2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2023/8/3
       ᠲᠥᠯᠥᠭᠡᠯᠡᠭᠴᠢᠳ ᠠ᠋᠂ ᠭᠡᠰᠢᠭᠦᠳ ᠠ᠋᠂ ᠨᠥᠬᠦᠳ ᠠ᠋︕ ᠬᠡᠷᠡᠭ ᠶᠠᠪᠤᠳᠠᠯ ᠢ ᠥᠩᠭᠡᠷᠡᠭᠡᠬᠦ ᠦᠭᠡᠢ ᠪᠣᠯ  ᠬᠦᠴᠢᠷᠳᠡᠯ ᠢ ᠮᠡᠳᠡᠬᠦ ᠦᠭᠡᠢ᠂ ᠪᠦᠲᠦᠬᠦ ᠳᠤ ᠠᠮᠠᠷᠬᠠᠨ ᠪᠣᠯᠪᠠᠴᠤ ᠰᠢᠷᠭᠠᠭᠤ ᠬᠠᠲᠠᠭᠤᠵᠢᠯᠲᠡᠢ  ᠪᠠᠶᠢᠳᠠᠭ᠃ 2022 ᠣᠨ ᠪᠣᠯ ᠶᠡᠷᠦ ᠪᠤᠰᠤ ᠶᠢᠨ ᠨᠢᠭᠡ ᠵᠢᠯ ᠪᠣᠯᠬᠤ ᠨᠢ ᠵᠠᠶᠢᠯᠠᠰᠢ ᠦᠭᠡᠢ ᠶᠤᠮ ᠃ ᠬᠦᠨᠳᠦ ᠬᠡᠴᠡᠭᠦᠦ ᠬᠢᠵᠢᠭ ᠤᠨ ᠪᠠᠶᠢᠳᠠᠯ ᠤᠨ ᠡᠮᠦᠨ᠎ᠡ᠂  ᠪᠢᠳᠡ ᠠᠯᠮᠠᠶᠢᠷᠠᠬᠤ ᠦᠭᠡᠢ᠂ ᠬᠠᠶᠢᠩᠭᠤᠳᠠᠬᠤ ᠦᠭᠡᠢ᠂ ᠬᠤᠶᠢᠷᠭᠤᠰᠢᠬᠤ ᠦᠭᠡᠢ︕  ᠬᠠᠯᠳᠠᠪᠣᠷᠢᠯᠠᠯ ᠤᠨ ᠡᠷᠡᠰᠳᠡᠯ ᠪᠠᠶᠢᠬᠤ ᠡᠰᠡᠬᠦ ᠶᠢ ᠭᠦᠢᠴᠡᠳ ᠵᠢᠱᠢᠵᠦ᠂ ᠲᠤᠭᠲᠠᠭᠰᠠᠨ ᠵᠠᠮ ᠤᠨ ᠠᠭᠤᠯᠵᠠᠷ ᠲᠤ ᠬᠢᠨᠠᠨ ᠰᠢᠯᠭᠠᠵᠣ᠂ ᠪᠥᠭᠡᠮ ᠬᠦᠴᠢᠯ  ᠤᠨ ᠪᠠᠶᠢᠴᠠᠭᠠᠯᠲᠠ ᠬᠢᠬᠦ᠂ ᠠᠵᠢᠯ ᠤᠨ ᠡᠩᠨᠡᠭᠡ ᠶᠢ ᠲᠡᠭᠦᠯᠳᠡᠷᠵᠢᠭᠦᠯᠬᠦ᠂ ᠹᠠᠩ ᠽᠠᠩ ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ᠂ ᠲᠤᠰᠠᠭᠠᠷᠯᠠᠬᠤ ᠲᠠᠯᠠᠪᠤᠷ ᠭᠠᠷᠭᠠᠬᠤ᠂ ᠡᠳ᠋ ᠪᠣᠳᠠᠰ ᠢ ᠨᠥᠭᠡᠴᠡᠯᠡᠬᠦ ᠵᠡᠷᠭᠡ ᠡᠯ᠎ᠡ ᠲᠠᠯ᠎ᠠ ᠶᠢᠨ ᠠᠵᠢᠯ ᠢ ᠪᠣᠳᠠᠲᠠᠢ ᠬᠢᠵᠦ᠂ ᠪᠤᠲᠠᠳᠣ ᠪᠠᠶᠢᠳᠠᠯ ᠢ ᠦᠨᠳᠦᠰᠦᠯᠡᠨ ᠣᠨᠣᠴᠠᠲᠠᠢ ᠪᠠᠷ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠠᠮᠤᠭ ᠲᠦᠷᠭᠡᠨ ᠢᠶᠠᠷ᠂ ᠬᠠᠮᠤᠭ ᠤᠨ ᠪᠠᠭ᠎ᠠ ᠬᠡᠪᠴᠢᠶ᠎ᠡ᠂ ᠬᠠᠮᠤᠭ ᠤᠨ ᠳᠣᠣᠷ᠎ᠠ ᠦᠨ᠎ᠡ ᠦᠷᠳᠡᠭ ᠢᠶᠠᠷ ᠭᠡᠨᠡᠳᠲᠡ ᠶᠢᠨ ᠬᠢᠵᠢᠭ ᠤᠨ ᠪᠠᠶᠢᠳᠠᠯ ᠢ ᠡᠵᠡᠮᠳᠡᠵᠦ᠂ ︽ᠰᠢᠨ᠎ᠡ ᠠᠷᠪᠠᠨ ᠵᠤᠷᠪᠤᠰ︾ ᠥᠶ᠎ᠡ ᠶᠢᠨ ᠬᠢᠵᠢᠭ  ᠤᠨ ᠰᠡᠷᠭᠡᠶᠢᠯᠡᠨ ᠡᠵᠡᠮᠳᠡᠯ ᠢ ᠲᠣᠭᠲᠠᠭᠤᠨ ᠢᠶᠠᠷ  ᠭᠦᠢᠴᠡᠳᠭᠡᠪᠡ᠃ ᠢᠯᠠᠩᠭᠤᠶ᠎ᠠ  ︽10.06︾ ︽11.26︾ ᠬᠤᠶᠠᠷ ᠡᠭᠡᠯᠵᠢ ᠶᠢᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠡᠳᠦᠷ ᠳᠣᠲᠣᠮ ᠤᠨ ᠡᠳ᠋ ᠪᠣᠳᠠᠰ ᠤᠨ ᠬᠠᠩᠭᠠᠯᠭ᠎ᠠ ᠪᠠ ᠦᠨ᠎ᠡ  ᠬᠠᠩᠰᠢ ᠶᠢᠨ ᠲᠤᠭᠲᠠᠭᠤᠨ ᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠮᠤᠭ ᠤᠨ ᠪᠦᠲᠦᠮᠵᠢᠲᠡᠶ ᠠᠷᠭ᠎ᠠ ᠠᠪᠴᠠᠯ᠂ ᠬᠠᠮᠤᠭ ᠤᠨ ᠡᠷᠡᠰ ᠰᠢᠭᠤᠷᠬᠠᠢ ᠠᠵᠢᠯᠯᠠᠭ᠎ᠠ ᠪᠠᠷ ᠬᠢᠵᠢᠭ ᠤᠨ ᠬᠠᠯᠳᠠᠪᠣᠷᠢᠯᠠᠯ ᠢ ᠬᠢᠵᠠᠭᠠᠷᠯᠠᠨ ᠡᠵᠡᠮᠳᠡᠬᠦ ᠬᠦᠷᠢᠶᠡᠨ ᠳᠤ ᠪᠠᠶᠢᠯᠭᠠᠵᠤ᠂  ᠬᠠᠮᠤᠭ ᠤᠨ ᠣᠬᠤᠷᠬᠠᠨ ᠬᠤᠭᠤᠴᠠᠭᠠᠨ ᠳᠤ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠰᠠᠬᠢᠨ ᠬᠠᠮᠠᠭᠠᠯᠠᠵᠤ᠂ ᠬᠢᠵᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠠᠵᠤ ᠠᠬᠤᠢ ᠶᠢᠨ ᠳᠠᠷᠣᠮᠲᠠ ᠶᠢᠨ ᠡᠮᠦᠨ᠎ᠡ᠂ ᠪᠢᠳᠡ ᠬᠠᠶᠠᠨ ᠳᠤ ᠨᠢ ᠬᠠᠶᠠᠬᠤ ᠦᠭᠡᠢ᠂ ᠰᠢᠨᠳᠡᠷᠡᠬᠦ ᠦᠭᠡᠢ᠂ ᠠᠯᠬᠤᠮ ᠢᠶᠠᠨ ᠵᠣᠭᠰᠣᠬᠤ ᠦᠭᠡᠢ︕ ︽ᠬᠡᠳᠦᠢ ᠬᠦᠴᠢᠷ ᠪᠡᠷᠬᠡᠰᠢᠶᠡᠯ ᠲᠠᠢ ᠪᠣᠯ ᠲᠡᠳᠦᠢ ᠲᠡᠮᠡᠴᠡᠬᠦ︾ ᠭᠡᠰᠡᠨ ᠪᠠᠲᠤ ᠴᠢᠩᠭ᠎ᠠ ᠰᠥᠰᠥ ᠵᠣᠷᠢᠭ ᠪᠠ ︽ᠬᠦᠴᠢᠷ ᠪᠡᠷᠬᠡᠰᠢᠶᠡᠯ ᠬᠡᠳᠦᠢ ᠶᠡᠭᠡ ᠪᠣᠯ ᠢᠯᠠᠯᠲᠠ ᠲᠡᠳᠦᠢ ᠶᠡᠭᠡ︾ ᠭᠡᠰᠡᠨ ᠵᠠᠪᠠᠯ ᠢᠯᠠᠬᠤ ᠢᠲᠡᠭᠡᠯ ᠵᠣᠷᠢᠭ ᠢᠶᠠᠷ᠂ ᠠᠵᠤ ᠦᠢᠯᠡᠰ᠂ ᠲᠥᠷᠥᠯ ᠵᠦᠢᠯ ᠢ ᠯᠠᠪᠳᠠᠭᠤᠨ ᠪᠠᠲᠤᠲᠠᠢ ᠠᠳᠬᠤᠵᠤ᠂ ᠢᠮᠢᠨ ᠴᠠᠬᠢᠯᠭᠠᠨ ᠤ ᠦᠢᠯᠡᠳᠪᠦᠷᠢ᠂ ᠡᠸᠡᠩᠬᠢ ᠴᠠᠬᠢᠯᠭᠠᠨ ᠤ ᠦᠢᠯᠡᠳᠪᠦᠷᠢ ᠶᠢᠨ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ᠵᠡᠷᠭᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠬᠥᠯᠥᠨ ᠪᠤᠶᠢᠷ ᠲᠥᠪ ᠬᠤᠲᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠤᠰᠤᠨ ᠰᠤᠷᠪᠤᠯᠵᠢ ᠶᠢᠨ ᠭᠠᠵᠠᠷ ᠵᠡᠷᠭᠡ ᠴᠢᠬᠤᠯᠠ ᠶᠡᠭᠡ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢᠨ ᠲᠥᠷᠥᠯ ᠵᠦᠢᠯ ᠢ ᠵᠠᠯᠭᠠᠭ᠎ᠠ ᠪᠠᠷ ᠬᠡᠷᠡᠭᠵᠢᠭᠦᠯᠵᠦ᠂ ᠬᠥᠭᠵᠢᠯᠲᠡ ᠶᠢᠨ ᠢᠳᠡᠪᠬᠢᠵᠢᠯ ᠬᠢᠭᠡᠳ ᠬᠤᠲᠠ ᠶᠢᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠢᠭᠡᠨᠲᠡ ᠬᠠᠭᠠᠯᠪᠤᠷᠢᠯᠠᠭᠰᠠᠨ ᠣᠶᠢᠲᠤ ᠭᠠᠵᠠᠷ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠤᠨ ᠡᠮᠦᠨ᠎ᠡ᠂ ᠪᠢᠳᠡ ᠵᠠᠶᠢᠯᠠᠬᠤ ᠦᠭᠡᠢ᠂ ᠤᠬᠤᠷᠢᠬᠤ ᠦᠭᠡᠢ᠂ ᠪᠡᠷᠬᠡᠰᠢᠶᠡᠬᠦ ᠦᠭᠡᠢ︕ 400 ᠭᠠᠷᠤᠢ ᠺᠠᠳ᠋ᠷ ᠦᠪᠡᠷ ᠤᠨ ᠣᠯᠵᠤ ᠠᠯᠳᠠᠬᠤ ᠪᠠᠨ ᠪᠣᠳᠣᠯ ᠦᠭᠡᠢ᠂ ᠨᠥᠬᠦᠴᠡᠯ ᠳᠣᠷᠠᠳᠣᠯ ᠦᠭᠡᠢ᠂ ᠭᠡᠷ ᠪᠦᠯᠢ  ᠪᠠᠨ ᠥᠯᠥ ᠬᠠᠶᠢᠬᠤᠷᠠᠨ ᠤᠯᠠᠨ ᠤ ᠲᠥᠯᠥᠭᠡ ᠵᠢᠳᠬᠦᠵᠦ᠂ 200 ᠭᠠᠷᠤᠢ ᠡᠳᠦᠷ ᠰᠥᠨᠢ  ᠠᠵᠢᠯ ᠤᠨ ᠴᠢᠭ  ᠢᠶᠠᠨ ᠪᠠᠲᠤ ᠰᠠᠬᠢᠵᠤ᠂ ᠡᠯ᠎ᠡ ᠰᠤᠮᠤ ᠰᠢᠶᠠᠩ ᠪᠠᠯᠭᠠᠰᠤᠨ ᠤ ᠺᠠᠳ᠋ᠷ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠨ᠂ ᠠᠷᠠᠳ ᠤᠨ ᠰᠡᠳᠬᠢᠯ ᠤᠨ ᠵᠠᠩᠭᠢᠷᠠᠭ᠎ᠠ ᠶᠢ ᠨᠢ ᠲᠠᠶᠢᠯᠵᠤ᠂ ᠤᠯᠠᠨ ᠲᠦᠮᠡᠨ ᠤ ᠣᠶᠢᠯᠠᠭᠠᠯᠲᠠ ᠳᠡᠮᠵᠢᠯᠭᠡ ᠶᠢᠨ ᠰᠠᠶᠢᠨ ᠢᠶᠠᠷ ᠨᠢᠭᠡᠨᠲᠡ ᠬᠠᠭᠠᠯᠪᠤᠷᠢᠯᠠᠭᠰᠠᠨ ᠣᠶᠢᠲᠤ ᠭᠠᠵᠠᠷ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠠᠵᠢᠯ ᠱᠠᠲᠤᠴᠢ ᠴᠢᠨᠠᠷᠲᠠᠢ ᠢᠯᠠᠯᠲᠠ ᠣᠯᠪᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠪᠣᠬᠢᠷᠳᠤᠯ ᠦᠭᠡᠢ ᠬᠡᠯᠪᠡᠷᠢ ᠶᠢ ᠬᠤᠪᠢᠷᠠᠭᠤᠯᠬᠤ ᠬᠥᠭᠵᠢᠯᠲᠡ ᠠᠴᠠ ᠪᠤᠯᠵᠤ᠂ ᠬᠦᠮᠦᠰ ᠤᠨ ᠦᠵᠡᠯᠲᠡ ᠲᠠᠨᠢᠯᠲᠠ ᠠᠴᠠ ᠠᠵᠢᠯ ᠦᠢᠯᠡᠳᠦᠯᠭᠡ  ᠳᠤ ᠨᠢ ᠬᠦᠨᠳᠦ ᠴᠢᠬᠤᠯᠠ ᠬᠤᠪᠢᠷᠠᠯᠲᠠ ᠭᠠᠷᠴᠠᠢ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠦᠨᠳᠦ ᠨᠣᠴᠢᠲᠠᠢ ᠵᠥᠷᠢᠴᠡᠯ ᠤᠨ ᠡᠮᠦᠨ᠎ᠡ᠂ ᠪᠢᠳᠡ ᠰᠡᠳᠭᠢᠯ ᠴᠦᠬᠦᠷᠡᠬᠦ ᠦᠭᠡᠢ᠂ ᠵᠣᠷᠢᠭ ᠮᠣᠬᠤᠬᠤ ᠦᠭᠡᠢ᠂ ᠬᠦᠯᠢᠭᠡᠯᠵᠡᠬᠦ ᠦᠭᠡᠢ ︕  ᠴᠤᠴᠠᠯᠲᠠ ᠦᠭᠡᠢ ᠤᠷᠤᠭᠰᠢᠯᠠᠬᠤ ᠡᠷᠡᠰ ᠵᠣᠷᠢᠭ ᠢᠶᠠᠷ ︽ᠭᠤᠷᠪᠠᠨ ᠠᠯᠪᠠᠨ ᠤ ᠵᠠᠷᠤᠯᠭ᠎ᠠ︾ ᠶᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠣᠷᠣᠯᠭ᠎ᠠ ᠶᠢ ᠡᠷᠬᠡᠪᠰᠢ ᠪᠤᠲᠠᠲᠠᠢ ᠳᠤ ᠬᠡᠷᠡᠭᠵᠢᠭᠦᠯᠵᠦ᠂ ᠡᠳ᠋ ᠤᠨ ᠵᠠᠰᠠᠭ ᠭᠠᠶᠢᠯᠢ ᠶᠢᠨ ᠢᠷᠡᠯᠲᠡ ᠶᠢ ᠪᠣᠶᠢᠵᠢᠭᠤᠯᠤᠨ᠂ ᠢᠳᠡᠪᠬᠢᠲᠡᠢ ᠪᠠᠷ ᠳᠡᠭᠡᠳᠦ ᠱᠠᠲᠤᠨ ᠠᠴᠠ ᠪᠡᠯᠡ ᠮᠥᠩᠭᠦ ᠲᠡᠮᠡᠴᠡᠨ ᠣᠯᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠢ ᠲᠣᠭᠲᠠᠭᠤᠨ ᠢᠶᠠᠷ ᠨᠡᠮᠡᠭᠳᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠢ ᠮᠡᠳᠡᠭᠳᠡᠬᠦᠶᠢᠴᠡ ᠳᠡᠭᠡᠭᠰᠢᠯᠡᠭᠦᠯᠦᠨ᠂ ︽ᠭᠤᠷᠪᠠ ᠶᠢ ᠪᠠᠲᠤᠯᠠᠬᠤ︾ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠪᠠ᠃ ᠤᠨᠴᠠᠭᠠᠢ ᠪᠠᠶᠢᠭᠠᠯᠢ ᠶᠢᠨ ᠠᠭᠤᠷ ᠠᠮᠢᠰᠬᠤᠯ ᠤᠨ ᠡᠮᠦᠨ᠎ᠡ᠂ ᠪᠢᠳᠡ ᠡᠷᠡᠭᠡᠯᠵᠡᠬᠦ ᠦᠭᠡᠢ᠂ ᠭᠤᠮᠤᠳᠠᠯᠯᠠᠵᠤ ᠰᠢᠯᠲᠠᠬᠤ ᠦᠭᠡᠢ︕ ᠦᠶᠡᠷ ᠣᠰᠣᠳᠣᠯ ᠢ ᠡᠰᠡᠷᠭᠦᠴᠡᠬᠦ᠂ ᠭᠠᠯ ᠲᠦᠢᠮᠡᠷ ᠢ ᠰᠡᠷᠭᠡᠶᠢᠯᠡᠬᠦ᠂ ᠴᠠᠭᠠᠨ ᠤ ᠭᠠᠮᠰᠢᠭ ᠢ ᠰᠡᠷᠭᠡᠶᠢᠯᠡᠬᠦ ᠶᠢ ᠪᠠᠷᠢᠮᠲᠠᠯᠠᠨ᠂ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠰᠡᠷᠭᠡᠶᠢᠯᠡᠬᠦ ᠪᠡᠯᠡᠳᠬᠡᠯ ᠢ ᠭᠦᠢᠴᠡᠳ ᠬᠢᠵᠦ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠨ᠂ ᠲᠦᠷᠭᠡᠨ ᠲᠤᠬᠢᠷᠠᠭᠤᠯᠵᠤ᠂ ᠬᠠᠮᠢᠭ᠎ᠠ ᠲᠦᠭᠰᠢᠭᠦᠷᠢ ᠲᠠᠢ ᠪᠣᠯ ᠲᠡᠨᠳᠡ ᠢᠯᠡᠷᠡᠵᠦ᠂ ᠬᠠᠮᠢᠭ᠎ᠠ ᠬᠡᠷᠡᠭᠴᠡᠭᠡ ᠲᠠᠢ ᠪᠣᠯ ᠲᠡᠨᠳᠡ ᠬᠦᠷᠴᠦ᠂ ᠰᠠᠭᠤᠭᠠᠯᠢ ᠠᠷᠠᠳ ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ  ᠪᠠᠲᠤᠯᠠᠪᠠ᠃       ᠲᠥᠯᠥᠭᠡᠯᠡᠭᠴᠢᠳ ᠠ᠋︕ ᠰᠠᠯᠬᠢ ᠪᠣᠷᠣᠭᠠᠨ ᠳᠤ ᠳᠠᠪᠲᠠᠭᠳᠠᠭᠰᠠᠨ ᠡᠳᠦᠷ ᠤᠳ ᠲᠤ᠂ ᠪᠢᠳᠡ ᠬᠠᠮᠲᠤᠪᠠᠷ ᠡᠷᠡᠰ ᠪᠠᠲᠤ ᠢᠲᠡᠭᠡᠯ ᠵᠣᠷᠢᠭ ᠢ ᠡᠪᠦᠷᠯᠡᠨ᠂ ᠥᠪᠡᠷ ᠢ ᠪᠠᠨ ᠲᠡᠭᠦᠯᠳᠡᠷᠵᠢᠭᠦᠯᠵᠦ᠂ ᠪᠣᠳᠣᠵᠣ ᠵᠢᠱᠢᠭᠰᠡᠨ ᠠᠴᠠ ᠬᠤᠯᠠ ᠢᠯᠡᠭᠦᠦ ᠬᠦᠴᠢᠷ ᠪᠡᠷᠬᠡ ᠶᠢ ᠳᠠᠪᠠᠨ ᠠᠮᠵᠢᠯᠲᠠ ᠳᠤ ᠬᠦᠷᠦᠭᠰᠡᠨ ᠪᠠᠶᠢᠨ᠎ᠠ᠃ ᠡᠨᠡ ᠪᠣᠯ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶ᠎ᠠ  ᠠᠴᠠ ᠪᠥᠬᠦ ᠲᠠᠯ᠎ᠠ ᠶᠢ ᠶᠡᠷᠦᠩᠬᠡᠶᠢᠯᠡᠨ  ᠳᠠᠶᠢᠴᠢᠯᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠬᠢᠨ ᠤ ᠬᠦᠴᠦᠲᠡᠢ ᠳᠡᠮᠵᠢᠯᠭᠡ᠂ ᠪᠦᠲᠦᠮᠵᠢᠲᠡᠶ ᠬᠢᠨᠠᠯᠲᠠ ᠲᠠᠯᠪᠢᠭᠰᠠᠨ ᠤ ᠦᠷ᠎ᠡ ᠳ᠋ᠦᠩ ᠮᠥᠨ᠃ ᠪᠥᠬᠦ ᠬᠤᠰᠢᠭᠤ ᠪᠠᠷ ᠢᠶᠠᠨ ᠥᠷᠯᠥᠭᠡ ᠦᠳᠡᠰᠢ ᠶᠢ ᠲᠡᠮᠡᠴᠡᠨ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠭᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠂ ᠨᠠᠮ ᠪᠦᠯᠦᠭ ᠤᠨ ᠪᠤᠰᠤ ᠬᠥᠮᠥᠰ᠂ ᠠᠷᠠᠳ ᠤᠨ ᠪᠦᠯᠬᠦᠮ ᠳᠤ᠂ ᠡᠸᠡᠩᠬᠢ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠦᠭᠦᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕       ᠲᠥᠯᠥᠭᠡᠯᠡᠭᠴᠢᠳ ᠠ᠋︕ ᠠᠮᠵᠢᠯᠲᠠ ᠪᠠᠨ ᠮᠡᠳᠡᠷᠡᠬᠦ ᠶᠢᠨ ᠵᠡᠷᠭᠡᠪᠡᠷ᠂ ᠮᠠᠨ ᠤ ᠬᠤᠰᠢᠭᠤᠨ ᠤ ᠠᠵᠤ ᠦᠢᠯᠡᠰ ᠤᠨ ᠪᠦᠲᠦᠴᠡ ᠵᠦᠢ ᠵᠣᠬᠢᠰ ᠢᠶᠠᠷ ᠪᠠᠷᠣᠭᠲᠠᠢ᠂ ᠶᠡᠷᠦᠩᠬᠡᠢ ᠬᠦᠴᠦᠨ ᠪᠠᠭᠤᠷᠠᠢ᠂ ᠡᠳ᠋ ᠤᠨ ᠵᠠᠰᠠᠭ ᠤᠨ ᠥᠪᠡᠷ ᠢ ᠪᠠᠨ ᠬᠠᠩᠭᠠᠬᠤ ᠨᠣᠷᠮ᠎ᠠ ᠳᠣᠣᠷ᠎ᠠ ᠵᠡᠷᠭᠡ ᠠᠰᠠᠭᠤᠳᠠᠯ ᠮᠥᠨ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠃ ᠬᠠᠮᠤᠭ ᠤᠨ ᠭᠤᠣᠯ ᠵᠥᠷᠢᠴᠡᠯ ᠪᠣᠯ ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠬᠠᠩᠭᠠᠯᠲᠠ ᠲᠠᠢ ᠪᠢᠰᠢ ᠪᠠᠶᠢᠬᠤ ᠶᠠᠪᠤᠳᠠᠯ ᠪᠣᠯᠣᠨ᠎ᠠ᠂ ᠡᠨᠡ ᠨᠢ ᠬᠤᠲᠠ ᠪᠠᠯᠭᠠᠰᠤ ᠮᠠᠯᠵᠢᠬᠤ ᠣᠷᠣᠨ ᠤ ᠬᠥᠭᠵᠢᠯᠲᠡ ᠲᠡᠩᠴᠡᠭᠦᠷᠢ ᠦᠭᠡᠢ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠤᠳᠠᠭᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠡᠭᠦᠷᠭᠡ ᠬᠠᠲᠠᠭᠤ ᠪᠡᠷᠬᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠬᠦᠨᠳᠦ ᠵᠠᠮ ᠬᠤᠯᠠ ᠵᠡᠷᠭᠡ ᠪᠠᠶᠢᠳᠠᠯ ᠳᠡᠭᠡᠷ᠎ᠡ ᠲᠣᠪᠣᠶᠢᠮ᠎ᠠ ᠢᠯᠡᠷᠡᠵᠦ ᠪᠠᠶᠢᠨ᠎ᠠ᠃ ᠬᠠᠮᠤᠭ ᠤᠨ ᠲᠣᠪᠣᠶᠢᠮ᠎ᠠ ᠳᠤᠲᠠᠭᠤᠳᠠᠯ  ᠪᠣᠯᠬᠤ ᠠᠮᠢ ᠠᠬᠤᠢ ᠶᠢᠨ ᠬᠠᠮᠠᠭᠠᠯᠠᠯᠲᠠ ᠪᠣᠯᠣᠨ ᠣᠷᠴᠢᠨ ᠲᠣᠭᠤᠷᠢᠨ ᠤ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠬᠦ ᠴᠢᠬᠤᠯᠠᠲᠠᠢ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠦᠪᠰᠢᠨ ᠢ ᠪᠠᠰᠠ ᠦᠷᠭᠦᠯᠵᠢᠯᠡᠨ ᠳᠡᠭᠡᠭᠰᠢᠯᠡᠭᠦᠯᠬᠦ ᠴᠢᠬᠤᠯᠠᠲᠠᠢ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠤᠨ ᠲᠡᠮᠡᠴᠡᠬᠦ ᠬᠠᠷᠠᠯᠲᠠ ᠶᠢ ᠳᠠᠰᠤᠷᠠᠯᠳᠠ ᠦᠭᠡᠢ ᠬᠠᠩᠭᠠᠬᠤ ᠳᠤ ᠪᠠᠰᠠ ᠬᠤᠪᠢ ᠳᠠᠬᠢᠨ ᠴᠢᠷᠮᠠᠶᠢᠬᠤ ᠴᠢᠬᠤᠯᠠᠲᠠᠢ ᠃ ᠬᠠᠮᠤᠭ ᠤᠨ ᠦᠨᠳᠦᠰᠦᠨ ᠬᠢᠵᠠᠭᠠᠷᠯᠠᠯ ᠪᠣᠯ ᠰᠢᠨ᠎ᠡ ᠶᠢ ᠡᠭᠦᠳᠬᠦ ᠴᠢᠳᠠᠪᠤᠷᠢ ᠠᠨᠠᠢ᠂ ᠴᠢᠳᠠᠪᠤᠷᠢᠲᠠᠨ ᠤ ᠲᠤᠯᠭᠠᠭᠤᠷᠢᠯᠠᠯ ᠬᠦᠷᠦᠯᠴᠡᠬᠦ ᠦᠭᠡᠢ᠂ ᠡᠯ᠎ᠡ ᠬᠦᠴᠦᠨ ᠵᠦᠢᠯ ᠤᠨ ᠬᠤᠭᠤᠷᠤᠨᠳᠣ ᠪᠠᠨ ᠡᠷᠭᠢᠯᠲᠡ ᠮᠠᠭᠤᠲᠠᠢ᠃ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠭᠦᠷᠭᠡ ᠮᠥᠨ ᠯᠡ ᠨᠦᠰᠡᠷ ᠬᠦᠨᠳᠦ ᠪᠠᠶᠢᠨ᠎ᠠ᠃ ᠡᠭᠦᠨ ᠤ ᠵᠡᠷᠭᠡᠪᠡᠷ᠂ ᠵᠠᠷᠢᠮ ᠺᠠᠳ᠋ᠷᠴᠤᠳ ᠤᠨ ᠦᠵᠡᠯ ᠲᠠᠨᠢᠯᠲᠠ᠂ ᠴᠢᠳᠠᠪᠤᠷᠢ ᠪᠣᠯᠪᠠᠰᠣᠷᠠᠯ ᠨᠢ ᠪᠠᠰᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠪᠦᠷᠢᠮᠦᠰᠦᠨ ᠵᠣᠬᠢᠴᠠᠬᠤ ᠦᠭᠡᠢ ᠪᠠᠶᠢᠨ᠎ᠠ᠃ ᠳᠡᠭᠡᠷᠡᠬᠢ ᠠᠰᠠᠭᠤᠳᠠᠯ ᠤᠳ ᠢ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ᠥᠨᠡᠨᠬᠦ ᠬᠢᠨᠠᠮᠠᠭᠠᠢ ᠰᠢᠢᠳᠪᠦᠷᠢᠯᠡᠬᠦ ᠴᠢᠬᠤᠯᠠ ᠲᠠᠢ ᠪᠠᠶᠢᠨ᠎ᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ