ᠬᠤᠶᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠦᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ | ᠵᠢᠯ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠲᠡᠶᠢᠰᠢ ᠤᠷᠤᠭᠰᠢᠯᠠᠬᠤ ᠴᠢᠬᠤᠯᠠ ᠨᠢᠭᠡ ᠵᠢᠯ ᠮᠥᠨ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠂ ᠬᠥᠯᠥᠨ ᠪᠤᠶᠢᠷ ᠬᠤᠲᠠ ᠶᠢᠨ | ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠢᠶᠠᠷ ᠠᠬᠢᠭᠤᠯᠬᠤ ᠠᠵᠢᠯ ᠤᠨ ᠶᠡᠷᠦᠩᠬᠡᠢ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠢ ᠰᠠᠶᠢᠲᠤᠷ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ | ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠯᠥᠨ ᠪᠤᠶᠢᠷ ᠤᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ | ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠡᠸᠡᠩᠬᠢ ᠬᠤᠰᠢᠭᠤᠨ ᠤ ︽ᠵᠢᠷᠭᠤᠭᠠᠨ ᠵᠢᠱᠢᠶ᠎ᠡ ᠦᠵᠡᠭᠦᠯᠬᠦ ᠣᠷᠣᠨ︾ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ | ᠲᠣᠭᠲᠠᠭᠤᠨ ᠢᠶᠠᠷ ᠠᠬᠢᠭᠤᠯᠤᠭᠰᠠᠨ ᠰᠠᠭᠤᠷᠢᠨ ᠳᠡᠭᠡᠷ᠎ᠡ ᠲᠣᠭᠲᠠᠭᠤᠨ ᠢᠶᠠᠷ ᠲᠦᠷᠬᠡᠳᠭᠡᠨ᠂ ᠲᠣᠭᠲᠠᠭᠤᠨ ᠢᠶᠠᠷ ᠰᠢᠯᠢᠳᠡᠭᠴᠢᠯᠡᠭᠦᠯᠦᠨ᠂ ᠠᠵᠤ ᠠᠬᠤᠢ ᠶᠢᠨ ᠶᠠᠰᠤ | ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠵᠤ ᠂ ᠡᠸᠡᠩᠭᠢ ᠶᠢᠨ ᠰᠠᠶᠢᠨ ᠰᠠᠶᠢᠬᠠᠨ ᠠᠮᠢᠳᠣᠷᠠᠯ ᠢ ᠴᠢᠷᠮᠠᠶᠢᠨ ᠵᠢᠷᠤᠭᠯᠠᠨ᠎ᠠ᠃ | ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠠᠴᠠ ᠳᠡᠭᠡᠭᠰᠢ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠯᠡᠯᠭᠡ ᠶᠢᠨ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 5% ᠠᠴᠠ ᠳᠡᠭᠡᠭᠰᠢ | ᠨᠡᠮᠡᠭᠳᠡᠭᠦᠯᠦᠨ᠎ᠡ︔ ᠬᠤᠳᠠ ᠬᠥᠳᠡᠭᠡ ᠰᠠᠭᠤᠭᠠᠯᠢ ᠠᠷᠠᠳ ᠤᠨ ᠣᠷᠣᠯᠭ᠎ᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠷᠢᠯᠴᠠᠨ ᠵᠤᠬᠢᠴᠠᠭᠤᠯᠤᠨ᠎ᠠ᠂ | ᠪᠣᠬᠢᠷᠳᠤᠯ ᠦᠭᠡᠢ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠡᠨᠧᠷᠭᠢ ᠶᠢᠨ ᠬᠤᠷᠣᠭᠳᠠᠯ ᠤᠨ ᠳᠠᠭᠠᠭᠠᠴᠠ ᠪᠠ ᠪᠣᠬᠢᠷᠳᠤᠯ ᠪᠣᠳᠠᠰ | ᠭᠠᠳᠠᠭᠰᠢᠯᠠᠭᠤᠯᠤᠯᠲᠠ ᠶᠢᠨ ᠭᠦᠢᠴᠡᠳᠬᠡᠯ ᠲᠤᠭ᠎ᠠ ᠶᠢ ᠳᠡᠭᠡᠳᠦ ᠱᠠᠲᠤᠨ ᠠᠴᠠ ᠳᠠᠭᠠᠯᠭᠠᠭᠰᠠᠨ ᠪᠠᠷᠢᠮᠵᠢᠶ᠎ᠠ ᠳᠤ ᠬᠦᠷᠭᠡᠪᠡ ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠨᠡ ᠵᠢᠯ ᠳᠣᠣᠷᠠᠬᠢ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ | ᠠᠳᠬᠤᠬᠤ ᠬᠡᠷᠡᠭᠲᠡᠢ᠄ | ︵ᠨᠢᠭᠡ︶ ︽ᠡᠭᠦᠳᠡ ᠪᠠᠨ ᠯᠠᠪᠳᠠᠭᠤᠨ ᠨᠡᠭᠡᠭᠡᠵᠦ᠂ ᠣᠷᠣᠭᠰᠢᠲᠠᠢ ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂ ᠲᠣᠭᠲᠠᠭᠤᠨ ᠢᠶᠠᠷ ᠠᠬᠢᠭᠤᠯᠬᠤ᠂ | ᠲᠣᠭᠲᠠᠭᠤᠨ ᠢᠶᠠᠷ ᠰᠠᠶᠢᠨ ᠤ ᠲᠡᠰᠢ ᠶᠢᠨ ᠬᠦᠭᠵᠢᠬᠦ ᠬᠠᠨᠳᠤᠰᠢ ᠶᠢ ᠪᠠᠲᠤᠯᠠᠨ᠎ᠠ᠃ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠪᠠ ᠬᠡᠷᠡᠭᠯᠡᠯᠭᠡ ᠶᠢᠨ | ᠦᠨᠳᠦᠰᠦᠨ ᠴᠢᠨᠠᠷᠲᠣ ᠦᠢᠯᠡᠳᠦᠯ ᠢ ᠭᠦᠢᠴᠡᠳ ᠪᠠᠳᠠᠷᠠᠭᠤᠯᠤᠨ᠂ 6% ᠣᠷᠴᠢᠮ ᠤᠨ ᠨᠡᠮᠡᠭᠳᠡᠯ ᠤᠨ ᠬᠠᠷᠠᠯᠲᠠ ᠶᠢ ᠴᠢᠩᠭ᠎ᠠ ᠠᠳᠬᠤᠵᠤ᠂ ᠠᠵᠤ ᠠᠬᠤᠢ ᠶᠢᠨ | ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠷᠠᠭᠤᠯᠤᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠡᠷᠴᠢᠮᠵᠢᠭᠦᠯᠦᠨ᠂ ᠠᠵᠤ ᠠᠬᠤᠢ ᠶᠢ ᠥᠨᠳᠥᠷ | ᠬᠤᠷᠳᠤᠴᠠ ᠪᠠᠷ ᠨᠡᠭᠡᠭᠡᠨ ᠬᠥᠭᠵᠢᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ | ᠠᠷᠭ᠎ᠠ ᠪᠦᠬᠦᠨ ᠢ ᠰᠦᠪᠡᠭᠴᠢᠯᠡᠨ ᠪᠡᠯᠡ ᠣᠷᠣᠭᠤᠯᠤᠯᠲᠠ ᠶᠢ ᠥᠷᠭᠡᠳᠬᠡᠨ᠎ᠡ᠃ ︽ᠲᠥᠷᠥᠯ ᠵᠦᠢᠯ ᠢᠶᠠᠷ ᠭᠤᠣᠯ ᠪᠣᠯᠭᠠᠬᠤ︾ ᠤᠳᠤᠷᠢᠳᠤᠮᠵᠢ ᠶᠢ ᠪᠠᠲᠤ | ᠪᠠᠬᠢ ᠪᠣᠶ ᠪᠣᠯᠭᠠᠵᠤ᠂ ᠡᠪᠦᠯ ᠤᠨ ᠤᠯᠠᠷᠢᠯ ᠤᠨ ᠰᠢᠪᠲᠣᠯᠠᠯᠲᠠ᠂ ᠬᠠᠪᠤᠷ ᠤᠨ ᠤᠯᠠᠷᠢᠯ ᠤᠨ ᠠᠵᠢᠯ ᠡᠬᠢᠯᠡᠯ᠂ ᠵᠣᠨ ᠤ ᠤᠯᠠᠷᠢᠯ ᠤᠨ ᠳᠠᠭᠠᠷᠢᠯᠲᠠ᠂ ᠨᠠᠮᠤᠷ ᠤᠨ | ᠤᠯᠠᠷᠢᠯ ᠤᠨ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠲᠥᠪᠯᠡᠷᠡᠩᠭᠦᠢ ᠠᠵᠢᠯᠯᠠᠭᠠᠨ ᠢ ᠦᠷᠭᠦᠯᠵᠢᠯᠡᠨ ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠲᠥᠷᠥᠯ | ᠵᠦᠢᠯ ᠢ ᠰᠦᠪᠡᠭᠴᠢᠯᠡᠵᠦ᠂ ᠪᠡᠯᠡ ᠣᠷᠣᠭᠤᠯᠤᠯᠲᠠ ᠶᠢ ᠥᠷᠭᠡᠳᠬᠡᠨ᠂ ᠲᠤᠭᠲᠠᠭᠤᠨ ᠢᠶᠠᠷ ᠨᠡᠮᠡᠭᠳᠡᠭᠦᠯᠵᠦ᠂ ᠬᠤᠲᠠ ᠬᠤᠰᠢᠭᠤ ᠬᠤᠶᠠᠷ ᠱᠠᠲᠤᠨ ᠤ | ᠭᠤᠣᠯᠳᠠᠯᠭ᠎ᠠ ᠲᠠᠢ 40 ᠵᠦᠢᠯ ᠤᠨ ᠲᠥᠷᠥᠯ ᠵᠦᠢᠯ ᠢ ᠡᠬᠢᠯᠡᠭᠦᠯᠵᠦ᠂ ᠠᠵᠢᠯ ᠰᠡᠷᠭᠦᠭᠡᠭᠰᠡᠨ ᠨᠣᠷᠮ᠎ᠠ ᠶᠢ 100% ᠳᠤ ᠬᠦᠷᠭᠡᠵᠦ᠂ ᠵᠢᠯ ᠤᠨ ᠳᠣᠲᠣᠷ᠎ᠠ 33.6 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠬᠤᠲᠠ ᠶᠢᠨ ᠲᠠᠰ ᠤᠨ23 ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠳᠬᠤᠵᠣ | ᠪᠡᠯᠡ ᠲᠣᠬᠢᠷᠠᠭᠤᠯᠬᠤ᠂ ᠭᠠᠵᠠᠷ ᠨᠤᠲᠤᠭ᠂ ᠠᠵᠢᠯᠴᠢᠨ ᠡᠯᠰᠡᠬᠦ ᠵᠡᠷᠭᠡ ᠬᠦᠴᠦᠨ ᠵᠦᠢᠯ ᠢ ᠪᠠᠲᠤᠯᠠᠨ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ | ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠰᠡᠷᠭᠦᠭᠡᠬᠦ ᠶᠢ ᠦᠨᠡᠨᠬᠦ ᠪᠠᠲᠤᠯᠠᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠲᠦᠷᠦᠭᠦᠴᠢ ᠵᠢᠨᠬᠤᠭᠤᠴᠠᠭᠠᠨ ᠤ ᠭᠠᠷᠳᠠᠮ ᠢ ᠬᠦᠢᠴᠡᠳᠭᠡᠵᠦ᠂ ᠠᠵᠢᠯ ᠡᠬᠢᠯᠡᠭᠦᠯᠬᠦ ᠨᠥᠬᠦᠴᠡᠯ ᠳᠤ ᠬᠦᠷᠦᠭᠦᠯᠦᠨ᠎ᠡ᠂ ᠲᠥᠷᠥᠯ ᠵᠦᠢᠯ ᠤᠨ | ᠪᠠᠶᠢᠭᠤᠯᠤᠯᠲᠠ ᠪᠠᠷ ᠪᠥᠬᠦ ᠬᠤᠲᠠ ᠶᠢᠨ ᠲᠦᠷᠦᠭᠦᠨ ᠤ ᠪᠠᠶᠢᠷᠢᠨ ᠳᠤ ᠣᠷᠣᠬᠤ ᠶᠢ ᠪᠠᠲᠤᠯᠠᠨ᠎ᠠ᠃ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢᠨ | ᠲᠣᠭᠤᠷᠢᠨ ᠳᠤ ︽ᠬᠤᠶᠠᠷ ᠰᠢᠨ᠎ᠡ ᠨᠢᠭᠡ ᠴᠢᠬᠤᠯᠠ︾ ᠪᠠ ᠳᠣᠭᠤᠯᠳᠠᠯ ᠤᠨ ᠬᠦᠷᠢᠶᠡᠨ ᠳᠤ ᠭᠤᠤᠯᠯᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠵᠦᠢᠯᠴᠢᠯᠡᠭᠰᠡᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠢ ᠪᠠᠷ ᠲᠡᠮᠡᠴᠡᠨ ᠣᠯᠵᠤ᠂ ᠲᠦᠷᠦᠯ ᠵᠦᠢᠯ ᠢ ᠨᠥᠭᠡᠴᠡᠯᠡᠬᠦ ᠪᠠ ᠦᠭᠡᠷᠡᠴᠢᠯᠡᠨ ᠰᠢᠭᠰᠢᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠦᠴᠦᠯᠡᠨ ᠥᠷᠭᠡᠳᠬᠡᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠨᠢᠭᠡᠳᠦᠭᠡᠷ ᠢᠨᠵᠧᠨᠧᠷᠢᠩ︾ | ᠢ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠨᠠᠷ ᠪᠠ ᠲᠤᠭ᠎ᠠ ᠶᠢ ᠠᠳᠠᠯᠢᠬᠠᠨ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠮᠡᠷᠭᠡᠵᠢᠯ ᠤᠨ ᠪᠠᠭ ᠢ | ᠰᠠᠶᠢᠲᠤᠷ ᠲᠣᠬᠢᠷᠠᠭᠤᠯᠵᠤ᠂ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠨᠠᠷᠢᠨ ᠳᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ | ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠲᠤᠰᠬᠠᠢ ᠲᠠᠪᠴᠠᠩ ᠢᠶᠠᠷ ᠠᠷᠠᠯᠵᠢᠶᠠᠴᠢᠨ ᠤᠷᠢᠬᠤ᠂ ᠠᠵᠤ ᠠᠬᠤᠢ ᠶᠢᠨ ᠤᠷᠴᠢᠨ ᠨᠦᠭᠦᠴᠡᠯ ᠢᠶᠠᠷ | ᠠᠷᠠᠯᠵᠢᠶᠠᠴᠢᠨ ᠤᠷᠢᠬᠤ ᠶᠢ ᠬᠡᠪ ᠤᠨ ᠪᠠᠶᠢᠳᠠᠯ ᠢᠶᠠᠷ ᠥᠷᠨᠢᠭᠦᠯᠵᠦ᠂ ᠰᠠᠨᠠᠭ᠎ᠠ ᠰᠡᠲᠦᠯᠭᠡ ᠲᠠᠢ ᠠᠵᠤ ᠠᠬᠤᠶᠢᠯᠠᠯ ᠢ ᠳᠠᠭᠠᠵᠤ ᠥᠢᠯᠡᠴᠢᠯᠡᠬᠦ᠂ ᠭᠡᠷᠡᠯᠡᠭᠰᠡᠨ ᠲᠦᠷᠦᠯ | ᠵᠦᠢᠯ ᠢ ᠨᠡᠬᠡᠨ ᠰᠢᠪᠠᠳᠠᠬᠤ᠂ ᠲᠦᠷᠦ ᠶᠢᠨ ᠪᠣᠳᠣᠯᠭ᠎ᠠ ᠶᠢᠨ ᠠᠮᠠᠯᠠᠯᠲᠠ ᠪᠠᠨ ᠮᠥᠷᠳᠡᠨ ᠪᠡᠶᠡᠯᠡᠭᠦᠯᠬᠦ ᠠᠵᠢᠯ ᠢ ᠰᠠᠶᠢᠲᠤᠷ ᠬᠢᠵᠦ᠂ ᠦ᠋ ᠴᠢᠤᠸᠠᠨ ᠱᠠᠨ᠂ | ᠬᠤᠩᠭᠤᠯᠵᠢ ᠮᠡᠲᠦ ᠶᠢᠨ ᠣᠨᠴᠠᠯᠢᠭᠲᠤ ᠵᠢᠵᠢᠭ ᠪᠠᠯᠭᠠᠰᠤᠨ ᠤ ᠲᠦᠷᠦᠯ ᠵᠦᠢᠯ ᠢᠶᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢ | ᠭᠤᠣᠯᠳᠠᠯᠭ᠎ᠠ ᠲᠠᠢ ᠠᠬᠢᠭᠤᠯᠵᠤ᠂ ᠠᠷᠠᠯᠵᠢᠶᠠᠴᠢᠨ ᠤᠷᠢᠬᠤ ᠤᠨᠣᠴᠠ ᠪᠣᠯᠣᠨ ᠠᠮᠵᠢᠯᠲᠠ ᠶᠢᠨ ᠨᠤᠷᠮ᠎ᠠ ᠶᠢ ᠦᠨᠡᠨᠬᠦ ᠳᠡᠭᠡᠭᠰᠢᠯᠡᠭᠦᠯᠦᠨ᠎ᠡ᠃ ︽ᠨᠢᠰᠦᠮᠡᠯ ᠠᠵᠤ ᠠᠬᠤᠢ | ︾ ᠶᠢᠨ ᠵᠠᠭᠪᠤᠷ ᠤᠨ ᠠᠴᠢᠶᠠᠯᠠᠪᠤᠷᠢ ᠶᠢᠨ ᠡᠯᠧᠮᠧᠨ᠋ᠲ ᠢ ᠰᠦᠪᠡᠭᠴᠢᠯᠡᠨ ᠬᠦᠭᠵᠢᠭᠦᠯᠵᠦ᠂ ︽ᠨᠢᠰᠦᠮᠡᠯ ᠠᠵᠤ ᠠᠬᠤᠢ︾ ᠳᠤ ᠠᠰᠠᠭᠤᠳᠠᠯ ᠢ ᠰᠢᠢᠳᠪᠦᠷᠢᠯᠡᠬᠦ ᠪᠠᠷ | ᠴᠢᠷᠮᠠᠶᠢᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠤᠭᠤᠳᠣᠯᠭ᠎ᠠ ᠪᠠ ᠲᠤᠯᠭᠠᠭᠤᠷᠢᠯᠠᠨ ᠠᠬᠢᠭᠤᠯᠬᠤ ᠦᠢᠯᠡᠳᠦᠯ ᠢ ᠪᠦᠲᠦᠮᠵᠢᠲᠡᠶ | ᠪᠠᠳᠠᠷᠠᠭᠤᠯᠵᠤ᠂ ᠨᠡᠶᠢᠭᠡᠮ ᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠲᠠᠰᠤᠷᠠᠯᠲᠠ ᠦᠭᠡᠢ ᠥᠷᠭᠡᠳᠬᠡᠨ᠎ᠡ᠃ | ᠬᠡᠷᠡᠭᠯᠡᠯᠭᠡ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠤᠨ᠎ᠠ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠰᠥᠨᠢ ᠶᠢᠨ ᠬᠡᠷᠡᠭᠯᠡᠯᠭᠡ᠂ | ᠠᠮᠠᠷᠠᠯᠲᠠ ᠶᠢᠨ ᠡᠳᠦᠷ ᠤᠨ ᠬᠡᠷᠡᠭᠯᠡᠯᠭᠡ᠂ ᠵᠠᠬᠢᠶᠠᠯᠠᠭ᠎ᠠ ᠶᠢᠨ ᠬᠡᠷᠡᠭᠯᠡᠯᠭᠡ᠂ ᠪᠡᠶᠡᠴᠢᠯᠡᠨ ᠣᠶᠢᠯᠠᠭᠠᠬᠤ ᠬᠡᠷᠡᠭᠯᠡᠯᠭᠡ ᠵᠡᠷᠭᠡ ᠰᠢᠨ᠎ᠡ ᠰᠢᠨ᠎ᠡ ᠬᠡᠷᠡᠭᠯᠡᠯᠭᠡ ᠶᠢᠨ ᠴᠡᠭ ᠢ ᠪᠤᠢ | ᠪᠣᠯᠭᠠᠵᠤ᠂ ᠲᠣᠮᠣ ᠳᠡᠯᠭᠡᠭᠦᠷ᠂ ᠬᠡᠳᠦ ᠳᠡᠯᠭᠡᠭᠦᠷ᠂ ᠬᠤᠳᠠᠯᠳᠣᠭᠠᠨ ᠤ ᠫᠦᠰᠡ᠂ ᠡᠷᠲᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ ᠵᠡᠷᠭᠡ ᠶᠢ ᠪᠦᠬᠦ | ᠲᠠᠯ᠎ᠠ ᠪᠠᠷ ᠬᠥᠭᠵᠢᠶᠡᠨ ᠲᠠᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠸᠠᠨ ᠳ᠋ᠠ ᠲᠠᠯᠠᠪᠠᠢ ᠶᠢᠨ ᠪᠠᠶᠢᠭᠤᠯᠤᠯᠲᠠ ᠶᠢ ᠠᠬᠢᠭᠤᠯᠵᠤ᠂ ᠲᠥᠪ ᠬᠤᠳᠠ ᠲᠣᠭᠤᠷᠢᠭ ᠤᠨ | ᠦᠢᠯᠡᠴᠢᠯᠡᠭᠡᠨ ᠤ ᠦᠢᠯᠡᠰ ᠤᠨ ᠰᠢᠨ᠎ᠡ ᠪᠠᠷᠢᠯᠭ᠎ᠠ ᠶᠢᠨ ᠪᠠᠷᠢᠮᠵᠢᠶ᠎ᠠ ᠶᠢ ᠪᠤᠢ ᠪᠣᠯᠭᠠᠵᠤ᠂ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ ᠮᠠᠰᠢᠨ | ᠲᠡᠷᠭᠡᠨ ᠤ ᠬᠡᠷᠡᠭᠯᠡᠯᠭᠡ ᠶᠢᠨ ᠡᠷᠡᠭᠦᠯ ᠢᠶᠠᠷ ᠨᠡᠮᠡᠭᠳᠡᠬᠦ ᠶᠢ ᠠᠬᠢᠭᠤᠯᠵᠤ᠂ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠪᠠᠷ ᠬᠤᠨᠤᠭ ᠪᠠᠭᠤᠳᠠᠯ᠂ ᠢᠳᠡᠭᠡᠨ ᠤᠮᠳᠠᠭᠠᠨ | ᠵᠡᠷᠭᠡ ᠦᠢᠯᠡᠴᠢᠯᠡᠭᠡᠨ ᠤ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠲᠠᠶᠢᠴᠢᠯᠠᠵᠤ᠂ ᠭᠡᠷ ᠪᠠᠶᠢᠰᠢᠩ ᠠᠰᠠᠷ ᠪᠠᠷᠢᠯᠭ᠎ᠠ ᠶᠢᠨ ᠵᠦᠢᠯᠡᠰ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠠᠷᠠᠳ ᠣᠯᠠᠨ ᠤ ᠰᠢᠨ᠎ᠡ ᠮᠠᠶ᠋ᠢᠭ ᠤᠨ ᠬᠡᠷᠡᠭᠯᠡᠯᠭᠡ ᠶᠢ ᠪᠣᠢ ᠪᠣᠯᠭᠠᠵᠣ᠂ ᠣᠷᠣᠨ ᠰᠠᠭᠤᠴᠠ ᠶᠢᠨ ᠰᠢᠨ᠎ᠡ | ᠱᠠᠭᠠᠷᠳᠠᠯᠭ᠎ᠠ ᠶᠢ ᠵᠤᠬᠢᠰᠲᠠᠢ ᠬᠠᠩᠭᠠᠨ᠎ᠠ᠃ ᠭᠠᠵᠠᠷ ᠣᠷᠣᠨ ᠤ ᠰᠦᠯᠵᠢᠶᠡᠨ ᠬᠤᠳᠠᠯᠳᠤᠭᠠᠨ ᠤ ᠲᠠᠪᠴᠠᠩ ᠤᠨ ᠡᠵᠡᠩᠨᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠬᠤᠲᠠ ᠬᠥᠳᠡᠭᠡ ᠶᠢᠨ ᠬᠡᠷᠡᠭᠯᠡᠯᠭᠡᠨ ᠤ ᠲᠣᠣᠷ ᠰᠦᠯᠵᠢᠶ᠎ᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠡᠷᠡᠭᠯᠡᠯᠭᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠰᠤᠮᠤ ᠰᠢᠶᠠᠩ ᠪᠠᠯᠭᠠᠰᠤ ᠳᠠᠰᠢ ᠥᠷᠭᠡᠳᠬᠡᠬᠦ ᠶᠢ ᠡᠮᠬᠢ ᠵᠢᠷᠤᠮ ᠲᠠᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ᠂ ᠬᠡᠷᠡᠭᠯᠡᠯᠭᠡ ᠶᠢᠨ ᠨᠦᠬᠡᠴᠡ | ᠪᠣᠯᠣᠮᠵᠢ᠂ ᠳᠣᠲᠣᠭᠠᠳᠤ ᠶᠢᠨ ᠬᠡᠷᠡᠭᠯᠡᠯᠭᠡᠨ ᠤ ᠬᠦᠴᠦᠨ ᠢ ᠬᠥᠭᠵᠢᠭᠡᠨ᠎ᠡ᠃ | ᠥᠷᠢ ᠥᠭᠴᠡᠭᠡ ᠶᠢᠨ ᠡᠷᠡᠰᠳᠡᠯ ᠢ ᠰᠡᠷᠭᠡᠶᠢᠯᠡᠨ ᠰᠢᠢᠳᠪᠦᠷᠢᠯᠡᠨ᠎ᠡ᠃ ᠥᠭᠴᠡᠭᠡ ᠶᠢ ᠲᠠᠶᠢᠯᠬᠤ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ | ᠢᠳᠡᠪᠬᠢᠲᠡᠢ ᠪᠠᠷ ᠥᠷᠭᠡᠳᠬᠡᠵᠦ᠂ ᠵᠠᠰᠠᠭ ᠤᠨ ᠣᠷᠳᠣᠨ ᠤ ᠨᠢᠭᠤᠭᠳᠠᠮᠠᠯ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠵᠤ᠂ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠣᠭᠲᠠᠭᠠᠬᠤ ᠠᠴᠠ ᠡᠮᠦᠨᠡᠬᠢ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠪᠠ ᠥᠭᠴᠡᠭᠡ ᠶᠢᠨ ᠡᠷᠡᠰᠳᠡᠯ ᠤᠨ | ᠪᠠᠶᠢᠳᠠᠯ ᠢ ᠦᠨᠡᠯᠡᠨ ᠵᠢᠱᠢᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠡᠩ ᠤᠨ | ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠡᠳ᠋ ᠤᠨ ᠵᠠᠰᠠᠭ ᠤᠨ ᠠᠵᠢᠯᠯᠠᠭᠠᠨ ᠤ ᠡᠷᠡᠰᠳᠡᠯ ᠢ ᠵᠤᠬᠢᠰᠲᠠᠢ ᠰᠢᠢᠳᠪᠦᠷᠢᠯᠡᠨ᠎ᠡ᠃ ᠳᠠᠷᠤᠭᠳᠠᠮᠠᠯ ᠪᠡᠯᠡ | ᠮᠥᠩᠭᠦ ᠶᠢ ᠬᠦᠳᠡᠯᠭᠡᠵᠦ ᠡᠷᠭᠢᠯᠲᠡ ᠳᠤ ᠣᠷᠣᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠳ᠋ ᠤᠨ ᠵᠠᠰᠠᠭ ᠤᠨ ᠡᠬᠢ ᠪᠠᠶᠠᠯᠢᠭ ᠢ ᠲᠣᠬᠢᠷᠠᠭᠤᠯᠬᠤ ᠦᠷ᠎ᠡ | ᠪᠦᠲᠦᠮᠵᠢ ᠪᠠ ᠤᠯᠠᠨ ᠨᠡᠶᠢᠲᠡ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ ᠪᠠᠭ᠎ᠠ ᠲᠣᠭᠠᠨ ᠤ ᠵᠢᠭᠡᠯᠡᠯᠭᠡ ᠶᠢᠨ | ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠺᠣᠮᠫᠠᠨᠢ ᠵᠡᠷᠭᠡ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ | ᠨᠡᠶᠢᠲᠡ ᠶᠢᠨ ᠰᠡᠷᠡᠮᠵᠢᠯᠡᠬᠦ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠬᠤᠶᠠᠷ︶ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠰᠡᠳᠦᠪ ᠢ ᠪᠠᠲᠤ ᠡᠵᠡᠮᠳᠡᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ | ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠭᠤᠷᠪᠠᠨ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ | ᠠᠬᠢᠭᠤᠯᠵᠤ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠬᠢᠨᠠᠮᠠᠭᠠᠢ ᠰᠠᠶᠢᠲᠤᠷ ᠥᠷᠨᠢᠭᠦᠯᠵᠦ᠂ ᠪᠣᠬᠢᠷᠳᠤᠯ ᠦᠭᠡᠢ ᠣᠨᠴᠠᠯᠢᠭᠲᠤ ᠳᠠᠪᠠᠭᠤᠯᠢᠭ ᠤᠳᠤ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠨᠡᠮᠡᠭᠳᠡᠭᠦᠯᠦᠨ ᠬᠦᠭᠵᠢᠭᠦᠯᠬᠦ ᠶᠢ ᠯᠠᠪᠳᠠᠭᠤᠨ ᠠᠬᠢᠭᠤᠯᠤᠨ᠎ᠠ᠃ ᠠᠮᠤ ᠪᠤᠳᠠᠭᠠᠨ ᠤ | ᠠᠮᠤᠷ ᠲᠦᠪᠰᠢᠨ ᠤ ᠰᠠᠭᠤᠷᠢ ᠶᠢ ᠬᠦᠴᠦᠯᠡᠨ ᠪᠠᠬᠢᠵᠢᠭᠦᠯᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠳᠡᠭᠡᠳᠦ ᠱᠠᠲᠤᠨ ᠠᠴᠠ ᠳᠠᠭᠠᠯᠭᠠᠭᠰᠠᠨ | ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠷᠠᠯᠲᠠᠲᠤ ᠡᠭᠦᠷᠭᠡ ᠶᠢ ᠡᠷᠡᠰ ᠪᠡᠶᠡᠯᠡᠭᠦᠯᠦᠨ᠎ᠡ᠃ ᠰᠦ ᠴᠠᠭ᠎ᠠ ᠶᠢᠨ ᠦᠢᠯᠡᠰ ᠢ | ᠡᠷᠴᠢᠮᠲᠡᠢ ᠬᠦᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠦ ᠴᠠᠭ᠎ᠠ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ | ᠲᠦᠷᠦᠯ ᠵᠦᠢᠯ ᠢ ᠪᠥᠬᠦ ᠰᠢᠶᠠᠨ ᠤ ᠬᠡᠪᠴᠢᠶᠡᠨ ᠳᠤ ᠬᠡᠷᠡᠭᠵᠢᠭᠦᠯᠬᠦ ᠶᠢ ᠠᠬᠢᠭᠤᠯᠤᠨ᠎ᠠ᠂ ᠬᠡᠪᠴᠢᠶᠡᠵᠢᠭᠰᠡᠨ ᠠᠮᠢ ᠠᠬᠤᠢ ᠶᠢᠨ ᠬᠡᠯᠪᠡᠷᠢᠲᠦ ᠭᠡᠷ ᠪᠦᠯᠢ ᠶᠢᠨ | ᠬᠤᠷᠰᠢᠭᠰᠠᠨ ᠮᠠᠯᠵᠢᠯ ᠤᠨ ᠲᠠᠯᠠᠪᠠᠶ ᠶᠢ ᠰᠦᠪᠡᠭᠴᠢᠯᠡᠨ ᠪᠠᠶᠢᠭᠤᠯᠤᠨ᠎ᠠ᠃ ᠮᠠᠯᠵᠢᠬᠤ ᠣᠷᠣᠨ ᠤ ᠴᠢᠨᠠᠷ ᠰᠠᠶᠢᠲᠠᠢ ᠮᠢᠬᠠᠨ ᠤ ᠪᠦᠲᠦᠭᠡᠭᠳᠡᠬᠦᠨ ᠤ ᠬᠠᠩᠭᠠᠯᠭ᠎ᠠ ᠶᠢᠨ | ᠴᠢᠳᠠᠪᠤᠷᠢ ᠶᠢ ᠴᠢᠩᠭᠠᠷᠠᠭᠤᠯᠵᠤ᠂ ᠪᠡᠯᠴᠢᠭᠡᠷᠯᠡᠭᠦᠯᠬᠦ ᠪᠠ ᠲᠡᠵᠢᠭᠡᠯ ᠨᠥᠬᠦᠪᠦᠷᠢᠯᠡᠬᠦ ᠶᠢ ᠬᠠᠷᠢᠯᠴᠠᠨ ᠤᠶᠠᠯᠳᠤᠭᠤᠯᠤᠭᠰᠠᠨ ᠲᠡᠵᠢᠭᠡᠨ ᠠᠷᠠᠴᠢᠯᠠᠬᠤ ᠮᠡᠷᠭᠡᠵᠢᠯ ᠢ | ᠳᠡᠯᠭᠡᠷᠡᠭᠦᠯᠦᠨ᠂ ᠠᠯᠠᠰᠢᠨ ᠦᠬᠡᠷ᠂ ᠠᠯᠠᠰᠢᠨ ᠬᠤᠨᠢ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠶᠢ ᠠᠬᠢᠭᠤᠯᠵᠤ᠂ ᠮᠠᠯ ᠲᠡᠵᠢᠭᠡᠪᠦᠷᠢ ᠶᠢ 108 ᠲᠦᠮᠡ | ᠣᠷᠴᠢᠮ ᠲᠡᠵᠢᠭᠡᠨ ᠦᠷᠡᠵᠢᠭᠦᠯᠵᠦ᠂ ᠮᠢᠬᠠᠨ ᠤ ᠵᠦᠢᠯ ᠢ ᠵᠢᠯ ᠳᠤ 3.2 ᠲᠦᠮᠡᠨ ᠲᠣᠨ ᠠᠴᠠ ᠳᠡᠭᠡᠭᠰᠢ ᠦᠢᠯᠡᠳᠪᠦᠷᠢᠯᠡᠬᠦ ᠶᠢ ᠦᠨᠡᠨᠬᠦ ᠪᠠᠲᠤᠯᠠᠨ᠎ᠠ᠃ ᠨᠠᠷᠠᠲᠤ | ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ︽ ᠲᠠᠯ᠎ᠠ ᠨᠤᠲᠤᠭ ᠤᠨ ᠣᠬᠤᠷ ᠰᠡᠭᠦᠯᠲᠦ ᠬᠤᠨᠢ︾ ᠭᠠᠵᠠᠷ ᠵᠦᠢ ᠶᠢᠨ ᠲᠠᠸᠠᠷ ᠤᠨ ᠲᠡᠮᠳᠡᠭ ᠤᠨ | ᠬᠡᠷᠡᠭᠯᠡᠯᠲᠡ ᠪᠠ ᠳᠡᠯᠭᠡᠷᠡᠭᠦᠯᠬᠦ ᠶᠢ ᠢᠳᠡᠪᠬᠢᠲᠡᠢ ᠠᠬᠢᠭᠤᠯᠵᠤ᠂ ᠰᠢᠨ ᠯᠢᠥᠢ ᠵᠸᠦ ᠦᠨᠳᠦᠰᠦᠲᠡᠨ ᠤ ᠢᠳᠡᠭᠡᠨ ᠤ ᠬᠢᠵᠠᠭᠠᠷᠲᠤ ᠺᠣᠮᠫᠠᠨᠢ ᠶᠢᠨ ᠲᠠᠯ᠎ᠠ ᠨᠤᠲᠤᠭ ᠤᠨ | ᠣᠬᠤᠷ ᠰᠡᠭᠦᠯᠲᠦ ᠬᠤᠨᠢᠨ ᠤ ᠠᠵᠤ ᠦᠢᠯᠡᠰ ᠤᠨ ᠬᠡᠯᠬᠢᠶᠡᠵᠢᠭᠰᠡᠨ ᠣᠶᠤᠨᠴᠢ ᠮᠠᠯ ᠠᠵᠤ ᠠᠬᠤᠢ ᠶᠢᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ | ᠲᠠᠯ᠎ᠠ ᠨᠤᠲᠤᠭ ᠤᠨ ᠣᠬᠤᠷ ᠰᠡᠭᠦᠯᠲᠦ ᠬᠤᠨᠢᠨ ᠤ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠭᠤᠷᠪᠠᠨ ᠭᠤᠣᠯ ᠤᠨ ᠦᠬᠡᠷ ᠢ ᠥᠷᠭᠡᠳᠬᠡᠨ ᠦᠷᠡᠵᠢᠭᠦᠯᠬᠦ | ᠲᠠᠯᠠᠪᠠᠶ ᠶᠢ ᠡᠭᠦᠳᠦᠨ ᠪᠠᠶᠢᠭᠤᠯᠵᠤ᠂ ᠰᠦ ᠮᠢᠬ᠎ᠠ ᠶᠢ ᠭᠤᠷᠪᠠᠨ ᠭᠤᠣᠯ ᠤᠨ ᠦᠬᠡᠷ ᠢ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠤᠨ ᠨᠢᠭᠡᠳᠦᠯ ᠪᠠ ᠵᠢᠱᠢᠶ᠎ᠡ | ᠦᠵᠡᠭᠦᠯᠬᠦ ᠲᠠᠢ ᠵᠡᠷᠭᠡᠪᠡᠷ ᠬᠡᠷᠡᠭᠵᠢᠭᠦᠯᠦᠨ᠂ ᠪᠥᠬᠦ ᠬᠤᠲᠠ ᠶᠢᠨ ᠭᠤᠷᠪᠠᠨ ᠭᠤᠣᠯ ᠤᠨ ᠦᠬᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠳᠤ ᠢᠳᠡᠪᠬᠢᠲᠡᠢ ᠪᠠᠷ | ᠠᠭᠤᠰᠤᠯᠴᠠᠭᠤᠯᠤᠨ᠎ᠠ᠃ ᠨᠢᠭᠡᠨᠲᠡ ᠬᠠᠭᠠᠯᠪᠤᠷᠢᠯᠠᠭᠰᠠᠨ ᠣᠶᠢᠲᠤ ᠭᠠᠵᠠᠷ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠡᠬᠢ ᠪᠠᠶᠠᠯᠢᠭ ᠤᠨ ᠳᠠᠪᠠᠭᠤᠯᠢᠭ ᠲᠤ | ᠲᠦᠰᠢᠭᠯᠡᠨ᠂ ᠡᠪᠡᠰᠦ ᠪᠡᠯᠴᠢᠭᠡᠷ ᠤᠨ ᠠᠵᠤ ᠦᠢᠯᠡᠰ ᠤᠨ ᠪᠥᠬᠦ ᠬᠡᠯᠬᠢᠶᠡᠵᠢᠯ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ 18.5 ᠲᠦᠮᠡᠨ ᠮᠦ ᠬᠤᠨᠢ | ᠡᠪᠡᠰᠦ᠂ 5 ᠲᠦᠮᠡᠨ ᠮᠦ ᠴᠠᠷᠭᠠᠰᠤ ᠳᠠᠷᠢᠬᠤ ᠡᠭᠦᠷᠭᠡ ᠶᠢ ᠪᠡᠶᠡᠯᠡᠭᠦᠯᠦᠨ᠎ᠡ᠃ ᠶᠡᠭᠡ ᠬᠡᠪᠴᠢᠶᠡᠨ ᠤ ᠡᠪᠡᠰᠦ ᠪᠣᠷᠳᠤᠭ᠎ᠠ ᠶᠢᠨ ᠲᠠᠷᠢᠮᠠᠯ᠂ ᠡᠳ᠋ᠰᠢᠭᠦᠯᠬᠦ ᠰᠢᠨᠵᠢᠯᠡᠭᠡ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠲᠣ ᠦᠶ᠎ᠡ ᠶᠢᠨ ᠡᠪᠡᠰᠦ | ᠪᠡᠯᠴᠢᠭᠡᠷ ᠤᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠰᠦᠪᠡᠭᠴᠢᠯᠡᠨ ᠪᠠᠶᠢᠭᠤᠯᠵᠤ᠂ ᠦᠢᠯᠡᠳᠪᠦᠷᠢᠯᠡᠬᠦ᠂ | ᠡᠳ᠋ᠰᠢᠭᠦᠯᠬᠦ᠂ ᠪᠣᠷᠣᠯᠠᠭᠤᠯᠬᠤ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠵᠡᠷᠭᠡ ᠶᠢ ᠠᠭᠤᠰᠤᠯᠴᠠᠭᠤᠯᠤᠨ ᠬᠥᠭᠵᠢᠭᠦᠯᠦᠭᠰᠡᠨ ᠨᠢᠭᠡ | ᠴᠣᠭᠴᠠᠵᠢᠭᠤᠯᠤᠭᠰᠠᠨ ᠡᠪᠡᠰᠦ ᠪᠣᠷᠳᠤᠭ᠎ᠠ ᠶᠢᠨ ᠠᠵᠤ ᠦᠢᠯᠡᠰ ᠤᠨ ᠲᠠᠪᠴᠠᠩ ᠢ ᠰᠦᠪᠡᠭᠴᠢᠯᠡᠨ ᠪᠠᠶᠢᠭᠤᠯᠤᠨ᠎ᠠ᠃ ᠣᠲᠣ ᠦᠶ᠎ᠡ ᠶᠢᠨ ᠠᠳᠤᠭᠤᠨ ᠤ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠭᠤᠷᠪᠠᠨ ᠭᠤᠣᠯ ᠤᠨ ᠠᠳᠤᠭᠤᠨ ᠤ ᠬᠡᠪᠴᠢᠶ᠎ᠡ ᠶᠢ ᠥᠷᠭᠡᠳᠬᠡᠨ᠂ ᠠᠳᠤᠭᠤᠨ ᠤ ᠠᠵᠤ ᠦᠢᠯᠡᠰ ᠤᠨ ᠡᠭᠦᠯᠳᠡᠷ ᠰᠣᠩᠭᠤᠬᠤ᠂ | ᠲᠡᠵᠢᠭᠡᠨ ᠦᠷᠡᠵᠢᠭᠦᠯᠬᠦ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠳ᠋ᠠ ᠶᠠᠨ ᠪᠠᠯᠭᠠᠰᠤ ᠶᠢᠨ ᠲᠥᠮᠥᠰᠥ ᠶᠢ ᠬᠥᠮᠥᠷᠭᠡᠯᠡᠨ ᠬᠠᠳᠠᠭᠠᠯᠠᠬᠤ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠬᠤ ᠪᠠᠷ ᠠᠷᠭ᠎ᠠ ᠰᠦᠪᠡᠭᠴᠢᠯᠡᠨ᠂ ᠲᠥᠮᠥᠰᠥ ᠳᠠᠷᠢᠬᠤ᠂ ᠴᠠᠷᠳᠠᠭᠤᠯ ᠤᠨ ᠦᠢᠯᠡᠳᠪᠦᠷᠢᠯᠡᠯ᠂ ᠪᠥᠭᠡᠮ ᠢᠶᠠᠷ | ᠪᠣᠷᠣᠯᠠᠭᠤᠯᠬᠤ ᠪᠥᠬᠦ ᠶᠠᠪᠣᠴᠠ ᠶᠢᠨ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠦᠨ᠎ᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠠᠵᠤ | ᠦᠢᠯᠡᠳᠪᠦᠷᠢ ᠶᠢᠨ ᠰᠢᠨ᠎ᠡ ᠶᠢ ᠡᠭᠦᠳᠦᠨ ᠰᠢᠯᠢᠳᠡᠭ ᠢ ᠪᠦᠲᠦᠭᠡᠬᠦ ᠶᠢ ᠠᠬᠢᠭᠤᠯᠵᠤ᠂ ᠢᠮᠢᠨ ᠵᠠᠳᠠᠭᠠᠢ ᠠᠭᠤᠷᠬᠠᠢ ᠶᠢᠨ ᠵᠢᠯ ᠳᠤ 3500 ᠲᠦᠮᠡᠨ ᠲᠣᠨ | ᠦᠢᠯᠡᠳᠪᠦᠷᠢᠯᠡᠬᠦ ᠦᠢᠯᠡᠳᠪᠦᠷᠢᠯᠡᠯ ᠤᠨ ᠰᠢᠰᠲ᠋ᠧᠮ᠂ ᠮᠢᠨᠳᠦ᠋ᠩ ᠨᠢᠭᠡᠳᠦᠭᠡᠷ ᠠᠭᠤᠷᠬᠠᠢ ᠶᠢᠨ ᠪᠢᠲᠡᠭᠦᠮᠵᠢᠯᠡᠭᠰᠡᠨ ᠮᠠᠶ᠋ᠢᠭ ᠤᠨ ᠨᠡᠭᠦᠷᠡᠰᠦ ᠬᠠᠳᠠᠭᠠᠯᠠᠬᠤ ᠲᠠᠯᠠᠪᠠᠶ ᠵᠡᠷᠭᠡ | ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠠᠵᠤ ᠠᠬᠤᠶᠢᠯᠠᠯ ᠳᠤ ᠠᠵᠤ ᠦᠢᠯᠡᠳᠪᠦᠷᠢ ᠶᠢᠨ ᠮᠡᠷᠭᠡᠵᠢᠯ ᠤᠨ | ᠥᠭᠡᠷᠡᠴᠢᠯᠡᠯᠲᠡ ᠬᠢᠬᠦ ᠶᠢ ᠠᠬᠢᠭᠤᠯᠵᠤ᠂ ᠡᠸᠡᠩᠬᠢ ᠴᠠᠬᠢᠯᠭᠠᠨ ᠤ ᠦᠢᠯᠡᠳᠪᠦᠷᠢ ᠶᠢᠨ ᠶᠡᠷᠦᠩᠬᠡᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠲᠡᠰ ᠳᠡᠪᠰᠢᠭᠦᠯᠬᠦ ᠥᠭᠡᠷᠡᠴᠢᠯᠡᠯᠲᠡ᠂ ᠶᠠᠨ ᠪᠦᠦ ᠡᠨᠧᠷᠭᠢ ᠶᠢᠨ ᠰᠤᠷᠪᠤᠯᠵᠢ ᠶᠢᠨ ᠭᠤᠷᠪᠠᠳᠤᠭᠠᠷ ᠨᠡᠭᠦᠷᠡᠰᠦᠨ ᠠᠭᠤᠷᠬᠠᠢ ᠶᠢᠨ | ᠰᠠᠯᠬᠢ ᠨᠡᠪᠲᠡᠷᠡᠭᠦᠯᠬᠦ ᠰᠢᠰᠲ᠋ᠧᠮ ᠢ ᠥᠭᠡᠷᠡᠴᠢᠯᠡᠨ ᠰᠠᠶᠢᠵᠢᠷᠠᠭᠤᠯᠬᠤ ᠲᠦᠷᠦᠯ ᠵᠦᠢᠯ ᠢ ᠬᠡᠷᠡᠭᠵᠢᠭᠦᠯᠦᠨ᠎ᠡ᠃ ᠰᠢᠨ᠎ᠡ ᠡᠨᠧᠷᠭᠢ ᠶᠢᠨ ᠵᠠᠬ᠎ᠠ ᠳᠡᠯᠭᠡᠭᠦᠷᠴᠢᠯᠡᠯᠲᠡ ᠶᠢ | ᠢᠳᠡᠪᠬᠢᠲᠡᠢ ᠪᠠᠷ ᠠᠬᠢᠭᠤᠯᠵᠤ᠂ ᠬᠤᠸᠠ ᠨᠧᠩ ᠢᠮᠢᠨ ᠴᠠᠬᠢᠯᠭᠠᠨ ᠤ ᠦᠢᠯᠡᠳᠪᠦᠷᠢ᠂ ᠵᠠᠳᠠᠭᠠᠢ ᠠᠭᠤᠷᠬᠠᠢ ᠳᠤ ᠬᠡᠷᠡᠭᠯᠡᠬᠦ ᠴᠠᠬᠢᠯᠭᠠᠨ ᠤ ᠰᠢᠨ᠎ᠡ ᠡᠨᠧᠷᠭᠢ ᠶᠢᠨ | ᠣᠷᠤᠯᠠᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠢᠮᠢᠨ ᠴᠠᠬᠢᠯᠭᠠᠨ ᠤ ᠦᠢᠯᠡᠳᠪᠦᠷᠢ ᠶᠢᠨ ᠲᠣᠭᠤᠷᠢᠭ ᠤᠨ ᠲᠠᠷᠬᠠᠯᠲᠠ ᠶᠢᠨ ᠮᠠᠶ᠋ᠢᠭ ᠤᠨ ᠬᠡᠷᠡᠯ | ᠴᠡᠨᠡᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠎ᠠ᠃ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠣᠶ | ᠰᠢᠭᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠵᠦᠩ ᠺᠧ ᠠᠮᠢᠳᠤ ᠪᠣᠳᠠᠰ ᠤᠨ ᠬᠤᠶᠠᠳᠤᠭᠠᠷ | ᠬᠤᠭᠤᠴᠠᠭ᠎ᠠ᠂ ᠱᠧᠩ ᠱᠢ ᠲᠠᠯ᠎ᠠ ᠨᠤᠲᠤᠭ ᠤᠨ ᠣᠳᠣᠬᠢᠴᠢᠯᠠᠭᠰᠠᠨ ᠦᠨᠳᠦᠰᠦᠲᠡᠨ ᠤ ᠴᠠᠭᠠᠨ ᠢᠳᠡᠭᠡᠨ ᠤ ᠡᠳ᠋ᠰᠢᠯᠡᠭᠦᠯᠲᠡ ᠵᠡᠷᠭᠡ ᠲᠥᠷᠥᠯ ᠵᠦᠢᠯ ᠤᠨ | ᠪᠠᠶᠢᠭᠤᠯᠤᠯᠲᠠ ᠶᠢ ᠠᠬᠢᠭᠤᠯᠵᠤ᠂ ᠢᠳᠡᠭᠡᠨ ᠡᠳ᠋ᠰᠢᠭᠦᠯᠬᠦ ᠠᠵᠤ ᠠᠬᠤᠶᠢᠯᠠᠯ ᠲᠠᠯ᠎ᠠ ᠨᠤᠲᠤᠭ ᠪᠣᠯᠣᠨ ᠣᠶ ᠶᠢᠨ ᠬᠤᠷᠮᠣᠢ ᠳᠠᠬᠢ ᠪᠦᠲᠦᠭᠡᠭᠳᠡᠬᠦᠨ ᠢ ᠠᠰᠢᠭᠯᠠᠨ᠂ | ᠤᠷᠢᠳᠴᠢᠯᠠᠨ ᠬᠢᠭᠰᠡᠨ ᠨᠣᠭᠤᠭ᠎ᠠ ᠵᠢᠴᠢ ᠡᠮᠲᠦ ᠬᠤᠭᠤᠯᠠ ᠲᠡᠵᠢᠭᠡᠯᠯᠢᠭ ᠪᠣᠬᠢᠷᠳᠤᠯ ᠦᠭᠡᠢ ᠢᠳᠡᠭᠡᠨ ᠢ ᠨᠡᠭᠡᠭᠡᠨ ᠬᠥᠭᠵᠢᠭᠦᠯᠵᠦ᠂ ᠪᠣᠬᠢᠷᠳᠤᠯ ᠦᠭᠡᠢ | ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠣᠨᠤᠭ ᠲᠥᠬᠦᠭᠡᠷᠦᠮᠵᠢ | ᠦᠶᠯᠡᠳᠬᠦ ᠦᠢᠯᠡᠰ ᠢ ᠪᠦᠯᠦᠭᠵᠢᠭᠦᠯᠦᠨ ᠬᠥᠭᠵᠢᠭᠦᠯᠵᠦ᠂ ᠪᠦᠦ ᠱᠢ ᠮᠠᠰᠢᠨ ᠮᠧᠬᠠᠨᠢᠭ ᠤᠨ ᠰᠤᠳᠤᠯᠤᠨ ᠠᠰᠢᠭᠯᠠᠬᠤ ᠬᠢᠵᠠᠭᠠᠷᠲᠤ ᠺᠣᠮᠫᠠᠨᠢ ᠶᠢᠨ ᠮᠧᠬᠠᠨᠢᠭ ᠤᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠶᠧ ᠲᠢᠶᠠᠨ ᠲᠢᠶᠧ ᠨᠢᠦ ᠮᠡᠲᠦ ᠶᠢᠨ ᠲᠥᠷᠥᠯ ᠵᠦᠢᠯ ᠢ ᠨᠡᠮᠡᠭᠳᠡᠭᠦᠯᠦᠨ ᠴᠢᠳᠠᠪᠤᠷᠢ ᠶᠢ ᠥᠷᠭᠡᠳᠬᠡᠬᠦ ᠶᠢ ᠳᠡᠮᠵᠢᠨ | ᠠᠬᠢᠭᠤᠯᠤᠨ᠎ᠠ᠃ ᠡᠸᠡᠩᠬᠢ ᠠᠵᠤ ᠦᠢᠯᠡᠰ ᠤᠨ ᠬᠦᠷᠢᠶᠡᠯᠡᠩ ᠢ ᠳᠡᠭᠡᠳᠦ ᠳᠠᠪᠬᠤᠷᠭᠠᠴᠢᠯᠠᠬᠤ᠂ ᠪᠣᠬᠢᠷᠳᠤᠯ ᠦᠭᠡᠢ ᠪᠣᠯᠭᠠᠬᠤ᠂ ᠣᠶᠤᠨᠴᠢᠯᠠᠬᠤ ᠳᠠᠰᠢ ᠪᠠᠨ | ᠠᠬᠢᠭᠤᠯᠵᠤ᠂ ᠠᠵᠤ ᠥᠢᠯᠡᠰ ᠤᠨ ᠬᠦᠷᠢᠶᠡᠯᠡᠩ ᠤᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠨᠡᠭᠡᠭᠡᠯᠲᠡ ᠶᠢᠨ ᠣᠷᠣᠨ ᠤ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ ᠶᠡᠭᠡ ᠪᠠᠷ ᠡᠬᠢᠯᠡᠭᠦᠯᠬᠦ ᠶᠢ ᠠᠬᠢᠭᠤᠯᠵᠤ᠂ ᠣᠶᠤᠨᠲᠤ ᠬᠦᠷᠢᠶᠡᠯᠡᠩ | ᠲᠣᠭᠤᠷᠢᠭ ᠤᠨ ᠵᠢᠯᠤᠭᠤᠳᠬᠤ ᠬᠤᠪᠢᠶᠠᠷᠢ ᠡᠵᠡᠮᠳᠡᠯ ᠤᠨ ᠲᠥᠪ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠲᠤᠭ᠎ᠠ ᠬᠡᠮᠵᠢᠶ᠎ᠡ ᠬᠢᠭᠡᠳ ᠦᠢᠯᠡᠳᠬᠦᠨ ᠤ ᠥᠷᠲᠡᠭ ᠤᠨ ᠬᠠᠷᠢᠴᠠᠯ ᠢ ᠵᠢᠯ ᠳᠠᠷᠠᠭᠠᠯᠠᠨ ᠳᠡᠭᠡᠭᠰᠢᠯᠡᠭᠦᠯᠬᠦ ᠶᠢ ᠴᠢᠷᠮᠠᠶᠢᠨ ᠪᠠᠲᠤᠯᠠᠵᠤ᠂ ᠬᠦᠷᠢᠶᠡᠯᠡᠩ | ᠲᠣᠭᠤᠷᠢᠭ ᠤᠨ ᠦᠢᠯᠡᠳᠬᠦᠨ ᠤ ᠶᠡᠷᠦᠩᠬᠡᠢ ᠥᠷᠲᠡᠭ ᠢ 35 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ | ᠦᠢᠯᠡᠴᠢᠯᠡᠭᠡᠨ ᠤ ᠦᠢᠯᠡᠰ ᠤᠨ ᠪᠠᠷᠢᠮᠵᠢᠶᠠᠯᠠᠯᠲᠠ ᠦᠷ᠎ᠡ ᠠᠰᠢᠭ ᠤᠨ ᠳᠡᠭᠡᠭᠰᠢᠯᠡᠭᠦᠯᠦᠯᠲᠡ ᠶᠢ ᠯᠠᠪᠳᠠᠭᠤᠨ ᠪᠠᠲᠤᠲᠠᠢ ᠬᠦᠭᠵᠢᠭᠦᠯᠦᠨ᠎ᠡ᠃ ᠵᠤᠭᠠᠴᠠᠯ ᠤᠨ | ᠦᠢᠯᠡᠰ ᠤᠨ ᠪᠦᠬᠦ ᠣᠷᠣᠨ ᠪᠦᠰᠡ ᠪᠦᠬᠦ ᠤᠯᠠᠷᠢᠯ ᠢᠶᠠᠷ ᠪᠦᠬᠦ ᠲᠠᠯ᠎ᠠ ᠶᠢᠨ ᠥᠢᠯᠡᠴᠢᠯᠡᠭᠡ ᠶᠢ ᠬᠦᠭᠵᠢᠭᠦᠯᠵᠦ᠂ ᠬᠥᠳᠡᠭᠡ ᠲᠣᠰᠬᠤᠨ᠂ ᠮᠥᠰᠥ ᠴᠠᠰᠤ᠂ | ᠰᠣᠶᠣᠯ ᠤᠨ ᠦᠵᠡᠰᠬᠦᠯᠡᠩ᠂ ᠰᠡᠯᠡᠭᠦᠴᠡᠯ ᠵᠤᠭᠠᠴᠠᠯ ᠤᠨ ᠰᠢᠨ᠎ᠡ ᠡᠵᠡᠩᠨᠡᠯᠲᠡ ᠶᠢ ᠪᠣᠢ ᠪᠣᠯᠭᠠᠵᠤ ᠬᠦᠭᠵᠢᠭᠦᠯᠦᠨ᠂ ᠳᠦᠷᠪᠡᠨ ᠤᠯᠠᠷᠢᠯ ᠤᠨ ᠵᠤᠭᠠᠴᠠᠯ ᠤᠨ | ᠬᠡᠪᠴᠢᠶ᠎ᠡ ᠪᠠ ᠦᠷ᠎ᠡ ᠠᠰᠢᠭ ᠢ ᠲᠡᠩᠴᠡᠭᠦᠷᠢᠲᠡᠢ ᠥᠷᠭᠡᠳᠬᠡᠵᠦ᠂ ᠵᠤᠭᠠᠴᠠᠯ ᠤᠨ ᠣᠷᠣᠯᠭ᠎ᠠ ᠶᠢᠨ ᠨᠡᠮᠡᠭᠳᠡᠯ ᠢ 8% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ | ᠪᠠᠶᠠᠨᠲᠠᠯ᠎ᠠ ᠳᠠᠭᠤᠷ ᠦᠨᠳᠦᠰᠦᠲᠡᠨ ᠤ ᠰᠢᠶᠠᠩ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠵᠢᠭᠤᠯᠴᠢᠯᠠᠯ ᠤᠨ ᠬᠥᠳᠡᠭᠡ ᠲᠣᠰᠬᠤᠨ ᠪᠣᠯᠭᠠᠨ | ᠪᠠᠶᠢᠭᠤᠯᠬᠤ ᠠᠵᠢᠯ ᠢ ᠠᠬᠢᠭᠤᠯᠵᠤ᠂ ᠣᠯᠠᠨ ᠵᠦᠢᠯ ᠤᠨ ᠠᠷᠭ᠎ᠠ ᠪᠠᠷ ᠲᠠᠩᠰᠤᠭ ᠡᠸᠡᠩᠬᠢ ᠰᠡᠯᠡᠭᠦᠴᠡᠯ ᠵᠡᠭᠡᠯᠢ ᠭᠤᠳᠣᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠵᠦ᠂ | ᠦᠨᠳᠦᠰᠦᠲᠡᠨ ᠤ ᠰᠣᠶᠣᠯ ᠤᠨ ᠠᠵᠤ ᠦᠢᠯᠡᠰ ᠪᠣᠯᠬᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠷᠠᠲᠤ | ᠲᠡᠮᠳᠡᠭᠲᠦ ᠪᠣᠯᠭᠠᠨ ᠡᠭᠦᠳᠦᠨ ᠪᠠᠶᠢᠭᠤᠯᠬᠤ ᠡᠷᠴᠢᠮ ᠢ ᠴᠢᠩᠭᠠᠷᠠᠭᠤᠯᠤᠨ᠎ᠠ᠃ ᠦᠵᠡᠮᠵᠢ ᠶᠢᠨ ᠣᠷᠣᠨ ᠦᠵᠡᠮᠵᠢ ᠶᠢᠨ ᠴᠢᠭ ᠤᠨ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠴᠧᠨ ᠭᠤᠸᠠᠩ ᠠᠮᠢ ᠠᠬᠤᠢ ᠶᠢᠨ ᠬᠦᠷᠢᠶᠡᠯᠡᠩ ᠤᠨ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠂ ︽ | ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ︾ ᠤᠨ ᠵᠢᠭᠤᠯᠴᠢᠯᠠᠯ ᠢ ᠨᠢᠭᠡ ᠴᠣᠭᠴᠠᠵᠢᠭᠤᠯᠬᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠵᠤᠬᠢᠴᠠᠭᠤᠯᠵᠤ᠂ ᠴᠧᠨ | ᠭᠤᠸᠠᠩ ᠠᠮᠢ ᠠᠬᠤᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃ ︽ | ᠳᠥᠷᠪᠡᠨ ᠤᠯᠠᠷᠢᠯ ᠢ ᠲᠡᠩᠴᠡᠭᠦᠷᠢᠲᠡᠢ ᠪᠠᠶᠢᠯᠭᠠᠵᠤ᠂ ᠣᠨᠴᠠᠯᠢᠭ ᠢ ᠳᠣᠪᠤᠶᠢᠯᠭᠠᠬᠤ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠨ᠂ ᠰᠧᠪᠵᠢᠨ ᠨᠠᠭᠠᠳᠤᠮ ᠵᠡᠷᠭᠡ | ᠤᠯᠠᠮᠵᠢᠯᠠᠯᠲᠤ ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠲᠤᠷ ᠬᠢᠵᠦ᠂ ᠵᠤᠭᠠᠴᠠᠭᠰᠠᠳ ᠲᠤ ᠡᠸᠡᠩᠬᠢ ᠶᠢᠨ ᠳᠥᠷᠪᠡᠨ ᠤᠯᠠᠷᠢᠯ ᠤᠨ ᠵᠢᠭᠤᠯᠴᠢᠯᠠᠯ ᠤᠨ ᠵᠠᠩ | ᠵᠠᠩᠰᠢᠯ ᠂ ᠨᠤᠲᠤᠭ ᠤᠨ ᠠᠭᠠᠯᠢ ᠪᠠᠶᠢᠳᠠᠯ ᠢ ᠣᠯᠠᠨ ᠬᠡᠮᠵᠢᠯ᠂ ᠪᠥᠬᠦ ᠲᠠᠯ᠎ᠠ ᠪᠠᠷ ᠤᠶᠢᠯᠠᠭᠠᠭᠤᠯᠤᠨ᠎ᠠ᠃ ᠬᠥᠯᠥᠨ ᠪᠤᠶᠢᠷ ᠬᠤᠲᠠ ᠶᠢᠨ ᠬᠠᠮᠤᠭ ᠤᠨ ᠨᠥᠯᠥᠭᠡᠯᠡᠬᠦ | ᠬᠦᠴᠦᠨ ᠪᠦᠬᠦᠢ ᠮᠠᠰᠢᠨ ᠲᠡᠷᠭᠡᠨ ᠤ ᠦᠢᠯᠡᠴᠢᠯᠡᠭᠡᠨ ᠤ ᠰᠠᠭᠤᠷᠢᠨ ᠭᠠᠵᠠᠷ ᠢ ᠪᠠᠶᠢᠭᠤᠯᠵᠤ᠂ ᠬᠥᠯᠥᠨ ᠪᠤᠶᠢᠷ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠪᠤᠷᠢ ᠠᠩᠭᠢ ᠶᠢᠨ ᠶᠡᠷᠦᠩᠬᠡᠢ ᠰᠣᠷᠭᠠᠯᠲᠠ ᠶᠢᠨ ᠲᠠᠯᠠᠪᠤᠷ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠬᠠᠢ ᠶᠤᠸᠠᠨ ᠮᠠᠰᠢᠨ ᠲᠡᠷᠭᠡᠨ ᠤ ᠵᠠᠰᠠᠪᠤᠷᠢ ᠶᠢᠨ | ᠭᠠᠵᠠᠷ ᠢ ᠬᠦᠭᠵᠢᠭᠡᠨ᠂ ᠭᠤᠸᠠᠩ ᠾᠧᠩ ᠬᠠᠭᠤᠴᠢᠨ ᠮᠠᠰᠢᠨ ᠤ ᠠᠷᠠᠯᠵᠢᠶ᠎ᠠ ᠶᠢ ᠵᠠᠬ᠎ᠠ ᠳᠡᠯᠭᠡᠭᠦᠷᠴᠢᠯᠡᠬᠦ ᠨᠣᠷᠮ᠎ᠠ ᠶᠢ ᠳᠡᠭᠡᠭᠰᠢᠯᠡᠭᠦᠯᠵᠦ᠂ ᠲᠥᠪ ᠬᠤᠲᠠ ᠶᠢᠨ | ᠴᠠᠬᠢᠯᠭᠠᠨ ᠴᠡᠨᠡᠭᠯᠡᠬᠦ ᠱᠣᠩ ᠤᠨ ᠲᠥᠯᠦᠪᠵᠢᠭᠦᠯᠭᠡ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠱᠣᠩ ᠪᠠ ᠴᠠᠬᠢᠯᠭᠠᠨ | ᠰᠣᠯᠢᠬᠤ ᠥᠷᠲᠡᠭᠡ ᠲᠥᠷᠥᠯ ᠵᠦᠢᠯ ᠤᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠤᠨ᠎ᠠ᠃ ᠥᠪᠥᠷ ᠮᠣᠩᠭᠤᠯ ᠤᠨ ᠦᠨᠳᠦᠰᠦᠲᠡᠨ ᠤ ᠪᠡᠶ᠎ᠡ ᠲᠠᠮᠢᠷ ᠤᠨ | ᠲᠥᠪ ᠲᠤ ᠲᠦᠰᠢᠭᠯᠡᠨ ᠰᠢᠯᠢᠳᠡᠭ ᠠᠳᠣᠭᠤᠨ ᠰᠣᠶᠣᠯ ᠤᠨ ᠠᠵᠤ ᠦᠢᠯᠡᠰ ᠢ ᠦᠷᠭᠦᠯᠵᠢᠯᠡᠨ ᠬᠦᠭᠵᠢᠭᠦᠯᠵᠦ᠂ ᠪᠦᠬᠦ ᠬᠥᠯᠥᠨ ᠪᠤᠶᠢᠷ ᠬᠤᠲᠠ ᠶᠢ ᠬᠠᠮᠤᠷᠤᠭᠰᠠᠨ | ᠲᠦᠷᠭᠡᠨ ᠬᠦᠷᠭᠡᠯᠲᠡ ᠶᠢᠨ ᠰᠢᠰᠲ᠋ᠧᠮ ᠢ ᠲᠣᠰᠬᠤᠨ ᠬᠦᠷᠲᠡᠯ᠎ᠡ ᠬᠦᠭᠵᠢᠭᠦᠯᠬᠦ ᠶᠢ ᠠᠬᠢᠭᠤᠯᠤᠨ ᠳᠡᠮᠵᠢᠵᠦ᠂ ᠨᠠᠰᠤᠲᠠᠨ ᠢ ᠠᠰᠠᠷᠠᠬᠤ᠂ ᠬᠡᠦᠬᠡᠳ ᠰᠠᠭᠠᠲᠠᠭᠤᠯᠬᠤ᠂ | ᠡᠷᠡᠭᠦᠯ ᠮᠡᠨᠳᠦ᠂ ᠭᠡᠷ ᠤᠨ ᠶᠠᠪᠤᠳᠠᠯ ᠤᠨ ᠥᠢᠯᠡᠴᠢᠯᠡᠭᠡ ᠵᠡᠷᠭᠡ ︽ᠵᠣᠯ ᠵᠢᠷᠭᠠᠯᠲᠤ ᠠᠵᠤ ᠦᠢᠯᠡᠰ︾ ᠢ ᠶᠡᠬᠡᠪᠡᠷ ᠬᠥᠭᠵᠢᠭᠦᠯᠵᠦ᠂ ᠡᠸᠡᠩᠬᠢ ᠶᠢᠨ ᠵᠢᠭᠤᠯᠴᠢᠯᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠤᠳᠠᠯᠳᠤᠭ᠎ᠠ ᠡᠷᠭᠢᠯᠡᠬᠦ ᠣᠷᠴᠢᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠭᠤᠤᠯᠴᠢᠯᠠᠨ᠂ ᠬᠥᠭᠵᠢᠯᠲᠡ ᠶᠢᠨ ᠣᠷᠴᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠭᠦ ᠬᠦᠴᠦᠨ ᠢ ᠨᠡᠮᠡᠭᠳᠡᠭᠦᠯᠦᠨ᠎ᠡ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠨ ᠲᠠᠯ᠎ᠠ ᠠᠴᠠ ᠴᠢᠩᠭᠠᠳᠬᠠᠵᠤ᠂ ᠥᠨᠳᠥᠷ ᠪᠠᠷᠢᠮᠵᠢᠶ᠎ᠠ ᠪᠠᠷ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ | ᠰᠢᠯᠢᠳᠡᠭᠵᠢᠭᠦᠯᠵᠦ᠂ ᠪᠦᠬᠦ ᠬᠦᠷᠢᠶ᠎ᠡ ᠴᠠᠷ᠎ᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠳᠠᠪᠠᠭᠤᠯᠢᠭ ᠢ ᠶᠡᠬᠡᠪᠡᠷ ᠪᠤᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠰᠦᠯᠲᠡ ᠶᠢᠨ ᠴᠢᠨᠠᠷ ᠪᠣᠯᠣᠨ ᠢᠳᠡᠪᠬᠢᠵᠢᠯ ᠤᠨ ᠬᠡᠮᠵᠢᠶ᠎ᠡ ᠶᠢ ᠴᠢᠨᠠᠭᠰᠢᠳᠠ | ᠬᠦᠭᠵᠢᠭᠡᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ︵ᠵᠠᠰᠠᠭ ᠢ | ᠴᠣᠮᠬᠤᠳᠬᠠᠨ ᠡᠷᠬᠡ ᠶᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠣᠭᠤᠯᠬᠤ᠂ ᠥᠢᠯᠡᠴᠢᠯᠡᠭᠡ ᠶᠢ ᠰᠢᠯᠢᠳᠡᠭᠴᠢᠯᠡᠬᠦ︶ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠬᠤᠶᠠᠷ ᠢ ᠲᠣᠬᠢᠶᠠᠯᠳᠤᠯ ᠢᠶᠠᠷ ᠬᠢᠵᠦ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠶᠡᠬᠡᠪᠡᠷ ᠠᠬᠢᠭᠤᠯᠵᠤ᠂ ᠡᠯ᠎ᠡ ᠲᠥᠷᠥᠯ ᠤᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠣᠷᠣᠭᠤᠯᠵᠤ ᠦᠢᠯᠡᠰ ᠬᠥᠭᠵᠢᠭᠦᠯᠬᠦ ᠳᠤ ᠬᠠᠮᠤᠭ ᠤᠨ ᠰᠠᠶᠢᠨ ᠨᠥᠬᠦᠴᠡᠯ ᠢ ᠪᠣᠢ ᠪᠣᠯᠭᠠᠨ᠎ᠠ᠃ ᠭᠤᠣᠯᠳᠠᠯᠭ᠎ᠠ ᠲᠠᠢ | ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠪᠠᠶᠢᠭᠤᠯᠤᠯᠲᠠ ᠶᠢ ᠵᠦᠪᠳᠡᠨ ᠵᠣᠬᠢᠴᠠᠭᠤᠯᠵᠤ ᠬᠠᠷᠢᠯᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠭᠤᠣᠯᠳᠠᠯᠭ᠎ᠠ ᠲᠠᠢ ᠲᠥᠷᠥᠯ ᠵᠦᠢᠯ ᠤᠨ ᠪᠥᠬᠦ ᠶᠠᠪᠤᠴᠠ ᠳᠤ ᠰᠠᠶᠢᠲᠤᠷ ᠥᠢᠯᠡᠴᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠯᠡ | ᠰᠦᠯᠵᠢᠶ᠎ᠡ ᠪᠠᠷ ᠰᠢᠢᠳᠪᠦᠷᠢᠯᠡᠬᠦ︾ ᠶᠢ ᠬᠦᠴᠦᠯᠡᠨ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠭᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ | ᠦᠨᠳᠦᠰᠦᠨ ᠱᠠᠲᠤ ᠳᠠᠰᠢ ᠬᠦᠭᠵᠢᠭᠦᠯᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠠᠴᠠᠭ᠎ᠠ ︵ᠨᠡᠶᠢᠭᠡᠮ ᠲᠣᠭᠤᠷᠢᠭ︶ ᠶᠢ ᠬᠠᠮᠤᠷᠤᠭᠰᠠᠨ ᠭᠤᠷᠪᠠᠨ ᠱᠠᠲᠤᠨ ᠤ | ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃12345 ᠬᠠᠯᠠᠮᠰᠢᠯ | ᠤᠲᠠᠰᠤᠨ ᠤ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ | ᠳᠤᠨᠢ ᠬᠠᠷᠢᠭᠤ ᠳᠣᠰᠬᠠᠨ᠎ᠠ᠃ ᠲᠥᠪ ᠬᠤᠲᠠ ᠲᠣᠭᠤᠷᠢᠭ ᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠲᠦᠷᠭᠡᠳᠬᠡᠨ | ᠠᠬᠢᠭᠤᠯᠵᠤ᠂ ᠣᠷᠣᠨ ᠪᠦᠰᠡ ᠠᠯᠤᠰᠯᠠᠭᠰᠠᠨ ᠵᠦᠢᠯᠡᠰ ᠢ ︽ᠬᠤᠰᠢᠭᠤ ᠬᠤᠲᠠ ᠲᠣᠭᠤᠷᠢᠭ ᠠᠯᠤᠰᠯᠠᠨ ᠰᠢᠭᠤᠳ ᠭᠦᠢᠴᠡᠳᠬᠡᠬᠦ︾ ᠶᠢ ᠦᠷᠭᠦᠯᠵᠢᠯᠡᠨ ᠠᠬᠢᠭᠤᠯᠵᠤ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠤᠨᠴᠢᠯᠡᠭᠰᠡᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠥᠰᠥᠪ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠵᠢᠴᠢ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ | ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠣᠯᠬᠤ ᠳᠤ ᠬᠦᠴᠢᠷ︾ | ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠨ᠎ᠡ᠃ ᠠᠷᠠᠳ ᠤᠨ ᠠᠮᠢᠵᠢᠷᠠᠭ᠎ᠠ ᠶᠢᠨ ᠴᠢᠬᠤᠯᠠ ᠶᠡᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠢ ᠲᠦᠯᠬᠢᠨ | ᠠᠬᠢᠭᠤᠯᠵᠤ᠂ ᠡ᠊ᠩ ᠤᠨ ᠥᠨᠳᠥᠷ ᠳᠤᠮᠳᠠᠳᠤ ᠶᠢᠨ ᠰᠤᠷᠤᠭᠴᠢᠳ ᠲᠤ ᠴᠦᠮ ᠵᠣᠭᠤᠰ ᠥᠭᠬᠦ ᠳᠦᠷᠢᠮ ᠢ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠨᠢᠭᠡᠴᠢ ᠶᠢᠨ | ᠮᠡᠷᠭᠡᠵᠢᠯ ᠤᠨ ᠴᠣᠯᠠ ᠶᠢᠨ ᠳᠦᠷᠢᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠣᠷᠣᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠤᠯᠠᠮ ᠨᠢᠭᠡ | ᠠᠯᠬᠤᠮ ᠪᠠᠬᠢᠵᠢᠭᠦᠯᠵᠦ᠂ ᠬᠤᠯᠢᠮᠠᠭ ᠥᠮᠴᠢᠯᠡᠯᠲᠦ ᠠᠵᠤ ᠠᠬᠤᠢ ᠶᠢ ᠰᠦᠪᠡᠭᠴᠢᠯᠡᠨ ᠬᠥᠭᠵᠢᠭᠦᠯᠵᠦ᠂ ᠤᠯᠤᠰ ᠤᠨ ᠥᠮᠴᠢᠯᠡᠯᠲᠦ ᠰᠤᠯᠠ ᠪᠠᠶᠢᠭ᠎ᠠ ᠪᠡᠯᠡ ᠬᠥᠷᠥᠩᠭᠡ ᠶᠢ | ᠢᠳᠡᠪᠬᠢᠵᠢᠭᠦᠯᠬᠦ ᠡᠷᠴᠢᠮ ᠢ ᠲᠦᠷᠭᠡᠳᠬᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠦᠭᠵᠢᠯᠲᠡ ᠶᠢᠨ ᠢᠳᠡᠪᠬᠢᠵᠢᠯ ᠢ ᠪᠠᠳᠠᠷᠠᠭᠤᠯᠤᠨ᠎ᠠ᠃ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠥᠨᠳᠦᠰᠦᠨ | ᠪᠠᠶᠢᠳᠠᠯ ᠢ ᠲᠣᠳᠣᠷᠬᠠᠢ ᠣᠶᠢᠯᠠᠭᠠᠨ᠂ ᠠᠵᠤ ᠠᠬᠤᠢ ᠶᠢᠨ ᠰᠤᠳᠠᠰᠤ ᠶᠢ ᠠᠳᠬᠤᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ | ᠨᠠᠶᠢᠳᠠᠪᠤᠷᠢᠲᠠᠢ ᠲᠤᠯᠭᠠᠭᠤᠷᠢᠯᠠᠯ ᠬᠠᠩᠭᠠᠨ᠎ᠠ᠃ | ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠬᠥᠭᠵᠢᠭᠦᠯᠬᠦ︾ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠲᠠ ᠪᠠᠨ ᠬᠥᠭᠵᠢᠭᠦᠯᠬᠦ︾ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠤᠯ ᠤᠨ ᠪᠦᠦ | ᠱᠢ ᠮᠠᠰᠢᠨ ᠮᠧᠬᠠᠨᠢᠭ ᠤᠨ ᠰᠤᠳᠤᠯᠤᠨ ᠠᠰᠢᠭᠯᠠᠬᠤ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠣᠯᠭᠠᠨ ᠦᠨᠡᠯᠡᠨ ᠲᠣᠭᠲᠠᠭᠠᠬᠤ ᠶᠢ ᠳᠡᠮᠵᠢᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠᠷ ᠴᠢᠷᠮᠠᠶᠢᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠳᠣᠪᠣᠶᠢᠯᠭᠠᠨ᠎ᠠ᠃ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠠᠭᠤᠰᠤᠯᠴᠠᠯ ᠢ ᠭᠦᠨᠵᠡᠭᠡᠢ | ᠠᠬᠢᠭᠤᠯᠤᠨ᠂ ᠠᠳᠠᠯ ᠦᠢᠯᠡᠰ ᠴᠤᠭᠴᠠᠯᠠᠬᠤ ᠰᠠᠭᠤᠷᠢᠨ ᠭᠠᠵᠠᠷ ᠢ ᠤᠯᠤᠰ ᠤᠨ ᠲᠠᠰ ᠤᠨ ᠰᠢᠯᠢᠳᠡᠭ ᠥᠢᠯᠡᠴᠢᠯᠡᠭᠡᠨ ᠤ ᠴᠣᠩᠬᠤ ᠶᠢᠨ ᠰᠢᠯᠭᠠᠭᠤᠷᠠᠯᠲᠠ ᠳᠤ | ᠣᠷᠤᠯᠴᠠᠬᠤ ᠶᠢ ᠳᠡᠮᠵᠢᠨ᠎ᠡ᠃ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠮᠵᠢᠲᠣ ᠠᠵᠤ ᠠᠬᠤᠢ ᠶᠢ ᠰᠦᠪᠡᠭᠴᠢᠯᠡᠨ ᠬᠥᠭᠵᠢᠭᠦᠯᠵᠦ᠂ ᠣᠶ ᠰᠢᠭᠤᠢ ᠡᠪᠡᠰᠦ | ᠪᠡᠯᠴᠢᠭᠡᠷ ᠢᠶᠠᠷ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠮᠵᠢᠲᠣ ᠳ᠋ᠠᠶᠢᠲ᠋ᠠ ᠬᠥᠮᠥᠷᠭᠡ ᠪᠠᠷ ᠭᠤᠣᠯ ᠪᠣᠯᠭᠠᠭᠰᠠᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠰᠢᠰᠲ᠋ᠧᠮᠵᠢ ᠶᠢ ᠪᠠᠶᠢᠭᠤᠯᠤᠨ᠂ CCER ᠵᠠᠬ᠎ᠠ ᠳᠡᠯᠭᠡᠭᠦᠷ ᠢ ᠠᠩᠬᠠᠷᠴᠤ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠮᠵᠢᠲᠣ ᠲᠥᠷᠥᠯ ᠵᠦᠢᠯ ᠢ ᠨᠡᠭᠡᠭᠡᠨ | ᠬᠥᠭᠵᠢᠭᠦᠯᠵᠦ ᠨᠥᠭᠡᠴᠡᠯᠡᠬᠦ ᠶᠢ ᠯᠠᠪᠳᠠᠭᠤᠨ ᠢᠶᠠᠷ ᠠᠬᠢᠭᠤᠯᠤᠨ᠂ ᠬᠡᠰᠡᠭ ᠣᠶ ᠰᠢᠭᠤᠢ ᠶᠢᠨ ᠲᠠᠯᠠᠪᠠᠶ ᠤᠷᠢᠳᠠᠪᠠᠷ ᠲᠤᠷᠰᠢᠨ ᠬᠡᠷᠡᠭᠵᠢᠭᠦᠯᠬᠦ ᠶᠢ ᠠᠬᠢᠭᠤᠯᠤᠨ᠎ᠠ᠃ | ᠡᠯ᠎ᠡ ᠲᠦᠷᠦᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠨ | ᠭᠠᠯᠠᠭᠤ ᠲᠥᠯᠥᠪᠯᠡᠭᠡ︾ ︽ᠬᠥᠯᠥᠨ ᠪᠤᠶᠢᠷ ᠴᠢᠳᠠᠪᠤᠷᠢᠲᠠᠨ︾ ᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠰᠢᠨ᠎ᠡ ᠶᠢ | ᠡᠭᠦᠳᠦᠨ ᠪᠦᠲᠦᠭᠡᠬᠦ ᠢᠳᠡᠪᠬᠢᠵᠢᠯ ᠢ ᠭᠦᠢᠴᠡᠳ ᠬᠥᠭᠵᠢᠭᠡᠨ᠎ᠡ᠃ | ︵ᠳᠥᠷᠪᠡ︶ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ ᠣᠷᠣᠨ ᠪᠦᠰᠡ ᠪᠦᠬᠦ ᠲᠠᠯ᠎ᠠ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ | ᠪᠦᠬᠦ ᠬᠦᠷᠢᠶ᠎ᠡ ᠪᠦᠬᠦ ᠶᠠᠪᠤᠴᠠ ᠳᠤ ᠪᠣᠬᠢᠷᠳᠤᠯ ᠦᠭᠡᠢ ᠬᠥᠭᠵᠢᠯᠲᠡ ᠶᠢᠨ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ | ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠭᠯᠠᠬᠤ ᠪᠡᠯᠴᠢᠭᠡᠷ ᠢ ᠠᠮᠠᠷᠠᠭᠤᠯᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠥᠪᠥᠷ | ᠮᠣᠩᠭᠤᠯ ᠤᠨ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠦᠨ᠂ ᠨᠤᠲᠤᠭ ᠪᠡᠯᠴᠢᠭᠡᠷ ᠢ | 10 ᠲᠦᠮᠡᠨ ᠮᠧᠲᠷ ᠣᠷᠲᠣ ᠪᠠᠷ ᠬᠦᠷᠢᠶᠡᠯᠡᠵᠦ ᠂ 5 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠬᠤ᠂ 4 ᠲᠦᠮᠡᠨ ᠮᠦ ᠲᠠᠷᠢᠮᠠᠯ ᠡᠪᠡᠰᠦ ᠶᠢ | ᠶᠡᠷᠦᠩᠬᠡᠶᠢᠯᠡᠨ ᠵᠠᠰᠠᠨ᠎ᠠ᠃ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠪᠣᠳᠠᠲᠠᠶᠢᠵᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠣᠷᠳᠣ ᠬᠤᠭᠤᠴᠠᠭ᠎ᠠ ᠶᠢᠨ ᠳᠦᠷᠢᠮ ᠢ ︽ᠪᠥᠬᠦ ᠲᠠᠯ᠎ᠠ ᠪᠠᠷ ᠪᠠᠶᠢᠭᠤᠯᠬᠤ︾ ᠠᠴᠠ ︽ᠪᠥᠬᠦ ᠲᠠᠯ᠎ᠠ ᠪᠠᠷ | ᠦᠷ᠎ᠡ ᠪᠦᠲᠦᠮᠵᠢ ᠣᠯᠬᠤ︾ ᠳᠠᠰᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ︽ᠲᠦᠷᠪᠡᠨ | ᠤᠰᠤ ᠪᠠᠷ ᠳᠥᠷᠪᠡ ᠶᠢ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ | ᠲᠦᠷᠪᠡᠨ ᠳᠤᠷ᠎ᠠ ᠪᠠᠷ ᠢᠶᠠᠨ ᠢ ᠠᠷᠢᠯᠭᠠᠬᠤ︾ ᠴᠡᠭᠴᠡᠯᠡᠨ ᠵᠠᠰᠠᠯᠲᠠ ᠶᠢ ᠲᠦᠯᠬᠢᠨ ᠠᠬᠢᠭᠤᠯᠵᠤ᠂ ︽ᠨᠢᠭᠡ ᠭᠤᠣᠯ ᠮᠥᠷᠡᠨ ᠨᠢᠭᠡ ᠲᠦᠯᠦᠪᠯᠡᠭᠡ︾᠂ ︽ᠨᠢᠭᠡ | ᠨᠠᠭᠤᠷ ᠨᠢᠭᠡ ᠲᠦᠯᠦᠪᠯᠡᠭᠡ︾ ᠶᠢ ᠨᠠᠶᠢᠷᠠᠭᠤᠯᠤᠨ ᠵᠤᠬᠢᠶᠠᠵᠤ ᠨᠠᠶᠢᠳᠠᠪᠤᠷᠢᠵᠢᠭᠤᠯᠤᠨ᠎ᠠ᠃ ᠨᠤᠭᠤ ᠭᠠᠵᠠᠷ ᠤᠨ ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ | ᠲᠥᠪ ᠤᠨ ᠡᠳ᠋ ᠤᠨ ᠵᠠᠰᠠᠭ ᠤᠨ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠪᠠ ᠤᠯᠤᠰ ᠠᠴᠠ ᠭᠤᠣᠯᠳᠠᠯᠭ᠎ᠠ ᠲᠠᠢ ᠬᠡᠭᠡᠷ᠎ᠡ ᠶᠢᠨ ᠠᠮᠢᠲᠠᠨ ᠤᠷᠭᠤᠮᠠᠯ ᠢ | ᠬᠠᠮᠠᠭᠠᠯᠠᠬᠤ ᠨᠥᠬᠦᠪᠦᠷᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠨᠤᠭᠤ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠶᠢ 270 ᠲᠦᠮᠡᠨ ᠮᠦ ᠠᠴᠠ ᠳᠡᠭᠡᠭᠰᠢ | ᠬᠡᠮᠵᠢᠶᠡᠨ ᠳᠤ ᠲᠣᠭᠲᠠᠪᠤᠷᠢᠵᠢᠭᠤᠯᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠦᠨᠡᠨ ᠬᠦ ᠶᠠᠪᠤᠭᠳᠠᠭᠤᠯᠤᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠶᠠᠰᠤ ᠴᠢᠨᠠᠷ ᠦᠷ᠎ᠡ ᠠᠰᠢᠭ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠭᠠᠷ ᠮᠠᠨᠳᠠᠯ ᠤᠨ ᠪᠣᠬᠢᠷᠳᠤᠯ ᠢ ᠰᠢᠨᠵᠢᠯᠡᠬᠦ | ᠤᠬᠠᠭᠠᠨᠴᠢ ᠪᠠᠷ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠤᠬᠢᠷᠳᠣᠯ ᠦᠭᠡᠢ ᠥᠭᠡᠷᠡᠴᠢᠯᠡᠯᠲᠡ ᠪᠠ | ᠴᠠᠬᠢᠯᠭᠠᠨ ᠬᠡᠷᠡᠭᠯᠡᠬᠦ ᠰᠢᠨ᠎ᠡ ᠡᠨᠧᠷᠭᠢ ᠶᠢᠨ ᠰᠤᠷᠪᠤᠯᠵᠢ ᠶᠢ ᠣᠷᠣᠯᠠᠭᠤᠯᠬᠤ ᠵᠦᠢᠯᠡᠰ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠨᠡᠭᠦᠷᠡᠰᠦ ᠰᠢᠲᠠᠭᠠᠬᠤ | ᠭᠦᠸᠧᠯᠦ ᠶᠢᠨ ᠡᠳᠦᠷ ᠲᠤᠳᠤᠮ ᠤᠨ ᠬᠠᠮᠢᠶᠠᠷᠤᠯᠲᠠ ᠪᠠ ᠴᠠᠶᠢᠶ᠋ᠢᠦ ᠲᠤᠰᠤᠨ ᠪᠠᠷᠠᠭᠠᠨ ᠤ ᠲᠡᠷᠭᠡ ᠶᠢᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ ᠂ PM2.5 | ᠪᠠ ᠣᠽᠣᠨ ᠤ ᠪᠣᠬᠢᠷᠳᠤᠯ ᠢ ᠬᠠᠮᠲᠤᠷᠠᠨ ᠬᠢᠵᠠᠭᠠᠷᠯᠠᠨ᠎ᠠ᠃ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠭᠠᠵᠠᠷ | ᠳᠣᠣᠷᠠᠬᠢ ᠤᠰᠤ ᠶᠢ ᠬᠢᠨᠠᠨ ᠬᠡᠮᠵᠢᠬᠦ ᠴᠡᠭ ᠢ 12 ᠭᠠᠷᠭᠠᠵᠤ᠂ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠬᠤᠭᠤᠯᠠᠢ ᠶᠢᠨ ᠠᠮᠠ ᠶᠢᠨ ᠬᠠᠮᠢᠶᠠᠷᠣᠯᠲᠠ ᠶᠢ | ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠢᠮᠢ ᠶᠢᠨ ᠪᠣᠷᠳᠣᠭᠤᠷ ᠲᠠᠷᠢᠶᠠᠨ | ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ | ᠥᠷᠨᠢᠭᠦᠯᠦᠨ᠎ᠡ᠃ ᠳ᠋ᠠ ᠶᠠᠨ ᠪᠠᠯᠭᠠᠰᠤ ᠶᠢᠨ ᠬᠤᠭ ᠬᠠᠶᠠᠭᠳᠠᠯ ᠤᠨ ᠲᠠᠯᠠᠪᠠᠶ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠤᠮᠤ ᠰᠢᠶᠠᠩ | ᠪᠠᠯᠭᠠᠰᠤ ᠶᠢᠨ ᠠᠮᠢᠳᠤᠷᠠᠯ ᠤᠨ ᠬᠤᠭ ᠬᠠᠶᠠᠭᠳᠠᠯ ᠢ ᠰᠢᠢᠳᠪᠦᠷᠢᠯᠡᠬᠦ ᠲᠥᠪ ᠤᠨ ᠲᠥᠷᠥᠯ ᠵᠦᠢᠯ ᠤᠨ ᠠᠵᠢᠯᠯᠠᠭᠠᠨ ᠢ ᠠᠬᠢᠭᠤᠯᠤᠨ᠎ᠠ᠃ ᠡᠪᠡᠳᠴᠢᠨ ᠢᠶᠠᠷ ᠦᠬᠦᠭᠰᠡᠨ | ᠮᠠᠯ ᠵᠢᠭᠦᠷᠲᠡᠨ ᠢ ᠴᠤᠭᠯᠠᠭᠤᠯᠬᠤ ᠪᠠ ᠰᠢᠢᠳᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ | ᠦᠭᠡᠶᠢᠵᠢᠭᠦᠯᠦᠨ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ ᠶᠢ 100% ᠳᠤ ᠬᠦᠷᠦᠭᠦᠯᠦᠨ᠎ᠡ᠃ ᠮᠠᠯ ᠵᠢᠭᠦᠷᠲᠡᠨ ᠤ ᠢᠯᠭᠠᠳᠠᠰᠣ ᠶᠢᠨ ᠪᠣᠬᠢᠷᠳᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠪᠥᠬᠦ ᠰᠢᠶᠠᠨ ᠢᠶᠠᠷ ᠲᠦᠯᠬᠢᠨ ᠠᠬᠢᠭᠤᠯᠬᠤ ᠲᠥᠷᠥᠯ ᠵᠦᠢᠯ ᠤᠨ ᠦᠢᠯᠡᠳᠦᠯ ᠢ ᠪᠠᠳᠠᠷᠠᠭᠤᠯᠵᠤ᠂ ᠮᠠᠯᠵᠢᠬᠤ ᠣᠷᠣᠨ ᠤ | ᠠᠳᠣᠭᠤᠰᠣ ᠮᠠᠯ ᠤᠨ ᠢᠯᠭᠠᠳᠠᠰᠣ ᠶᠢᠨ ᠪᠣᠬᠢᠷᠳᠤᠯ ᠢ ᠰᠢᠢᠳᠪᠦᠷᠢᠯᠡᠬᠦ ᠨᠣᠷᠮ᠎ᠠ ᠶᠢ 85% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ | ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠳᠤ | ᠴᠡᠭᠴᠡᠯᠡᠯᠲᠡ ᠬᠢᠭᠰᠡᠨ ᠦᠷ᠎ᠡ ᠪᠦᠲᠦᠮᠵᠢ ᠶᠢ ᠴᠢᠷᠮᠠᠶᠢᠨ ᠪᠠᠬᠢᠵᠢᠭᠦᠯᠦᠨ᠎ᠡ᠃ ᠣᠷᠴᠢᠨ ᠲᠣᠭᠤᠷᠢᠨ ᠤ ᠪᠣᠬᠢᠷᠳᠠᠯ ᠤᠨ ᠥᠨᠡᠯᠡᠯᠲᠡ ᠶᠢ ᠬᠢᠨᠠᠨ ᠪᠠᠶᠢᠴᠠᠭᠠᠬᠤ ᠪᠠ | ᠲᠥᠷᠥᠯ ᠵᠦᠢᠯ ᠢ ᠣᠷᠴᠢᠨ ᠲᠣᠭᠤᠷᠢᠨ ᠤ ᠪᠣᠬᠢᠷᠳᠣᠯ ᠤᠨ ᠥᠨᠡᠯᠡᠯᠲᠡ ᠲᠠᠢ ᠵᠦᠪᠰᠢᠶᠡᠷᠡᠯ ᠢᠶᠠᠷ ᠣᠷᠣᠭᠤᠯᠬᠤ ᠶᠢ ᠴᠢᠩᠭ᠎ᠠ ᠲᠥᠯᠥᠪᠵᠢᠭᠦᠯᠵᠦ᠂ ᠦᠨᠳᠦᠷ | ᠡᠨᠧᠷᠭᠢ ᠶᠢᠨ ᠬᠤᠷᠣᠭᠳᠠᠭᠤᠯᠤᠯ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ | ᠪᠠᠭᠠᠰᠬᠠᠬᠤ ᠶᠢ ᠢᠳᠡᠪᠬᠢᠲᠡᠢ ᠠᠬᠢᠭᠤᠯᠤᠨ᠎ᠠ᠃ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠪᠠ ᠨᠤᠭᠤ ᠭᠠᠵᠠᠷ ᠢ ᠬᠠᠮᠠᠭᠠᠯᠠᠨ ᠠᠰᠢᠭᠯᠠᠬᠤ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤᠨ ᠤ ᠨᠢᠭᠡᠴᠡ ᠶᠢ ᠲᠣᠭᠠᠴᠢᠯᠠᠬᠤ᠂ ᠲᠣᠥᠷᠵᠢᠭᠤᠯᠬᠤ | ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠨ ᠪᠦᠰᠡ ᠶᠢᠨ ᠤᠰᠤ ᠬᠡᠷᠡᠭᠯᠡᠬᠦ ᠶᠢ ᠪᠦᠷᠢᠳᠬᠡᠬᠦ ᠪᠠ ᠬᠢᠨᠠᠨ ᠬᠠᠮᠢᠶᠠᠷᠬᠤ ᠠᠷᠭ᠎ᠠ ᠶᠢ ᠲᠡᠭᠦᠯᠳᠡᠷᠵᠢᠭᠦᠯᠦᠨ᠂ ᠤᠰᠤ | ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠢᠮᠢᠨ ᠵᠠᠳᠠᠭᠠᠢ ᠠᠭᠤᠷᠬᠠᠢ ᠪᠠ ᠵᠠᠨᠢ ᠭᠤᠣᠯ ᠵᠠᠳᠠᠭᠠᠢ ᠠᠭᠤᠷᠬᠠᠢ ᠥᠢᠯᠡᠳᠪᠦᠷᠢᠯᠡᠯ ᠤᠨ ᠴᠢᠳᠠᠪᠤᠷᠢ ᠪᠠᠨ | ᠨᠡᠮᠡᠭᠳᠡᠭᠦᠯᠦᠭᠰᠡᠨ ᠤ ᠳᠠᠷᠠᠭ᠎ᠠ ᠪᠣᠬᠢᠷᠳᠤᠯ ᠦᠭᠡᠢ ᠠᠭᠤᠷᠬᠠᠢ ᠶᠢᠨ ᠪᠠᠶᠢᠭᠤᠯᠤᠯᠲᠠ ᠵᠢᠴᠢ ᠦᠨᠡᠯᠡᠨ ᠵᠢᠱᠢᠭᠦᠯᠬᠦ ᠠᠵᠢᠯ ᠢ ᠠᠬᠢᠭᠤᠯᠤᠨ᠎ᠠ᠃ ᠭᠤᠷᠪᠠᠨ ᠱᠠᠲᠤᠨ ᠤ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ | ᠣᠯᠠᠨ ᠲᠥᠯᠦᠪᠵᠢᠭᠦᠯᠭᠡ ᠶᠢ ᠨᠢᠭᠡᠳᠬᠡᠬᠦ︾ ᠵᠢᠴᠢ ︽ᠨᠢᠭᠡ ᠵᠢᠷᠤᠭ︾ ᠤᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ︽ᠭᠤᠷᠪᠠᠨ ᠱᠤᠭᠤᠮ ᠨᠢᠭᠡ ᠳᠠᠩᠰᠠ | ︾ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ︵ᠲᠠᠪᠤ︶ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠭᠵᠢᠯᠲᠡ ᠶᠢᠨ | ᠲᠡᠩᠴᠡᠭᠦᠷᠢᠲᠦ ᠴᠢᠨᠠᠷ ᠵᠣᠬᠢᠴᠠᠩᠭᠤᠢ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠲᠥᠪ ᠬᠤᠳᠠ ᠲᠣᠭᠤᠷᠢᠭ ᠢ ᠨᠢᠭᠡ ᠴᠣᠭᠴᠠᠵᠢᠭᠤᠯᠬᠤ | ᠪᠠᠶᠢᠭᠤᠯᠤᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠬᠥᠭᠵᠢᠯᠲᠡ ᠶᠢᠨ ᠦᠨᠳᠦᠰᠦᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠨᠡᠩ ᠥᠨᠳᠥᠷ ᠲᠦᠪᠰᠢᠨ᠂ ᠨᠡᠩ ᠥᠨᠳᠥᠷ ᠶᠠᠰᠤ ᠴᠢᠨᠠᠷ ᠳᠡᠰᠢ ᠠᠬᠢᠭᠤᠯᠤᠨ᠎ᠠ᠃ | ᠰᠢᠨ᠎ᠡ ᠮᠠᠶ᠋ᠢᠭ ᠤᠨ ᠬᠤᠳᠠ ᠪᠠᠯᠭᠠᠰᠤᠴᠢᠯᠠᠬᠤ ᠠᠬᠢᠴᠠ ᠶᠢ ᠲᠦᠯᠬᠢᠨ ᠠᠬᠢᠭᠤᠯᠤᠨ᠎ᠠ᠃ ᠬᠥᠮᠥᠨ ᠢᠶᠠᠷ ᠭᠤᠣᠯᠯᠠᠭᠤᠯᠬᠤ ᠶᠢ ᠪᠠᠷᠢᠮᠲᠠᠯᠠᠵᠤ᠂ ᠲᠥᠪ ᠬᠤᠲᠠ | ᠲᠣᠭᠤᠷᠢᠭ ᠵᠢᠴᠢ ᠡᠯ᠎ᠡ ᠪᠠᠯᠭᠠᠰᠤ ᠶᠢᠨ ᠪᠠᠶᠢᠭᠤᠯᠤᠭᠰᠠᠨ ᠲᠣᠭᠤᠷᠢᠭ ᠤᠨ ᠶᠡᠷᠦᠩᠬᠡᠢ ᠳᠠᠭᠠᠭᠠᠬᠤ ᠴᠢᠳᠠᠪᠤᠷᠢ ᠬᠢᠭᠡᠳ ᠦᠢᠯᠡᠴᠢᠯᠡᠭᠡᠨ ᠤ ᠴᠢᠳᠠᠮᠵᠢ ᠶᠢ | ᠲᠡᠭᠦᠯᠳᠡᠷᠵᠢᠭᠦᠯᠦᠨ᠂ ᠲᠥᠪ ᠬᠤᠲᠠ ᠲᠣᠭᠤᠷᠢᠭ ᠤᠨ ᠨᠦᠯᠦᠭᠡᠯᠡᠯ ᠢᠶᠠᠷ ᠠᠵᠤ ᠦᠢᠯᠡᠳᠪᠦᠷᠢ ᠶᠢᠨ ᠴᠢᠬᠤᠯᠠ ᠪᠠᠯᠭᠠᠰᠤ ᠶᠢ ᠳᠠᠶᠢᠴᠢᠯᠠᠬᠤ᠂ ᠣᠨᠴᠠᠯᠢᠭᠲᠤ ᠵᠢᠵᠢᠭ | ᠪᠠᠯᠭᠠᠰᠤ ᠪᠠᠷ ᠲᠤᠯᠭᠠᠭᠤᠷᠢᠯᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠬᠡᠪᠴᠢᠶᠡᠵᠢᠯ ᠢ ᠲᠦᠷᠭᠡᠳᠭᠡᠨ᠎ᠡ᠃ ᠲᠥᠪ ᠬᠤᠲᠠ ᠲᠣᠭᠤᠷᠢᠭ ᠤᠨ ᠢᠯᠴᠢ | ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠡᠸᠡᠩᠬᠢ ᠴᠠᠬᠢᠯᠭᠠᠨ ᠦᠢᠯᠡᠳᠪᠦᠷᠢ ᠶᠢᠨ ᠬᠤᠯᠠ ᠵᠠᠢ ᠶᠢᠨ ᠡᠨᠧᠷᠭᠢ ᠠᠷᠪᠢᠯᠠᠵᠤ ᠢᠯᠴᠢ ᠬᠠᠩᠭᠠᠬᠤ | ᠲᠥᠷᠥᠯ ᠵᠦᠢᠯ ᠤᠨ ᠪᠠᠶᠢᠭᠤᠯᠤᠯᠲᠠ ᠵᠢᠨᠠᠬᠢᠴᠠ ᠶᠢ ᠲᠦᠷᠭᠡᠳᠬᠡᠨ ᠠᠬᠢᠭᠤᠯᠤᠨ᠎ᠠ᠃ ᠲᠥᠪ ᠬᠤᠳᠠ ᠲᠣᠭᠤᠷᠢᠭ ᠤᠨ ᠵᠠᠮ ᠤᠨ ᠲᠣᠣᠷ ᠰᠢᠰᠲ᠋ᠧᠮ ᠢ | ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ ᠲᠥᠯᠦᠪᠵᠢᠭᠦᠯᠭᠡ ᠶᠢᠨ ᠲᠦᠷᠪᠡᠨ ᠵᠠᠮ᠂ ᠲᠠᠪᠤᠨ ᠵᠡᠭᠡᠯᠢ ᠶᠢᠨ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠤᠭᠤᠨᠤ | ᠭᠤᠣᠯ ᠤᠨ ᠵᠠᠮ ᠤᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠠᠳᠬᠤᠨ᠎ᠠ᠃ ᠬᠤᠩᠭᠤᠯᠵᠢ ᠪᠠᠯᠭᠠᠰᠤ ᠶᠢᠨ ᠤᠰᠤ ᠬᠠᠩᠭᠠᠯᠭ᠎ᠠ᠂ ᠪᠣᠬᠢᠷ ᠤᠰᠤ ᠵᠢᠴᠢ | ᠬᠤᠭᠤᠯᠠᠢ ᠲᠣᠣᠷ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠳᠠᠭᠠᠭᠠᠴᠠ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠧᠪᠵᠢᠨ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠭᠤᠣᠯ ᠤᠨ | ᠪᠠᠷᠠᠭᠤᠨᠳᠠᠬᠢ ᠰᠢᠨ᠎ᠡ ᠲᠣᠭᠤᠷᠢᠭ ᠤᠨ ᠬᠤᠲᠠ ᠶᠢᠨ ᠠᠷᠠᠳ ᠤᠨ ᠲᠠᠯᠠᠪᠠᠶ ᠶᠢ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠨᠤᠭᠤᠭᠠᠷᠠᠭᠤᠯᠬᠤ | ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠬᠤᠭ ᠬᠠᠶᠠᠭᠳᠠᠯ ᠤᠨ ᠰᠠᠪᠠ ᠶᠢ ᠨᠡᠮᠡᠵᠦ ᠲᠤᠬᠢᠷᠠᠭᠤᠯᠤᠨ᠂ ᠲᠣᠭᠤᠭᠠᠨ ᠭᠡᠷ ᠤᠨ ᠬᠤᠭ ᠢ | ᠰᠢᠢᠳᠪᠦᠷᠢᠯᠡᠵᠦ᠂ ᠭᠤᠣᠯ ᠳᠠᠭᠠᠣ ᠶᠢᠨ ᠦᠵᠡᠮᠵᠢ ᠶᠢᠨ ᠪᠦᠰᠡ ᠪᠠᠷ ᠨᠡᠶᠢᠲᠡ ᠶᠢᠨ ᠵᠤᠷᠯᠤᠩ ᠰᠢᠨ᠎ᠡ ᠪᠠᠷ ᠪᠠᠶᠢᠭᠤᠯᠵᠤ᠂ ᠬᠤᠲᠠ ᠶᠢᠨ ᠴᠢᠳᠠᠮᠵᠢ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠂ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠢ᠂ ᠠᠮᠢᠵᠢᠷᠠᠯ ᠤᠨ ᠬᠦᠴᠦᠨ ᠢᠶᠠᠷ ᠨᠠᠩ ᠪᠠᠶᠠᠯᠢᠭ ᠰᠠᠶᠢᠨ ᠰᠠᠶᠢᠬᠠᠨ ᠣᠷᠴᠢᠨ ᠨᠦᠭᠦᠴᠡᠯ ᠢ | ᠪᠦᠷᠢᠯᠳᠦᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠳᠥᠷᠪᠡ ᠶᠢ ᠦᠯᠦ ᠲᠠᠶᠠᠭᠳᠠᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠠᠷᠪᠠᠨ ᠲᠦᠷᠦᠯ ᠤᠨ ᠬᠥᠮᠥᠰ︾ ᠲᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ ᠬᠥᠳᠡᠯᠦᠩᠭᠦᠢ ᠬᠢᠨᠠᠨ | ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠵᠢᠭᠦᠯᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠪᠡᠯᠡ | ᠮᠥᠩᠭᠦ ᠶᠢ ᠵᠣᠯᠭᠠᠭᠤᠯᠬᠤ ᠲᠥᠷᠥᠯ ᠵᠦᠢᠯ ᠢ ᠨᠢᠭᠡᠳᠦᠯᠲᠡᠢ ᠲᠥᠯᠥᠪᠯᠡᠬᠦ ᠪᠠ ᠪᠡᠯᠡ ᠮᠥᠩᠭᠦ ᠰᠠᠯᠭᠠᠨ ᠥᠭᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ | ᠠᠵᠢᠯ ᠤᠨ ᠥᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠪᠡᠯᠡ ᠮᠥᠩᠭᠦ ᠶᠢᠨ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠨ᠎ᠠ᠃ ᠬᠥᠳᠡᠭᠡ | ᠲᠣᠰᠬᠤᠨ ᠤ ᠠᠵᠤ ᠦᠢᠯᠡᠰ ᠤᠨ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠬᠦᠷᠢᠶ᠎ᠡ ᠬᠠᠰᠢᠶ᠎ᠠ ᠶᠢᠨ ᠠᠵᠤ ᠠᠬᠤᠢ᠂ ᠵᠢᠭᠤᠯᠴᠢᠯᠠᠯ ᠤᠨ ᠠᠵᠤ ᠠᠬᠤᠢ᠂ ᠵᠢᠮᠢᠰ ᠨᠣᠭᠤᠭ᠎ᠠ ᠶᠢᠨ ᠲᠠᠷᠢᠮᠠᠯ ᠵᠡᠷᠭᠡ ᠠᠵᠤ ᠦᠢᠯᠡᠰ ᠢ ᠬᠥᠭᠵᠢᠭᠦᠯᠵᠦ᠂ | ᠮᠠᠯᠵᠢᠬᠤ ᠣᠷᠣᠨ ᠤ ᠠᠵᠤ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠯᠴᠢ ᠤᠰᠤ | ᠬᠠᠩᠭᠠᠬᠤ ᠬᠤᠭᠤᠯᠠᠢ ᠶᠢᠨ ᠲᠣᠣᠷ ᠤᠨ ᠨᠢᠭᠡᠳᠦᠭᠡᠷ ᠬᠤᠭᠤᠴᠠᠭᠠᠨ ᠤ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠮᠠᠯᠵᠢᠬᠤ ᠣᠷᠣᠨ ᠤ | ᠲᠥᠪᠯᠡᠷᠡᠭᠦᠯᠦᠨ ᠢᠯᠴᠢ ᠬᠠᠩᠭᠠᠬᠤ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠨᠦᠭᠦᠴᠡᠯ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠪᠣᠬᠢᠷ ᠤᠰᠤ ᠶᠢ ᠵᠠᠰᠠᠬᠤ ᠠᠵᠢᠯ ᠢ ᠣᠷᠣᠨ ᠪᠣᠶᠣ ᠲᠥᠷᠥᠯ ᠬᠤᠪᠢᠶᠠᠨ ᠠᠬᠢᠭᠤᠯᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ | ᠨᠢᠭᠡ ᠴᠣᠭᠴᠠᠵᠢᠭᠤᠯᠬᠤ ᠠᠵᠢᠯ ᠢ ᠠᠬᠢᠭᠤᠯᠤᠨ᠂ 9 ᠲᠥᠪᠯᠡᠷᠡᠩᠭᠦᠢ ᠮᠠᠶ᠋ᠢᠭ ᠤᠨ ᠤᠰᠤ ᠬᠠᠩᠭᠠᠬᠤ ᠰᠢᠰᠲ᠋ᠧᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ | ᠢᠨᠵᠧᠨᠧᠷᠢᠩ ᠢ ᠴᠢᠷᠮᠠᠶᠢᠨ ᠬᠡᠷᠡᠭᠵᠢᠭᠦᠯᠵᠦ᠂ ᠮᠠᠯᠵᠢᠬᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠲᠤᠬᠠᠢ ᠶᠢᠨ ᠭᠠᠵᠠᠷ ᠲᠤᠨᠢ ᠲᠣᠬᠢᠷᠠᠭᠤᠯᠤᠨ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ᠂ ᠡᠮᠴᠢᠯᠡᠭᠡ᠂ ᠰᠣᠶᠣᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠲᠦᠷᠭᠡᠳᠬᠡᠨ᠂ ᠮᠠᠯᠵᠢᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠨ᠎ᠠ᠃ | ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠵᠣᠬᠢᠰᠲᠠᠢ ᠣᠷᠢᠳᠴᠢᠯᠠᠭᠰᠠᠨ᠂ ᠵᠤᠬᠢᠮᠵᠢᠲᠠᠢ | ᠪᠠᠶᠢᠷᠢᠯᠠᠭᠤᠯᠤᠭᠰᠠᠨ᠂ ᠲᠣᠣᠷ ᠰᠦᠯᠵᠢᠶ᠎ᠡ ᠶᠢ ᠲᠡᠭᠦᠯᠳᠡᠷᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠱᠠᠭᠠᠷᠳᠠᠯᠭ᠎ᠠ ᠪᠠᠷ᠂ ᠰᠠᠭᠤᠷᠢ ᠲᠥᠬᠦᠭᠡᠷᠦᠮᠵᠢ ᠶᠢᠨ | ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠦᠷᠢᠯᠡᠨ᠎ᠡ᠃ 3616 ᠵᠠᠰᠠᠮᠠᠯ ᠵᠠᠮ᠂ ᠬᠤᠢ ᠰᠣᠮᠣ ᠶᠢᠨ ᠬᠤᠷᠠᠭᠠᠨ ᠠᠮᠣᠵᠢ ᠨᠡᠶᠢᠭᠡᠮ ᠲᠤᠭᠤᠷᠢᠭ ᠤᠨ | ᠵᠠᠮ ᠢ ᠦᠭᠡᠷᠡᠴᠢᠯᠡᠨ ᠵᠠᠰᠠᠬᠤ ᠵᠢᠴᠢ ᠪᠣᠷᠣᠭᠠᠨ ᠤ ᠤᠰᠣ ᠶᠢᠨ ᠬᠤᠭᠤᠯᠠᠢ ᠲᠤᠤᠷ ᠤᠨ ᠪᠠᠶᠢᠭᠤᠯᠤᠯᠲᠠ᠂ 355 ᠰᠢᠶᠠᠨ ᠤ ᠵᠠᠮ ᠳᠤ ᠪᠠᠶᠢᠭ᠎ᠠ ᠨᠤᠷᠠᠬᠤ ᠠᠶᠤᠯᠲᠠᠢ | ᠬᠥᠭᠦᠷᠭᠡ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠦ᠋ ᠴᠢᠤᠸᠠᠨ ᠱᠠᠨ ᠤ ᠵᠠᠰᠠᠮᠠᠯ ᠵᠠᠮ᠂ ᠢᠮᠢᠨ ᠰᠤᠮᠤ ᠶᠢᠨ ᠲᠥᠪ ᠶᠡᠭᠡ ᠬᠥᠭᠦᠷᠭᠡ ᠵᠡᠷᠭᠡ | ᠲᠥᠷᠥᠯ ᠵᠦᠢᠯ ᠢ ᠦᠷᠭᠦᠯᠵᠢᠯᠡᠨ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠪᠠᠷ ᠴᠢᠷᠮᠠᠶᠢᠨ᠂ ᠲᠠᠷᠢᠶᠠᠯᠠᠩ ᠮᠠᠯ ᠠᠵᠤ ᠠᠬᠤᠢ ᠣᠶᠢᠲᠤ ᠣᠷᠣᠨ ᠤ ᠵᠠᠰᠠᠮᠠᠯ | ᠵᠠᠮ ᠤᠨ ᠪᠠᠶᠢᠳᠠᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠣᠯᠠᠨ ᠲᠦᠮᠡᠨ ᠤ ᠣᠷᠣᠵᠣ ᠭᠠᠷᠬᠤ ᠳᠤ ᠨᠠᠩ ᠳᠥᠭᠦᠮ ᠦᠵᠡᠭᠦᠯᠦᠨ ᠵᠠᠮ | ᠬᠠᠷᠢᠯᠴᠠᠭᠠᠨ ᠤ ᠠᠮᠤᠷ ᠲᠦᠪᠰᠢᠨ ᠶᠢ ᠪᠠᠲᠣᠯᠠᠨ᠎ᠠ᠃ ᠦᠶᠡᠷ ᠢ ᠰᠡᠷᠭᠡᠶᠢᠯᠡᠬᠦ ᠢᠨᠵᠧᠨᠧᠷᠢᠩ ᠢ ᠲᠡᠭᠦᠯᠳᠡᠷᠵᠢᠭᠦᠯᠵᠦ᠂ ᠬᠤᠢ ᠭᠤᠣᠯ ᠪᠣᠯᠣᠨᠢᠮᠢᠨ ᠭᠤᠣᠯ ᠤᠨ | ᠭᠤᠣᠯ ᠤᠨ ᠭᠤᠯᠳᠣᠷᠢᠯ ᠢ ᠵᠠᠰᠠᠬᠤ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠡᠨᠧᠷᠭᠢ ᠶᠢᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠬᠤᠸᠠ ᠨᠧᠩ ᠲᠡᠮᠦᠷ ᠵᠠᠮ ᠤᠨ ᠲᠡᠭᠡᠭᠡᠪᠦᠷᠢ ᠶᠢᠨ ᠰᠢᠰᠲ᠋ᠧᠮ ᠢ ᠰᠢᠯᠢᠳᠡᠭᠵᠢᠭᠦᠯᠬᠦ ᠲᠥᠷᠥᠯ ᠵᠦᠢᠯ ᠢ ᠬᠡᠷᠡᠭᠵᠢᠭᠦᠯᠦᠨ᠂ ᠤᠯᠤᠰ ᠤᠨ ᠴᠠᠬᠢᠯᠭᠠᠨ | ᠲᠣᠣᠷ ᠮᠧᠩᠳᠦ᠋ᠩ ᠬᠥᠯᠥᠨ ᠪᠤᠶᠢᠷ ᠳᠠᠬᠢ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ ᠬᠠᠩᠭᠠᠬᠤ ᠦᠢᠯᠡᠴᠢᠯᠡᠭᠡᠨ ᠤ ᠵᠢᠯᠤᠭᠤᠳᠬᠤ ᠲᠥᠪ ᠵᠢᠴᠢ ᠭᠤᠷᠪᠠᠨ 10 | ᠺᠢᠯᠤᠸᠤᠯᠲ ᠪᠠ ᠲᠡᠭᠦᠨ ᠠᠴᠠ ᠪᠠᠭ᠎ᠠ ᠴᠠᠬᠢᠯᠭᠠᠨ ᠲᠦᠭᠡᠭᠡᠬᠦ ᠲᠤᠤᠷ ᠢ ᠥᠭᠡᠷᠡᠴᠢᠯᠡᠬᠦ ᠢᠨᠵᠧᠨᠧᠷᠢᠩ ᠢ ᠪᠦᠲᠦᠭᠡᠨ ᠪᠠᠶᠢᠭᠤᠯᠤᠨ᠎ᠠ᠃ | ︵ᠵᠢᠷᠭᠤᠭ᠎ᠠ︶ ᠠᠷᠠᠳ ᠤᠨ ᠲᠥᠯᠥᠭᠡ ᠰᠢᠷᠭᠠᠭᠤ ᠵᠢᠳᠬᠦᠵᠦ᠂ ᠠᠷᠠᠳ ᠤᠨ ᠠᠮᠢᠵᠢᠷᠠᠭ᠎ᠠ ᠶᠢᠨ ᠬᠡᠰᠢᠭ ᠬᠦᠷᠲᠡᠭᠡᠮᠵᠢ ᠶᠢ ᠨᠡᠮᠡᠭᠳᠡᠭᠦᠯᠦᠨ ᠠᠮᠢᠳᠤᠷᠠᠯ ᠤᠨ | ᠶᠠᠰᠣ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠠᠩᠬᠠᠷᠴᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠵᠢᠷᠠᠭ᠎ᠠ ᠶᠢᠨ ᠢᠨᠵᠧᠨᠧᠷᠢᠩ ᠶᠢᠨ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ | ᠪᠣᠳᠠᠲᠠᠢ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠬᠢᠵᠦ᠂ ᠬᠥᠭᠵᠢᠯᠲᠡ ᠶᠢᠨ ᠦᠷ᠎ᠡ ᠠᠰᠢᠭ ᠢ ᠥᠷᠭᠡᠨ ᠤᠯᠠᠨ ᠲᠦᠮᠡᠨ ᠳᠤ ᠨᠡᠩ ᠢᠯᠡᠭᠦᠦ | ᠬᠦᠷᠲᠡᠭᠡᠨ᠎ᠡ᠃ ᠨᠡᠶᠢᠭᠡᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠨ᠎ᠠ᠃ ᠪᠥᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ | ᠠᠵᠢᠯ ᠣᠯᠭᠤᠯᠲᠠ ᠶᠢ ᠪᠠᠲᠤᠯᠠᠨ᠎ᠠ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠡᠷᠴᠢᠮᠵᠢᠭᠦᠯᠦᠨ᠎ᠡ᠂ | ᠨᠡᠶᠢᠭᠡᠮ ᠤᠨ ᠡᠬᠢ ᠪᠠᠶᠠᠯᠢᠭ ᠢ ᠪᠦᠲᠦᠮᠵᠢᠲᠡᠶ ᠠᠭᠤᠳᠠᠯᠬᠤ ᠪᠠ ᠡᠮᠬᠢᠯᠡᠨ ᠨᠡᠶᠢᠳᠭᠡᠵᠦ᠂ ᠡᠸᠡᠩᠬᠢ ᠶᠢᠨ ᠠᠵᠢᠯᠴᠢᠨ ᠬᠡᠷᠡᠭᠯᠡᠬᠦ ᠵᠥᠭᠡᠯᠡᠨ ᠲᠣᠨᠤᠭ ᠢ ᠨᠡᠭᠡᠭᠡᠨ | ᠬᠥᠭᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠶᠠᠨ ᠢᠶᠠᠷ ᠬᠠᠩᠭᠠᠨ᠎ᠠ᠃ ᠬᠤᠰᠢᠭᠤᠨ ᠤ ᠶᠡᠷᠦᠩᠬᠡᠢ | ᠨᠡᠶᠢᠭᠡᠮ ᠤᠨ ᠠᠰᠠᠷᠠᠮᠵᠢ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠬᠦ ᠲᠥᠷᠥᠯ ᠵᠦᠢᠯ ᠢ ᠠᠬᠢᠭᠤᠯᠵᠤ᠂ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠪᠠᠲᠤ ᠪᠠᠬᠢ ᠰᠦᠯᠵᠢᠵᠦ᠂ ︽ᠪᠣᠳᠠᠰ + ᠦᠢᠯᠡᠴᠢᠯᠡᠭᠡ + ᠣᠶᠣᠨ︾ ᠠᠪᠣᠷᠠᠨ ᠲᠤᠰᠠᠯᠠᠬᠤ | ᠠᠷᠭ᠎ᠠ ᠠᠪᠴᠠᠯ ᠢ ᠬᠡᠷᠡᠭᠵᠢᠭᠦᠯᠵᠦ᠂ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠤᠯᠴᠠᠬᠤ ᠨᠣᠷᠮ᠎ᠠ ᠶᠢ 95% ᠠᠴᠠ ᠳᠡᠭᠡᠭᠰᠢ ᠪᠠᠶᠢᠯᠭᠠᠵᠤ᠂ ᠣᠨᠴᠣᠭᠤᠢ ᠬᠥᠮᠥᠰ ᠤᠨ ᠳᠠᠭᠠᠳᠬᠠᠯ ᠳᠤ ᠣᠷᠤᠯᠴᠠᠬᠤ ᠨᠣᠷᠮ᠎ᠠ ᠶᠢ 100% ᠳᠤ ᠬᠦᠷᠦᠭᠦᠯᠵᠦ᠂ | ᠡᠮ ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠤᠭᠲᠠᠭᠤᠨ ᠢᠶᠠᠷ ᠳᠡᠭᠡᠭᠰᠢᠯᠡᠭᠦᠯᠦᠨ᠎ᠡ᠃ ︽ | ᠨᠢᠭᠡ ᠨᠠᠰᠤᠲᠠᠨ ᠨᠢᠭᠡ ᠪᠠᠭ᠎ᠠ ᠬᠡᠥᠬᠡᠳ︾ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠥᠷᠲᠡᠭᠡ᠂ | ᠨᠠᠰᠣᠲᠠᠨ ᠳᠤ ᠥᠢᠯᠡᠴᠢᠯᠡᠬᠦ ᠥᠷᠲᠡᠭᠡ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠪᠥᠬᠦ ᠤᠯᠤᠰ ᠤᠨ ᠵᠠᠯᠠᠭᠤᠴᠤᠳ ᠤᠨ ᠬᠥᠭᠵᠢᠯᠲᠡ ᠶᠢᠨ ᠮᠠᠶ᠋ᠢᠭ ᠤᠨ ᠰᠢᠶᠠᠨ ᠤ ᠬᠡᠪᠴᠢᠶᠡᠨ ᠤ ᠲᠤᠷᠰᠢᠯᠲᠠ ᠶᠢᠨ ᠴᠢᠭ᠋ ᠤᠨ ᠠᠵᠢᠯ ᠢ ᠠᠬᠢᠭᠤᠯᠤᠨ᠎ᠠ᠃ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠷᠠᠳ ᠤᠨ ᠠᠭᠤᠰᠣᠯᠴᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠰᠠᠶᠢᠲᠤᠷ ᠬᠢᠵᠦ᠂ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠬᠢᠷᠢ ᠲᠦᠪᠰᠢᠨ ᠪᠠ ᠪᠠᠲᠤᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠨᠡᠶᠢᠭᠡᠮ ᠤᠨ ᠦᠢᠯᠡᠰ ᠢ ᠦᠷᠭᠦᠯᠵᠢᠯᠡᠨ ᠴᠡᠴᠡᠭᠯᠡᠭᠦᠯᠦᠨ ᠬᠥᠭᠵᠢᠭᠦᠯᠦᠨ᠎ᠡ᠃ ᠡᠷᠡᠭᠦᠯ ᠮᠡᠨᠳᠦ ᠡᠸᠡᠩᠬᠢ ᠶᠢᠨ ᠪᠠᠶᠢᠭᠤᠯᠤᠯᠲᠠ ᠶᠢ ᠠᠬᠢᠭᠤᠯᠵᠤ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠬᠤᠰᠢᠭᠤᠨ ᠤ ᠨᠢᠭᠲᠠ ᠬᠡᠯᠪᠡᠷᠢᠲᠦ ᠡᠮᠨᠡᠯᠭᠡ ᠶᠢᠨ | ᠬᠠᠮᠲᠤ ᠴᠣᠭᠴᠠᠵᠢᠭᠤᠯᠤᠭᠰᠠᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ | ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠠᠪᠤᠷᠠᠨ ᠵᠠᠰᠠᠬᠤ | ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ᠂ ᠪᠣᠭᠤᠮ᠎ᠠ ᠡᠪᠡᠳᠴᠢᠨ᠂ ᠪᠷᠦ᠋ᠼᠧᠯ ᠡᠪᠡᠳᠴᠢᠨ ᠵᠡᠷᠭᠡ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠨ᠎ᠠ᠃ ᠵᠢᠭᠠᠨ ᠰᠤᠷᠭᠠᠯᠲᠠ ᠶᠢᠨ ᠨᠥᠬᠦᠴᠡᠯ ᠢ ᠥᠷᠬᠦᠯᠵᠢᠯᠡᠨ | ᠰᠠᠶᠢᠵᠢᠷᠠᠭᠤᠯᠵᠤ᠂ ᠳ᠋ᠠ ᠶᠠᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ | ᠴᠢᠷᠮᠠᠶᠢᠵᠦ᠂ ᠰᠢᠨᠡᠬᠡᠨ ᠪᠠᠷᠠᠭᠤᠨ ᠰᠤᠮᠤ ᠶᠢᠨ ᠬᠡᠦᠬᠡᠳ ᠤᠨ ᠴᠡᠴᠡᠷᠯᠢᠭ ᠤᠨ ᠲᠠᠯᠠᠪᠤᠷ ᠤᠨ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠬᠥᠯᠥᠨ ᠪᠤᠶᠢᠷ | ᠬᠤᠲᠠ ᠲᠠᠢ ᠬᠠᠮᠵᠢᠯᠴᠠᠨ ᠬᠥᠯᠥᠨ ᠪᠤᠶᠢᠷ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠮᠦᠨ᠎ᠡ ᠲᠣᠭᠤᠷᠢᠭ ᠳᠠᠬᠢ ᠵᠢᠭᠠᠨ ᠰᠤᠷᠭᠠᠯᠲᠠ ᠶᠢᠨ ᠳᠠᠳᠤᠯᠭ᠎ᠠ | ᠪᠣᠯᠪᠠᠰᠤᠷᠠᠯ ᠤᠨ ᠠᠰᠠᠷ᠂ ᠰᠣᠷᠣᠭᠴᠢ ᠶᠢᠨ ᠪᠠᠶᠢᠷᠢ᠂ ᠬᠤᠭᠤᠯᠠᠨ ᠭᠡᠷ ᠵᠢᠴᠢ ᠳᠠᠭᠠᠯᠲᠠ ᠲᠦᠭᠦᠭᠡᠷᠦᠮᠵᠢ ᠶᠢᠨ ᠪᠠᠶᠢᠭᠤᠯᠤᠯᠲᠠ ᠶᠢᠨ ᠲᠥᠷᠥᠯ ᠵᠦᠢᠯ ᠢ ᠰᠠᠶᠢᠲᠤᠷ | ᠥᠷᠨᠢᠭᠦᠯᠦᠨ᠎ᠡ᠃ ᠪᠠᠭᠰᠢ ᠶᠢᠨ ᠬᠦᠴᠦᠨ ᠢ ᠴᠢᠩᠭᠠᠷᠠᠭᠤᠯᠵᠤ᠂ ᠢᠯᠡ ᠪᠠᠷ ᠤᠷᠢᠵᠤ ᠡᠯᠰᠡᠬᠦ ᠪᠠ ᠰᠢᠯᠭᠠᠨ ᠡᠯᠰᠡᠬᠦ ᠬᠡᠯᠪᠡᠷᠢ ᠪᠠᠷ ᠳᠠᠮᠵᠢᠭᠤᠯᠤᠨ ᠪᠠᠭᠰᠢ ᠶᠢᠨ | ᠳᠤᠲᠠᠭᠤᠳᠠᠯ ᠢ ᠨᠥᠬᠦᠪᠦᠷᠢᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠢ ᠬᠥᠯᠥᠨ ᠪᠤᠶᠢᠷ ᠬᠤᠲᠠ ᠶᠢᠨ ᠲᠥᠪ ᠬᠤᠲᠠ ᠲᠣᠭᠤᠷᠢᠭ ᠤᠨ ᠰᠤᠳᠤᠯᠤᠨ | ᠪᠣᠯᠪᠠᠰᠤᠷᠠᠭᠤᠯᠬᠤ ᠲᠠᠢ ᠨᠢᠭᠡ ᠴᠣᠭᠴᠠᠵᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠨᠠᠷᠠᠲᠤ ᠪᠠᠭᠰᠢ ᠶᠢᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ᠃ ᠣᠯᠠᠨ ᠨᠡᠶᠢᠲᠡ ᠶᠢᠨ ᠪᠡᠶ᠎ᠡ ᠲᠠᠮᠢᠷ ᠤᠨ ᠦᠢᠯᠡᠴᠢᠯᠡᠭᠡᠨ ᠢ ᠲᠡᠩᠴᠡᠭᠦᠯᠦᠨ ᠬᠦᠭᠵᠢᠭᠦᠯᠵᠦ᠂ 15 ᠮᠢᠨᠦ᠋ᠲ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠲᠣᠭᠲᠠᠭᠤᠨ ᠢᠶᠠᠷ ᠬᠡᠷᠡᠭᠵᠢᠭᠦᠯᠦᠨ᠂ ᠭᠤᠣᠯ ᠤᠨ ᠲᠣᠬᠤᠢ ᠳᠠᠭᠠᠭᠰᠠᠨ ᠪᠡᠶ᠎ᠡ ᠲᠠᠮᠢᠷ ᠤᠨ | ᠴᠡᠴᠡᠷᠯᠢᠭ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠪᠠᠷ ᠢᠳᠡᠪᠬᠢᠲᠡᠢ ᠴᠢᠷᠮᠠᠶᠢᠵᠤ᠂ ᠣᠯᠠᠨ ᠬᠡᠯᠪᠡᠷᠢ ᠮᠠᠶ᠋ᠢᠭ ᠤᠨ ᠪᠡᠶ᠎ᠡ ᠲᠠᠮᠢᠷ ᠤᠨ ᠣᠷᠣᠯᠳᠣᠭᠠᠨ | ᠶᠠᠪᠤᠭᠳᠠᠭᠤᠯᠤᠨ᠎ᠠ᠃ ᠣᠷᠣᠰᠢᠭᠤᠯᠭ᠎ᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠨᠢᠭᠡ ᠥᠷᠲᠡᠭᠡᠨ ᠤ ᠮᠠᠶ᠋ᠢᠭ ᠤᠨ ᠣᠷᠣᠰᠢᠭᠤᠯᠭ᠎ᠠ ᠶᠢᠨ | ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠬᠦ᠂ ᠬᠠᠩᠭᠠᠨ ᠪᠣᠷᠣᠯᠠᠭᠤᠯᠬᠤ᠂ ᠠᠷᠠᠳ ᠤᠨ ᠠᠭᠠᠷ ᠤᠨ | ᠰᠡᠷᠭᠡᠶᠢᠯᠡᠯᠲᠡ᠂ ᠴᠠᠭ ᠠᠭᠤᠷ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ | ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠪᠣᠭᠤᠮᠲᠠ ᠶᠢᠨ ᠠᠵᠢᠯ ᠤᠨ ᠺᠣᠮᠢᠰ ᠤᠨ ᠦᠢᠯᠡᠰ ᠪᠠ ᠨᠡᠶᠢᠲᠡ ᠶᠢᠨ ᠠᠰᠠᠷᠠᠮᠵᠢ ᠶᠢᠨ | ᠨᠢᠭᠦᠯᠡᠰᠦᠩᠭᠦᠢ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠡᠮᠵᠢᠨ᠎ᠠ᠃ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠬᠢᠵᠢᠭᠦᠯᠬᠦ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ | ᠭᠦᠨᠵᠡᠭᠡᠶᠢᠷᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ | ᠳᠡᠯᠭᠡᠷᠡᠭᠦᠯᠦᠨ ᠬᠡᠷᠡᠭᠯᠡᠨ᠎ᠡ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ | ᠰᠠᠶᠢᠬᠠᠨ ᠭᠡᠷ ᠤᠨ ᠰᠤᠷᠲᠠᠯ᠂ ᠦᠨᠡᠨᠴᠢ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠩ ᠣᠯᠠᠨ ᠰᠢᠯᠢᠳᠡᠭ ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠵᠦ᠂ | ᠤᠯᠠᠭᠠᠨᠮᠥ᠋ᠴᠢᠷ ᠤᠨ ᠬᠢᠨ ᠵᠦᠪ ᠢ ᠪᠠᠷᠢᠮᠲᠠᠯᠠᠨ ᠰᠢᠨ᠎ᠡ ᠶᠢ ᠡᠭᠦᠳᠦᠨ ᠬᠦᠭᠵᠢᠭᠦᠯᠬᠦ ᠶᠢ ᠳᠡᠮᠵᠢᠵᠦ᠂ ᠷᠠᠳᠢᠣ᠋ ᠲᠧᠯᠸᠢᠰ᠂ ᠤᠳᠬ᠎ᠠ ᠵᠣᠬᠢᠶᠠᠯ ᠤᠷᠠᠯᠢᠭ᠂ ᠤᠷᠠᠨ | ᠰᠠᠶᠢᠬᠠᠨ ᠤ ᠲᠣᠭᠯᠠᠯᠲᠠ ᠵᠡᠷᠭᠡ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠰᠣᠶᠣᠯ ᠤᠨ ᠥᠪ ᠤᠨ ᠬᠠᠮᠠᠭᠠᠯᠠᠯᠲᠠ ᠪᠠ ᠪᠣᠳᠠᠰ ᠤᠨ ᠪᠤᠰᠤ ᠰᠣᠶᠣᠯ ᠤᠨ ᠥᠪ ᠢ | ᠤᠯᠠᠮᠵᠢᠯᠠᠨ ᠬᠥᠭᠵᠢᠭᠦᠯᠬᠦ ᠶᠢ ᠴᠢᠩᠭᠠᠳᠬᠠᠵᠤ᠂ ᠡᠸᠡᠩᠬᠢ ᠬᠡᠯᠡᠨ ᠤ ᠪᠠᠶᠢᠩᠭᠤ ᠶᠢᠨ ᠬᠡᠷᠡᠭᠯᠡᠭᠡᠨ ᠤ ᠬᠡᠯᠡᠨ ᠤ ᠠᠪᠢᠶᠠᠨ ᠤ ᠦᠭᠡᠰ ᠤᠨ ᠲᠣᠯᠢ ᠶᠢ ᠬᠡᠪᠯᠡᠨ ᠲᠠᠷᠬᠠᠭᠠᠨ᠎ᠠ᠃ | ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠬᠠᠮᠢᠶᠠᠷᠤᠨ᠎ᠠ᠃ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠴᠢᠨᠠᠷᠲᠠᠢ ᠰᠢᠰᠲ᠋ᠧᠮ ᠤᠨ ᠴᠢᠨᠠᠷᠲᠠᠢ ᠡᠷᠡᠰᠳᠡᠯ ᠥᠯᠥ ᠭᠠᠷᠭᠠᠬᠤ | ᠬᠢᠵᠠᠭᠠᠷ ᠱᠤᠭᠤᠮ ᠢ ᠡᠷᠡᠰ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠦᠨᠳᠦ ᠨᠣᠴᠢᠲᠠᠢ ᠶᠡᠭᠡ ᠠᠳᠡᠯ ᠪᠠ ᠢᠳᠡᠭᠡᠨ ᠂ ᠡᠮ ᠤᠨ ᠵᠦᠢᠯ ᠤᠨ ᠠᠮᠤᠷ ᠲᠦᠪᠰᠢᠨ ᠤ ᠠᠰᠠᠭᠤᠳᠠᠯ ᠥᠯᠥ | ᠭᠠᠷᠬᠤ ᠶᠢ ᠦᠨᠡᠨ ᠬᠦ ᠪᠠᠲᠤᠯᠠᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠬᠤ | ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠪᠠ ᠲᠤᠶᠢᠯᠰᠢᠷᠠᠩᠭᠤᠢ ᠴᠠᠭ ᠠᠭᠤᠷ ᠢ | ᠠᠷᠭᠠᠴᠠᠬᠤ ᠵᠡᠷᠭᠡ ᠠᠵᠢᠯ ᠢ ᠰᠠᠶᠢᠲᠤᠷ ᠠᠳᠬᠤᠨ᠎ᠠ᠃ ᠰᠦᠯᠵᠢᠶᠡᠨ ᠤ ᠰᠢᠨ᠎ᠡ ᠮᠠᠶ᠋ᠢᠭ ᠤᠨ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠶᠢ | ᠰᠡᠷᠭᠡᠶᠢᠯᠡᠨ᠂ ᠡᠷᠡᠰ ᠴᠣᠬᠢᠯᠲᠠ ᠥᠭᠴᠦ᠂ ᠨᠡᠩ ᠥᠨᠳᠥᠷ ᠬᠢᠷᠢ ᠲᠦᠪᠰᠢᠨ ᠪᠦᠬᠦᠢ ︽ᠠᠮᠤᠷ ᠠᠮᠤᠭᠤᠯᠠᠩ ᠡᠸᠡᠩᠬᠢ︾ ᠶᠢ ᠪᠦᠲᠦᠭᠡᠨ ᠪᠠᠶᠢᠭᠤᠯᠤᠨ᠎ᠠ᠃ ᠰᠢᠨ᠎ᠡ | ᠴᠠᠭ ᠦᠶ᠎ᠡ ᠶᠢᠨ ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠵᠦᠪᠯᠡᠯᠳᠦᠨ | ᠬᠠᠷᠢᠯᠴᠠᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ | ᠳᠤᠨᠢ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠢ ᠪᠠᠲᠤᠯᠠᠨ᠎ᠠ᠃ |