᠬᠦ ᠵᠦᠢᠯᠡᠰ ᠲᠤ ᠬᠠᠷᠢᠶᠠᠯᠠᠭᠳᠠᠪᠠᠯ᠂ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠰᠤᠮᠤ ᠰᠢᠶᠠᠩ ᠪᠠᠯᠭᠠᠰᠤ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠢ᠃  ᠲᠠᠪᠤᠳᠤᠭᠠᠷ ᠵᠦᠢᠯ ︽ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ︾ ︽ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ︾ ︽ᠬᠠᠮᠲᠤ  ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠳᠠᠩᠰᠠ︾ ᠶᠢᠨ ᠬᠡᠪᠴᠢᠶᠡᠨ ᠳᠤ ᠣᠷᠣᠭᠤᠯᠤᠭᠰᠠᠨ ᠦᠭᠡᠢ᠂ ᠭᠡᠪᠡᠴᠦ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠪᠠᠶᠢᠭᠤᠯᠭ᠎ᠠ ᠠᠴᠠ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠵᠠᠰᠠᠭ ᠵᠠᠬᠢᠷᠭᠠᠨ ᠤ ᠬᠡᠷᠡᠭ ᠶᠠᠪᠤᠳᠠᠯ ᠵᠢᠴᠢ ᠱᠠᠲᠤ ᠦᠶ᠎ᠡ ᠶᠢᠨ ᠴᠢᠨᠠᠷᠲᠠᠢ᠂ ᠲᠦᠷ ᠴᠠᠭ ᠤᠨ ᠴᠢᠨᠠᠷᠲᠠᠢ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ ᠰᠤᠮᠤ ᠰᠢᠶᠠᠩ ᠪᠠᠯᠭᠠᠰᠤ ᠳᠤ ᠨᠠᠶᠢᠳᠠᠬᠤ ᠪᠤᠶᠤ ᠲᠤᠰᠢᠶᠠᠵᠤ ᠡᠭᠦᠷᠭᠡᠯᠡᠭᠦᠯᠬᠦ ᠴᠢᠬᠤᠯᠠᠲᠠᠢ ᠪᠠᠶᠢᠪᠠᠯ᠂ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠪᠠᠶᠢᠭᠤᠯᠭ᠎ᠠ ᠠᠴᠠ ᠲᠤᠰᠬᠠᠢ ᠵᠦᠢᠯ ᠤᠨ ᠲᠣᠳᠣᠷᠬᠠᠶᠢᠯᠠᠯᠲᠠ ᠬᠢᠵᠦ᠂ ᠠᠵᠢᠯ ᠤᠨ ᠠᠭᠤᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ᠂ ᠬᠠᠮᠵᠢᠯᠴᠠᠬᠤ ᠬᠠᠷᠢᠭᠤᠴᠠᠯᠭ᠎ᠠ᠂ ᠬᠡᠷᠡᠭ ᠭᠦᠢᠴᠡᠳᠬᠡᠬᠦ ᠶᠠᠪᠤᠴᠠ᠂ ᠪᠡᠶᠡᠯᠡᠭᠦᠯᠬᠦ ᠴᠠᠭ ᠬᠤᠭᠤᠴᠠᠭ᠎ᠠ᠂ ᠪᠠᠲᠤᠯᠠᠬᠤ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠬᠤ ᠶᠢᠨ ᠬᠠᠮᠲᠤ᠂ ᠰᠤᠮᠤ ᠰᠢᠶᠠᠩ ᠪᠠᠯᠭᠠᠰᠤ ᠶᠢᠨ ᠰᠠᠨᠠᠯ ᠢ ᠪᠢᠴᠢᠭ ᠢᠶᠠᠷ ᠬᠤᠷᠢᠶᠠᠵᠤ᠂ ᠵᠥᠪᠳᠡᠯᠴᠡᠬᠦ ᠰᠠᠨᠠᠯ ᠢ ᠪᠦᠷᠢᠯᠳᠦᠭᠦᠯᠦᠨ᠂ ᠵᠥᠪᠳᠡᠯᠴᠡᠭᠡᠳ ᠰᠠᠨᠠᠯ ᠨᠢᠭᠡᠳᠦᠭᠰᠡᠨ ᠤ ᠳᠠᠷᠠᠭ᠎ᠠ᠂ ︽ᠲᠤᠰᠢᠶᠠᠨ ᠰᠢᠢᠳᠪᠦᠷᠢᠯᠡᠭᠦᠯᠬᠦ ᠵᠦᠢᠯᠡᠰ ᠢ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠦᠰᠦᠨᠦᠭᠲᠦ ︾ ᠶᠢ ᠲᠠᠭᠯᠠᠬᠤ ᠶᠢᠨ ᠬᠠᠮᠲᠤ᠂ ᠬᠠᠮᠢᠶ᠎ᠠ ᠪᠦᠬᠦᠢ ᠮᠠᠲ᠋ᠧᠷᠢᠶᠠᠯ ᠢ ᠳᠠᠭᠠᠯᠳᠤᠭᠤᠯᠤᠨ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ  ᠪᠠᠷᠢᠮᠲᠠᠯᠠᠬᠤ ᠠᠵᠢᠯ ᠤᠨ ᠬᠠᠮᠲᠤᠷᠠᠭᠰᠠᠨ ᠬᠤᠷᠠᠯ ᠳᠤ ᠪᠢᠴᠢᠭ ᠤᠨ ᠭᠤᠶᠤᠴᠢᠯᠠᠯ ᠳᠡᠪᠰᠢᠭᠦᠯᠬᠦ ᠬᠡᠷᠡᠭᠲᠡᠢ᠃       ᠵᠢᠷᠭᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠪᠠᠷᠢᠮᠲᠠᠯᠠᠬᠤ ᠠᠵᠢᠯ ᠤᠨ ᠬᠠᠮᠲᠤᠷᠠᠭᠰᠠᠨ ᠬᠤᠷᠠᠯ ᠨᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠭᠤᠶᠤᠴᠢᠯᠠᠭᠰᠠᠨ ᠵᠦᠢᠯᠡᠰ ᠢ ᠬᠢᠨᠠᠨ ᠬᠠᠷᠭᠤᠭᠤᠯᠵᠤ᠂ ᠪᠠᠷᠢᠮᠲᠠᠯᠠᠬᠤ ᠨᠥᠬᠦᠴᠡᠯ ᠳᠤ ᠨᠡᠶᠢᠴᠡᠬᠦ ᠦᠭᠡᠢ ᠵᠦᠢᠯᠡᠰ ᠢ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ ᠪᠠᠷᠢᠮᠲᠠᠯᠠᠬᠤ ᠨᠥᠬᠦᠴᠡᠯ ᠳᠤ ᠨᠡᠶᠢᠴᠡᠬᠦ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠵᠠᠰᠠᠭ ᠵᠠᠬᠢᠷᠭᠠᠨ ᠤ ᠬᠡᠷᠡᠭ ᠶᠠᠪᠤᠳᠠᠯ ᠳᠤ᠂ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠴᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠤᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠪᠠᠷᠢᠮᠲᠠᠯᠠᠬᠤ ᠶᠢ ᠵᠥᠪᠰᠢᠶᠡᠷᠡᠭᠰᠡᠨ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ︔ ᠪᠠᠷᠢᠮᠲᠠᠯᠠᠬᠤ ᠨᠥᠬᠦᠴᠡᠯ ᠳᠤ ᠨᠡᠶᠢᠴᠡᠬᠦ ᠱᠠᠲᠤ ᠦᠶ᠎ᠡ ᠶᠢᠨ ᠴᠢᠨᠠᠷᠲᠠᠢ᠂ ᠲᠦᠷ ᠴᠠᠭ ᠤᠨ ᠴᠢᠨᠠᠷᠲᠠᠢ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ ᠬᠤᠰᠢᠭᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ᠤ ᠳᠠᠷᠠᠭ᠎ᠠ ᠬᠡᠷᠡᠭᠵᠢᠭᠦᠯᠦᠨ᠎ᠡ᠃       ᠳᠣᠯᠣᠳᠤᠭᠠᠷ ᠵᠦᠢᠯ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠪᠠᠶᠢᠭᠤᠯᠭ᠎ᠠ ᠠᠴᠠ ᠰᠤᠮᠤ ᠰᠢᠶᠠᠩ ᠪᠠᠯᠭᠠᠰᠣᠨ ᠳᠤ ᠲᠤᠰᠢᠶᠠᠭᠰᠠᠨ ᠬᠡᠷᠡᠭ ᠶᠠᠪᠤᠳᠠᠯ ᠤᠨ ᠦᠨᠳᠦᠰᠦᠯᠡᠯ ᠨᠢ ᠦᠨᠡᠨ ᠬᠦ ᠭᠦᠢᠴᠡᠳ ᠪᠠᠶᠢᠵᠤ᠂ ᠲᠦᠷ ᠴᠠᠭ ᠤᠨ ᠴᠢᠨᠠᠷᠲᠠᠢ᠂ ᠱᠠᠲᠤ ᠦᠶ᠎ᠡ ᠶᠢᠨ ᠴᠢᠨᠠᠷᠲᠠᠢ ᠡᠭᠦᠷᠭᠡ ᠬᠠᠷᠢᠭᠤᠴᠠᠯᠭ᠎ᠠ ᠳᠤ ᠬᠠᠷᠢᠶᠠᠯᠠᠭᠳᠠᠬᠤ ᠮᠥᠷᠲᠡᠭᠡᠨ ᠪᠠᠶᠢᠳᠠᠯ ᠪᠠᠴᠢᠮ ᠪᠠᠶᠢᠪᠠᠯ᠂ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ  ᠪᠠᠶᠢᠭᠤᠯᠭ᠎ᠠ ᠠᠴᠠ ᠰᠢᠭᠤᠳ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠪᠠᠷᠢᠮᠲᠠᠯᠠᠬᠤ ᠠᠵᠢᠯ ᠤᠨ ᠬᠠᠮᠲᠤᠷᠠᠭᠰᠠᠨ ᠬᠤᠷᠠᠯ ᠳᠤ ᠪᠢᠴᠢᠭ ᠤᠨ ᠭᠤᠶᠤᠴᠢᠯᠠᠯ ᠲᠡᠪᠰᠢᠭᠦᠯᠵᠦ᠂ ᠬᠤᠰᠢᠭᠤᠨ ᠤ ᠨᠠᠮ ᠤᠨ ᠬᠤᠷᠢᠶ᠎ᠠ ᠪᠠ  ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃       ᠨᠠᠢᠮᠠᠳᠤᠭᠠᠷ ᠵᠦᠢᠯ ᠵᠥᠪᠰᠢᠶᠡᠷᠡᠯ ᠢᠶᠠᠷ ᠳᠡᠮᠵᠢᠨ ᠪᠠᠷᠢᠮᠲᠠᠯᠠᠬᠤ ᠵᠦᠢᠯᠡᠰ ᠢ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠪᠠᠶᠢᠭᠤᠯᠭ᠎ᠠ ᠨᠢ ︽ᠲᠤᠰᠢᠶᠠᠨ ᠵᠦᠪᠰᠢᠶᠡᠷᠡᠭᠦᠯᠬᠦ ᠵᠦᠢᠯᠡᠰ ᠤᠨ  ᠪᠠᠷᠢᠮᠲᠠᠯᠠᠬᠤ ᠶᠢ ᠬᠢᠨᠠᠨ ᠵᠥᠪᠰᠢᠶᠡᠷᠡᠭᠦᠯᠬᠦ ᠪᠠᠷ ᠮᠡᠳᠡᠭᠦᠯᠬᠦ ᠬᠦᠰᠦᠨᠦᠭᠲᠦ︾ ᠶᠢ ᠠᠪᠴᠤ ᠰᠤᠮᠤ ᠰᠢᠶᠠᠩ ᠪᠠᠯᠭᠠᠰᠤ ᠲᠠᠢ ᠬᠠᠷᠢᠯᠴᠠᠵᠤ᠂ ᠰᠤᠮᠤ ᠰᠢᠶᠠᠩ ᠪᠠᠯᠭᠠᠰᠤ ᠨᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ︽ᠡᠷᠬᠡ ᠶᠢ ᠬᠠᠷᠢᠭᠤᠴᠠᠯᠭ᠎ᠠ ᠶᠢᠨ ᠳᠠᠭᠠᠤ ᠶᠠᠪᠤᠭᠤᠯᠬᠤ᠂ ᠵᠠᠷᠤᠳᠠᠯ ᠢ ᠬᠡᠷᠡᠭ ᠶᠠᠪᠤᠳᠠᠯ ᠤᠨ ᠳᠠᠭᠠᠤ ᠰᠢᠯᠵᠢᠭᠦᠯᠬᠦ︾ ᠵᠠᠷᠴᠢᠮ ᠶᠣᠰᠣᠭᠠᠷ᠂ ᠰᠤᠮᠤ ᠰᠢᠶᠠᠩ ᠪᠠᠯᠭᠠᠰᠣᠨ ᠳᠤ ᠴᠢᠬᠤᠯᠠ ᠪᠦᠬᠦᠢ ᠵᠠᠷᠤᠳᠠᠯ᠂ ᠮᠡᠷᠭᠡᠵᠢᠯ ᠤᠨ ᠨᠥᠬᠦᠴᠡᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠬᠠᠩᠭᠠᠵᠤ᠂ ᠠᠵᠢᠯ ᠤᠨ ᠠᠭᠤᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ᠂ ᠬᠠᠮᠵᠢᠯᠴᠠᠬᠤ ᠬᠠᠷᠢᠭᠤᠴᠠᠯᠭ᠎ᠠ᠂ ᠬᠡᠷᠡᠭ ᠭᠦᠢᠴᠡᠳᠬᠡᠬᠦ ᠶᠠᠪᠤᠴᠠ᠂ ᠪᠡᠶᠡᠯᠡᠭᠦᠯᠬᠦ ᠴᠠᠭ ᠤᠨ ᠬᠢᠵᠠᠭᠠᠷ ᠵᠡᠷᠭᠡ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠨ᠎ᠠ᠃       ᠶᠢᠰᠦᠳᠦᠭᠡᠷ ᠵᠦᠢᠯ  ᠪᠠᠷᠢᠮᠲᠠᠯᠠᠬᠤ ᠵᠦᠢᠯᠡᠰ ᠤᠨ ᠠᠵᠢᠯ ᠤᠨ ᠵᠠᠷᠤᠳᠠᠯ ᠳᠤ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢᠨ ᠬᠠᠮᠲᠤ ᠨᠡᠶᠢᠭᠡᠮ ᠨᠡᠶᠢᠲᠡ ᠶᠢᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃       ᠠᠷᠪᠠᠳᠤᠭᠠᠷ ᠵᠦᠢᠯ  ᠪᠠᠷᠢᠮᠲᠠᠯᠠᠬᠤ ᠵᠦᠢᠯᠡᠰ ᠢ ᠪᠡᠶᠡᠯᠡᠭᠦᠯᠦᠭᠰᠡᠨ ᠪᠤᠶᠤ ᠬᠤᠪᠢᠷᠠᠯᠲᠠ ᠭᠠᠷᠤᠭᠠᠳ ᠦᠷᠭᠦᠯᠵᠢᠯᠡᠨ ᠰᠤᠮᠤ ᠰᠢᠶᠠᠩ ᠪᠠᠯᠭᠠᠰᠤ ᠪᠠᠷ ᠬᠠᠷᠢᠭᠤᠴᠠᠭᠤᠯᠬᠤ ᠳᠤ ᠵᠣᠬᠢᠰ ᠦᠭᠡᠢ ᠪᠠᠶᠢᠪᠠᠯ᠂ ᠰᠤᠮᠤ ᠰᠢᠶᠠᠩ ᠪᠠᠯᠭᠠᠰᠤ ᠨᠢ ᠴᠠᠭ ᠲᠤᠬᠠᠢ ᠳᠤᠨᠢ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠪᠠᠶᠢᠭᠤᠯᠭ᠎ᠠ ᠳᠤ ᠪᠠᠷᠢᠮᠲᠠᠯᠠᠬᠤ ᠵᠦᠢᠯᠡᠰ ᠠᠴᠠ ᠭᠠᠷᠬᠤ ᠪᠠᠷ ᠭᠤᠶᠤᠴᠢᠯᠠᠵᠤ᠂ ᠬᠤᠯᠪᠣᠭᠳᠠᠬᠤ ᠬᠠᠮᠢᠶ᠎ᠠ ᠪᠦᠬᠦᠢ ᠡᠯ᠎ᠡ ᠲᠠᠯ᠎ᠠ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠪᠠᠷᠢᠮᠲᠠᠯᠠᠬᠤ ᠠᠵᠢᠯ ᠤᠨ ᠬᠠᠮᠲᠤᠷᠠᠭᠰᠠᠨ ᠬᠤᠷᠠᠯ ᠢᠶᠠᠷ ᠳᠠᠩᠰᠠᠯᠠᠭᠤᠯᠬᠤ ᠬᠡᠷᠡᠭᠲᠡᠢ᠃       ᠠᠷᠪᠠᠨ ᠨᠢᠭᠡᠳᠦᠭᠡᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠪᠤᠶᠤ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠠᠴᠠ  ᠪᠤᠯᠵᠤ᠂ ᠱᠠᠲᠤ ᠥᠶᠡᠴᠢ   ᠴᠢᠨᠠᠷᠲᠠᠢ᠂ ᠲᠦᠷ ᠴᠠᠭ ᠤᠨ ᠴᠢᠨᠠᠷᠲᠠᠢ ᠠᠵᠢᠯ ᠤᠨ ᠡᠭᠦᠷᠭᠡ ᠨᠢ ᠪᠠᠶᠢᠩᠭᠤᠵᠢᠭᠰᠠᠨ ᠠᠵᠢᠯ ᠳᠤ ᠰᠢᠯᠵᠢᠨ᠂ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭ᠎ᠠ ᠳᠤ ᠬᠠᠷᠢᠶᠠᠯᠠᠭᠳᠠᠪᠠᠯ᠂ ᠴᠠᠭ ᠲᠤᠬᠠᠢ ᠳᠤᠨᠢ ᠬᠥᠳᠡᠯᠦᠩᠭᠦᠢ ᠲᠣᠬᠢᠷᠠᠭᠤᠯᠤᠯᠲᠠ ᠬᠢᠵᠦ᠂ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠡᠭᠦᠷᠭᠡ ᠶᠢᠨ ᠡᠭᠦᠷᠭᠡᠲᠦ ᠨᠠᠷᠢᠨ ᠳᠠᠩᠰᠠ ᠳᠤ ᠣᠷᠣᠭᠤᠯᠬᠤ ᠬᠡᠷᠡᠭᠲᠡᠢ᠃       ᠠᠷᠪᠠᠨ ᠬᠤᠶᠠᠳᠤᠭᠠᠷ ᠵᠦᠢᠯ ᠬᠤᠰᠢᠭᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠰᠤᠮᠤ ᠰᠢᠶᠠᠩ ᠪᠠᠯᠭᠠᠰᠤ ᠶᠢᠨ ᠳᠠᠭᠠᠭᠠᠨ ᠠᠪᠬᠤ ᠴᠢᠳᠠᠪᠤᠷᠢ ᠶᠢ ᠭᠦᠢᠴᠡᠳ ᠪᠣᠳᠣᠯᠬᠢᠯᠠᠵᠤ᠂ ᠰᠤᠮᠤ ᠰᠢᠶᠠᠩ ᠪᠠᠯᠭᠠᠰᠤ ᠶᠢᠨ ᠰᠠᠨᠠᠯ ᠢ ᠬᠦᠨᠳᠦᠳᠬᠡᠨ᠂ ︽ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠬᠤ᠂ ᠭᠦᠢᠴᠡᠳᠬᠡᠯ ᠲᠤᠭ᠎ᠠ ᠶᠢ ᠬᠤᠪᠢᠶᠠᠷᠢᠯᠠᠨ ᠪᠠᠭᠤᠯᠭᠠᠬᠤ᠂ ᠰᠢᠯᠭᠠᠨ ᠬᠢᠨᠠᠵᠤ ᠰᠢᠯᠭᠠᠨ ᠠᠪᠬᠤ᠂ ᠠᠯᠪᠠ ᠪᠠᠷ ᠲᠣᠮᠢᠯᠠᠬᠤ ᠵᠡᠷᠭᠡ ᠠᠷᠭ᠎ᠠ ᠮᠠᠶ᠋ᠢᠭ ᠢᠶᠠᠷ ᠠᠵᠢᠯ ᠤᠨ ᠬᠠᠷᠢᠭᠤᠴᠠᠯᠭ᠎ᠠ ᠪᠠᠨ ᠰᠤᠮᠤ ᠰᠢᠶᠠᠩ ᠪᠠᠯᠭᠠᠰᠤ ᠳᠤ ᠰᠢᠯᠵᠢᠭᠦᠯᠦᠨ ᠡᠭᠦᠷᠭᠡᠯᠡᠭᠦᠯᠵᠦ ᠪᠣᠯᠬᠤ ᠦᠭᠡᠢ᠃       ᠠᠷᠪᠠᠨ ᠭᠤᠷᠪᠠᠳᠤᠭᠠᠷ ᠵᠦᠢᠯ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠵᠢᠴᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃        ᠠᠷᠪᠠᠨ ᠳᠥᠷᠪᠡᠳᠦᠭᠡᠷ ᠵᠦᠢᠯ ᠲᠣᠰ ᠳᠦᠷᠢᠮ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃       ᠠᠷᠪᠠᠨ ᠲᠠᠪᠤᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ 2022 ᠣᠨ ᠤ 12 ᠳ᠋ᠤᠭᠠᠷ ᠰᠠᠷ᠎ᠠ ᠶᠢᠨ 30 ᠤ ᠡᠳᠦᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠪᠠᠷᠢᠮᠲᠠᠯᠠᠬᠤ ᠳᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠡᠸᠡᠩᠭᠢ ᠵᠠᠰᠠᠭ ᠠᠯᠪᠠᠨ ᠲᠠᠷᠬᠠᠭᠠᠭᠰᠠᠨ ﹇2022﹈ 38 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃   
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ