ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠬᠤᠰᠢᠭᠤᠨ ᠤ ᠵᠠᠰᠠᠭ ᠤᠨ | ᠣᠷᠳᠣᠨ ᠤ ᠠᠯᠪᠠᠨ ᠭᠡᠷ ᠭᠡᠵᠦ ᠲᠣᠪᠴᠢᠯᠠᠨ᠎ᠠ︶ ᠪᠣᠯ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠰᠠᠯᠠᠭᠠᠨ ᠲᠠᠰ ᠤᠨ ᠠᠵᠢᠯ ᠤᠨ ᠰᠠᠯᠪᠣᠷᠢ ᠪᠣᠯᠣᠨ᠎ᠠ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠯᠤᠰ ᠤᠨ ᠦᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠫᠠᠶᠢᠰᠠ ᠶᠢ ᠨᠡᠮᠡᠵᠦ ᠡᠯᠭᠦᠵᠦ ᠪᠠᠶᠢᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠬᠤᠯᠪᠣᠭᠳᠠᠯ ᠪᠦᠬᠦᠢ ᠠᠯᠪᠠᠨ ᠪᠢᠴᠢᠭ ᠪᠣᠯᠣᠨ ᠴᠢᠬᠤᠯᠠ ᠮᠠᠲ᠋ᠧᠷᠢᠶᠠᠯ ᠢ ᠲᠤᠭᠤᠷᠪᠢᠨ ᠪᠢᠴᠢᠬᠦ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ | ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠵᠣᠬᠢᠶᠠᠨ ᠪᠠᠶᠢᠭᠤᠯᠤᠨ ᠲᠤᠭᠤᠷᠪᠢᠵᠤ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ | ᠣᠷᠳᠣᠨ ᠤ ᠠᠯᠪᠠᠨ ᠭᠡᠷ ᠪᠣᠯᠣᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠪᠠᠶᠢᠭᠤᠯᠤᠯᠭ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠬᠢᠨᠠᠨ ᠬᠠᠷᠭᠤᠭᠤᠯᠵᠣ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ | ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ᠎ᠠ ᠃ | ︵ᠬᠤᠶᠠᠷ︶ᠵᠢᠭᠠᠪᠤᠷᠢᠠᠪᠬᠤᠵᠦ᠋ᠢᠯ ᠢᠲ᠋ᠣᠭᠤᠷᠪᠢᠭᠰᠠᠨᠰᠠᠨᠠᠯ ᠢᠰᠣᠳᠣᠯᠣᠨᠠ᠃ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠪᠣᠯᠣᠨ | ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠬᠤᠰᠢᠭᠤᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠵᠦᠢᠯᠡᠰ ᠢ ᠰᠤᠳᠤᠯᠵᠤ᠂ | ᠲᠣᠭᠤᠷᠪᠢᠬᠤ ᠰᠠᠨᠠᠯ ᠢᠶᠠᠨ ᠳᠤᠷᠠᠳᠴᠤ᠂ ᠬᠤᠰᠢᠭᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠬᠤ ᠨᠥᠬᠦᠳ ᠢᠶᠠᠷ ᠬᠢᠨᠠᠨ ᠵᠥᠪᠰᠢᠶᠡᠷᠡᠭᠦᠯᠦᠨ᠎ᠡ᠃ | ︵ᠭᠤᠷᠪᠠ︶ ᠴᠢᠬᠤᠯᠠ ᠠᠰᠠᠭᠤᠳᠠᠯ ᠢ ᠬᠠᠷᠢᠭᠤᠴᠠᠨ ᠶᠡᠷᠦᠩᠬᠡᠶᠢᠯᠡᠨ ᠵᠤᠬᠢᠴᠠᠭᠤᠯᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ | ᠨᠥᠬᠦᠳ ᠤᠨ ᠴᠣᠬᠤᠯᠠᠪᠤᠷᠢ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠶᠢᠨ ᠬᠤᠭᠤᠷᠣᠨᠳᠣᠬᠢ | ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠵᠣᠬᠢᠴᠠᠭᠤᠯᠵᠤ᠂ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠰᠢᠢᠳᠪᠦᠷᠢᠯᠡᠬᠦ ᠰᠠᠨᠠᠯ ᠢᠶᠠᠨ | ᠳᠡᠪᠰᠢᠭᠦᠯᠵᠦ ᠲᠣᠭᠲᠠᠭᠠᠯᠭᠠᠨ᠎ᠠ᠃ | ︵ᠳᠥᠷᠪᠡ︶ ᠴᠠᠬᠢᠮ ᠮᠠᠲ᠋ᠧᠷᠢᠶᠠᠯ ᠢ ᠭᠦᠢᠴᠡᠳᠬᠡᠬᠦ ᠪᠠ ᠠᠯᠪᠠᠨ ᠪᠢᠴᠢᠭ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ | ᠪᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠴᠠᠬᠢᠮ ᠮᠠᠲ᠋ᠧᠷᠢᠶᠠᠯ ᠢᠶᠠᠷ ᠭᠦᠢᠴᠡᠳᠬᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ | ᠣᠷᠳᠣᠨ ᠵᠢᠴᠢ ᠵᠠᠰᠠᠭ ᠤᠨᠣᠷᠳᠣᠨ ᠤ ᠠᠯᠪᠠᠨ ᠭᠡᠷ ᠤᠨ ᠲᠣᠭᠤᠷᠪᠢᠵᠤ ᠲᠠᠷᠬᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠠᠤᠯᠢ ᠶᠣᠰᠣᠨ ᠤ | ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ | ︵ᠲᠠᠪᠤ︶ ᠬᠤᠷᠠᠯ ᠤᠨ ᠶᠠᠪᠤᠳᠠᠯ ᠵᠢᠴᠢ ᠬᠤᠷᠠᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ᠂ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ | ᠶᠢᠨ ᠠᠵᠢᠯᠯᠠᠭ᠎ᠠ ᠵᠢᠴᠢ ᠬᠤᠷᠠᠯ ᠬᠤᠢ ᠶᠢᠨ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠴᠢᠬᠤᠯᠠ ᠬᠤᠷᠠᠯ ᠤᠨ ᠬᠢᠨᠠᠨ | ᠵᠦᠪᠰᠢᠷᠡᠭᠦᠯᠵᠦ ᠬᠤᠷᠠᠯᠳᠤᠭᠤᠯᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠢᠶᠠᠷ | ᠲᠤᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠭᠦᠢᠴᠡᠳᠭᠡᠨ᠎ᠡ᠃ | ︵ᠵᠢᠷᠭᠤᠭ᠎ᠠ︶ ᠬᠤᠰᠢᠭᠤᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ | ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠭᠦᠢᠴᠡᠳᠭᠡᠬᠦ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ | ᠣᠷᠳᠣᠨ ᠤ ᠨᠡᠷ᠎ᠡ ᠪᠠᠷ ᠬᠢᠬᠦ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃ | ︵ᠳᠣᠯᠤᠭ᠎ᠠ︶ ᠴᠢᠬᠤᠯᠠ ᠠᠵᠢᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤᠨ ᠤ | ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠬᠤᠰᠢᠭᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠣᠬᠤᠯᠠᠪᠤᠷᠢ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ᠂ ᠰᠢᠪᠠᠳᠠᠨ ᠰᠢᠢᠳᠪᠦᠷᠢᠯᠡᠭᠦᠯᠬᠦ᠂ | ᠬᠠᠷᠢᠭᠤ ᠲᠤᠰᠬᠠᠬᠤ ᠵᠡᠷᠭᠡ ᠠᠵᠢᠯ ᠢ ᠡᠭᠦᠷᠭᠡᠯᠡᠨ᠎ᠡ᠃ | ︵ᠨᠠᠢᠮᠠ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠪᠠ ᠪᠠᠶᠢᠴᠠᠭᠠᠨ ᠰᠤᠳᠤᠯᠤᠯᠲᠠ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ | ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠭᠡ ᠬᠠᠩᠭᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠪᠠᠶᠢᠴᠠᠭᠠᠨ | ᠰᠤᠳᠤᠯᠬᠤ ᠠᠵᠢᠯ ᠢ ᠵᠣᠬᠢᠶᠠᠨ ᠪᠠᠶᠢᠭᠤᠯᠵᠤ ᠲᠣᠬᠢᠷᠠᠭᠤᠯᠬᠤ ᠶᠢ ᠬᠠᠷᠢᠭᠤᠴᠠᠨ᠎ᠠ᠃ | ︵ᠶᠢᠰᠦ︶ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ | ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ | ᠬᠠᠷᠢᠭᠤᠴᠠᠵᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠵᠢᠯᠣᠭᠤᠳᠤᠨ᠎ᠠ᠃ | ︵ᠠᠷᠪᠠ︶ ᠬᠤᠰᠢᠭᠤᠨ ᠵᠠᠰᠠᠭ ᠤᠨ ᠣᠷᠳᠣᠨ ᠤ ᠶᠡᠷᠦᠩᠬᠡᠢ ᠵᠢᠵᠢᠭᠦᠷ ᠤᠨ ᠠᠵᠢᠯ ᠢ ᠬᠠᠷᠢᠭᠤᠴᠠᠨ᠎ᠠ᠃ ᠴᠢᠬᠤᠯᠠ ᠪᠠᠶᠢᠳᠠᠯ ᠢ ᠴᠠᠭ ᠲᠤᠬᠠᠢ ᠳᠤᠨᠢ | ᠮᠡᠳᠡᠭᠦᠯᠵᠦ᠂ ᠬᠤᠯᠪᠣᠭᠳᠠᠬᠤ ᠠᠰᠠᠭᠤᠳᠠᠯ ᠢ ᠬᠠᠮᠵᠢᠨ ᠰᠢᠢᠳᠪᠦᠷᠢᠯᠡᠨ᠎ᠡ᠃ | ︵ᠠᠷᠪᠠᠨ ᠨᠢᠭᠡ︶ ᠪᠠᠶᠢᠭᠤᠯᠭ᠎ᠠ ᠶᠢᠨ ᠠᠵᠢᠯ ᠢ ᠬᠠᠮᠢᠶᠠᠷᠴᠣ ᠬᠠᠷᠢᠭᠤᠴᠠᠨ᠎ᠠ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠠᠷᠪᠢᠯᠠᠯᠲᠠ ᠳᠤ | ᠬᠢᠨᠠᠯᠲᠠ ᠲᠠᠯᠪᠢᠬᠤ᠂ ᠠᠯᠪᠠᠨ ᠶᠠᠪᠤᠳᠠᠯ ᠳᠤ ᠬᠡᠷᠡᠭᠯᠡᠬᠦ ᠭᠡᠷ ᠪᠠᠶᠢᠰᠢᠩ᠂ ᠠᠯᠪᠠᠨ ᠤ ᠲᠡᠷᠭᠡ ᠶᠢᠨ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ᠎ᠠ᠃ | ︵ᠠᠷᠪᠠᠨ ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢ | ᠨᠢᠭᠡᠳᠦᠯᠲᠡᠢ ᠲᠥᠯᠥᠪᠯᠡᠨ ᠪᠠᠶᠢᠭᠤᠯᠤᠨ ᠪᠦᠷᠢᠨᠰᠢᠭᠦᠯᠵᠦ᠂ ᠪᠥᠬᠦ ᠬᠤᠰᠢᠭᠤᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠤᠨ᠂ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ | ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠬᠠᠷᠢᠭᠤᠴᠠᠨ᠎ᠠ᠃ | ︵ᠠᠷᠪᠠᠨ ᠭᠤᠷᠪᠠ︶ ᠭᠠᠳᠠᠭᠠᠳᠤ ᠶᠠᠪᠤᠳᠠᠯ ᠤᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠬᠠᠮᠢᠶᠠᠷᠤᠨ᠎ᠠ᠃ | ︵ᠠᠷᠪᠠᠨ ᠳᠥᠷᠪᠡ︶ ᠬᠤᠰᠢᠭᠤᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ ᠪᠡᠯᠡ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠵᠦ᠂ ᠬᠤᠰᠢᠭᠤᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢ ᠬᠢᠨᠠᠨ ᠬᠠᠮᠢᠶᠠᠷᠣᠨ᠎ᠠ᠃ | ︵ᠠᠷᠪᠠᠨ ᠲᠠᠪᠤ︶ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ | ᠥᠮᠴᠢᠯᠡᠯᠲᠥ ᠡᠳ᠋ ᠬᠥᠷᠥᠩᠭᠡ ᠬᠤᠳᠠᠯᠳᠤᠨ ᠠᠪᠬᠤ᠂ ᠰᠢᠢᠳᠪᠦᠷᠢᠯᠡᠬᠦ ᠪᠠ ᠠᠰᠢᠭᠯᠠᠬᠤ ᠠᠵᠢᠯ ᠢ ᠬᠢᠨᠠᠨ ᠵᠥᠪᠰᠢᠶᠡᠷᠡᠨ᠎ᠡ᠃ | ︵ᠠᠷᠪᠠᠨ ᠵᠢᠷᠭᠤᠭ᠎ᠠ︶ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠨᠢᠭᠡᠳᠦᠯᠲᠡᠢ ᠬᠠᠮᠢᠶᠠᠷᠬᠤ ᠪᠠ ᠵᠣᠬᠢᠴᠠᠭᠤᠯᠤᠨ᠎ᠠ᠃ | ︵ᠠᠷᠪᠠᠨ ᠳᠣᠯᠤᠭ᠎ᠠ︶ ᠬᠥᠬᠡᠬᠤᠲᠠ ᠳᠤ ᠰᠠᠭᠤᠭ᠎ᠠ ᠬᠤᠰᠢᠭᠤᠨ ᠤ ᠬᠤᠯᠪᠣᠭ᠎ᠠ ᠠᠪᠬᠤ ᠲᠥᠪ ᠢ ᠬᠠᠷᠢᠭᠤᠴᠠᠨ ᠬᠠᠮᠢᠶᠠᠷᠤᠨ᠎ᠠ᠃ | ︵ᠠᠷᠪᠠᠨ ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃ | |