ᠡᠸᠡᠩᠬᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠭ᠎ᠠ ᠶᠢᠨ ᠲᠤᠪᠴᠢ ᠲᠠᠨᠢᠯᠴᠠᠭᠤᠯᠭ᠎ᠠ ︵ᠭᠤᠷᠪᠠ︶
ᠨᠡᠶᠢᠲᠡᠯᠡᠭᠰᠡᠨ ᠴᠠᠭ᠄
2023/9/1
ᠭᠤᠷᠪᠠ᠂ ᠬᠠᠷᠢᠶ᠎ᠠ ᠪᠠᠶᠢᠭᠤᠯᠤᠮᠵᠢ       ︵ᠨᠢᠭᠡ︶ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠰᠢᠭᠤᠳ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭ᠎ᠠ ᠶᠢᠨ ᠲᠠᠰ ᠲᠠᠢ ᠲᠡᠩᠴᠡᠨ᠎ᠡ᠃       1. ᠭᠤᠣᠯ ᠡᠭᠦᠷᠭᠡ ᠬᠠᠷᠢᠭᠤᠴᠠᠯᠭ᠎ᠠ       ︵1︶ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠲᠥᠯᠦᠪᠵᠢᠭᠦᠯᠭᠡ᠂ ᠳᠦᠷᠢᠮ ᠲᠣᠭᠲᠠᠭᠠᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵2︶ ᠪᠥᠬᠦ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠢ ᠠᠬᠢᠭᠤᠯᠬᠤ᠂ ᠵᠢᠯᠤᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠡᠭᠦᠷᠭᠡᠯᠡᠵᠦ᠂ ᠡᠨᠧᠷᠭᠢ ᠶᠢᠨ ᠬᠤᠷᠣᠭᠳᠠᠯ ᠤᠨ ᠲᠤᠭ᠎ᠠ ᠪᠠᠷᠢᠮᠲᠠ ᠶᠢ ᠪᠦᠷᠢᠳᠬᠡᠬᠦ᠂ ᠡᠨᠧᠷᠭᠢ ᠠᠷᠪᠢᠯᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠ ᠦᠨᠡᠯᠡᠵᠦ ᠬᠢᠨᠠᠨ ᠰᠢᠯᠭᠠᠬᠤ ᠵᠡᠷᠭᠡ ᠠᠵᠢᠯ ᠢ ᠥᠷᠨᠢᠭᠦᠯᠦᠨ᠎ᠡ᠃      ︵3︶ ᠪᠥᠬᠦ ᠬᠤᠰᠢᠭᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠬᠤᠰᠢᠭᠤᠨ ᠤ ᠲᠣᠰ ᠱᠠᠲᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠰᠢᠨᠡᠳᠬᠡᠬᠦ᠂ ᠰᠢᠯᠵᠢᠭᠦᠯᠦᠨ ᠲᠣᠬᠢᠷᠠᠭᠤᠯᠬᠤ᠂ ᠰᠢᠢᠳᠪᠦᠷᠢᠯᠡᠬᠦ ᠠᠵᠢᠯ ᠢ ᠡᠭᠦᠷᠭᠡᠯᠡᠨ᠎ᠡ︔ ᠬᠤᠰᠢᠭᠤᠨ ᠤ ᠲᠣᠰ ᠱᠠᠲᠤᠨ ᠤ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ ᠬᠡᠷᠡᠭᠯᠡᠬᠦ ᠠᠵᠢᠯ ᠢ ᠥᠷᠨᠢᠭᠦᠯᠦᠨ᠎ᠡ︔ ᠠᠯᠪᠠᠨ ᠶᠠᠪᠤᠳᠠᠯ ᠤᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ︔ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵4︶ ᠬᠤᠰᠢᠭᠤᠨ ᠤ ᠲᠣᠰ ᠱᠠᠲᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠯᠪᠠᠨ ᠭᠡᠷ ᠲᠤ ᠬᠡᠷᠡᠭᠯᠡᠬᠦ ᠭᠡᠷ ᠪᠠᠶᠢᠰᠢᠩ᠂ ᠭᠠᠵᠠᠷ ᠤᠨ ᠲᠠᠰ ᠤᠨ ᠺᠠᠳ᠋ᠷ ᠤᠨ ᠡᠷᠭᠢᠯᠲᠡ ᠶᠢᠨ ᠣᠷᠣᠨ ᠰᠠᠭᠤᠴᠠ ᠶᠢᠨ ᠡᠷᠬᠡ ᠶᠢᠨ ᠬᠠᠷᠢᠶᠠᠯᠠᠯ ᠢ ᠳᠠᠩᠰᠠᠯᠠᠬᠤ᠂ ᠬᠡᠷᠡᠭᠯᠡᠵᠦ ᠲᠣᠬᠢᠷᠠᠭᠤᠯᠬᠤ᠂ ᠳᠤᠮᠳᠠ ᠲᠣᠮᠣ ᠬᠡᠯᠪᠡᠷᠢ ᠶᠢᠨ ᠰᠡᠯᠪᠢᠨ ᠵᠠᠰᠠᠬᠤ᠂ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ᠃      ︵5︶ ᠬᠤᠰᠢᠭᠤᠨ ᠤ ᠲᠣᠰ ᠱᠠᠲᠤᠨ ᠤ ᠲᠥᠪᠯᠡᠷᠡᠭᠦᠯᠦᠨ ᠠᠵᠢᠯᠯᠠᠬᠤ ᠲᠣᠭᠤᠷᠢᠭ᠂ ᠭᠠᠵᠠᠷ ᠤᠨ ᠲᠠᠰ ᠤᠨ ᠺᠠᠳ᠋ᠷ ᠤᠨ ᠡᠷᠭᠢᠯᠲᠡ ᠶᠢᠨ ᠣᠷᠣᠨ ᠰᠠᠭᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃      ︵6︶ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠬᠤᠯᠪᠣᠭᠳᠠᠯ ᠪᠦᠬᠦᠢ ᠪᠤᠰᠤᠳ ᠠᠵᠢᠯ ᠢ ᠬᠠᠷᠢᠭᠤᠴᠠᠨ᠎ᠠ᠃      2. ᠳᠣᠲᠣᠭᠠᠳᠤ ᠪᠠᠶᠢᠭᠤᠯᠤᠮᠵᠢ      ︵1︶ ᠶᠡᠷᠦᠩᠬᠡᠶᠢᠯᠡᠭᠰᠡᠨ‌ᠠᠯᠪᠠᠨ‌‍ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠢ ᠲᠤᠭᠤᠷᠪᠢᠬᠤ᠂ ᠬᠡᠪᠯᠡᠯ ᠤᠨ ᠪᠠᠲᠤᠯᠠᠭ᠎ᠠ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠬᠤᠷᠠᠯ ᠤᠨ ᠶᠠᠪᠤᠳᠠᠯ᠂ ᠲᠠᠩᠰᠠ ᠡᠪᠬᠡᠮᠡᠯ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂  ᠭᠥᠯᠢᠶᠡᠨ ᠠᠪᠬᠤ ᠰᠣᠯᠢᠯᠴᠠᠭ᠎ᠠ ᠬᠠᠮᠲᠤᠷᠠᠯᠴᠠᠭ᠎ᠠ ᠶᠢᠨ ᠲᠥᠪ ᠢ  ᠭᠥᠯᠢᠶᠡᠨ ᠠᠪᠬᠤ ᠠᠵᠢᠯ  ᠲᠠᠢ ᠵᠣᠯᠭᠠᠭᠤᠯᠵᠤ ᠬᠤᠯᠪᠣᠭ᠎ᠠ ᠪᠠᠷᠢᠬᠤ ᠠᠵᠢᠯ ᠢ ᠬᠠᠷᠢᠭᠤᠴᠠᠨ᠎ᠠ︔ ᠭᠤᠣᠯ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠬᠠᠮᠢᠶᠠᠷᠤᠯᠲᠠ ᠦᠢᠯᠡᠴᠢᠯᠡᠭᠡ᠂ ᠡᠳ᠋ ᠤᠨ ᠶᠠᠪᠤᠳᠠᠯ ᠵᠡᠷᠭᠡ ᠠᠵᠢᠯ ᠢ ᠡᠭᠦᠷᠭᠡᠯᠡᠨ᠎ᠡ᠃ ᠪᠦᠭᠦ ᠬᠤᠰᠢᠭᠤᠨ ᠤ ᠪᠠᠶᠢᠭᠤᠯᠤᠯᠭ᠎ᠠ ᠶᠢᠨ ᠠᠵᠢᠯ ᠤᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠪᠠᠷᠢᠮᠵᠢᠶᠠᠵᠢᠭᠤᠯᠤᠯᠲᠠ ᠶᠢᠨ ᠠᠵᠢᠯ ᠢ ᠠᠬᠢᠭᠤᠯᠤᠨ᠎ᠠ︔ ᠪᠥᠬᠦ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠶᠢ ᠠᠬᠢᠭᠤᠯᠬᠤ᠂ ᠵᠢᠯᠤᠭᠤᠳᠬᠤ᠂ ᠵᠣᠬᠢᠴᠠᠭᠤᠯᠬᠤ ᠵᠢᠴᠢ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ︔ ᠡᠨᠧᠷᠭᠢ ᠠᠷᠪᠢᠯᠠᠬᠤ ᠵᠦᠢᠯᠡᠰ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵2︶ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠲᠠᠰᠤᠭ᠃ ᠪᠥᠬᠦ ᠬᠤᠰᠢᠭᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠵᠢᠴᠢ ᠲᠣᠬᠢᠷᠠᠭᠤᠯᠬᠤ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠪᠥᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠰᠢᠨᠡᠳᠬᠡᠬᠦ᠂ ᠰᠢᠯᠵᠢᠭᠦᠯᠦᠨ ᠲᠣᠬᠢᠷᠠᠭᠤᠯᠬᠤ᠂ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ︔ ᠪᠥᠬᠦ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠬᠡᠷᠡᠭᠯᠡᠬᠦ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠴᠢᠯᠠᠨ ᠬᠢᠨᠠᠨ ᠬᠠᠮᠢᠶᠠᠷᠤᠯᠲᠠ ᠶᠢᠨ ᠲᠠᠪᠴᠠᠩ ᠤᠨ ᠠᠵᠢᠯᠯᠠᠭᠠᠨ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠳᠤ ᠬᠢᠨᠠᠯᠲᠠ ᠲᠠᠯᠪᠢᠬᠤ ᠳ᠋ᠢᠶᠠᠩᠬᠤᠸᠠ ᠶᠢᠨ ᠡᠳᠦᠷ ᠲᠤᠲᠤᠮ ᠤᠨ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠤᠨ᠎ᠠ︔ ᠪᠥᠬᠦ ᠬᠤᠰᠢᠭᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠲᠦᠷᠢᠶᠡᠰᠦᠯᠡᠬᠦ ᠠᠵᠢᠯ ᠢ ᠡᠭᠦᠷᠭᠡᠯᠡᠨ᠎ᠡ︔ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ︔ ᠠᠯᠪᠠᠨ ᠶᠠᠪᠤᠳᠠᠯ ᠤᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ ︔ ᠬᠤᠰᠢᠭᠤᠨ ᠤ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      ︵3︶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠰᠤᠭ᠃ ᠪᠥᠬᠦ ᠬᠤᠰᠢᠭᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠯᠪᠠᠨ ᠭᠡᠷ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠲᠥᠯᠦᠪᠵᠢᠭᠦᠯᠭᠡ᠂ ᠡᠷᠬᠡ ᠶᠢᠨ ᠬᠠᠷᠢᠶᠠᠯᠠᠯ᠂ ᠲᠣᠬᠢᠷᠠᠭᠤᠯᠤᠯᠲᠠ᠂ ᠰᠢᠢᠳᠪᠦᠷᠢᠯᠡᠵᠦ ᠠᠰᠢᠭᠯᠠᠬᠤ ᠵᠡᠷᠭᠡ ᠠᠵᠢᠯ ᠢ ᠬᠠᠷᠢᠭᠤᠴᠠᠨ᠎ᠠ︔ ᠭᠠᠵᠠᠷ ᠤᠨ ᠲᠠᠰ ᠤᠨ ᠺᠠᠳ᠋ᠷ ᠤᠨ  ᠣᠷᠣᠨ ᠰᠠᠭᠤᠴᠠ ᠶᠢᠨ ᠬᠠᠩᠭᠠᠯᠭ᠎ᠠ ᠶᠢᠨ ᠡᠷᠬᠡ ᠶᠢᠨ ᠬᠠᠷᠢᠶᠠᠯᠠᠯ᠂ ᠰᠢᠯᠵᠢᠭᠦᠯᠦᠨ ᠲᠣᠬᠢᠷᠠᠭᠤᠯᠬᠤ᠂ ᠮᠡᠳᠡᠭᠡ ᠵᠠᠩᠭᠢ ᠶᠢ ᠪᠦᠷᠢᠳᠬᠡᠵᠦ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠨ᠎ᠠ︔ ᠪᠥᠬᠦ ᠬᠤᠰᠢᠭᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠤᠯᠭ᠎ᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠦᠷᠢᠳᠬᠡᠯ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠯᠪᠠᠨ ᠭᠡᠷ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠣᠭᠲᠠᠭᠠᠯ ᠶᠣᠰᠣᠭᠠᠷ ᠬᠢᠨᠠᠨ ᠬᠠᠮᠢᠶᠠᠷᠣᠨ᠎ᠠ᠃      ︵4︶ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠰᠡᠯᠪᠢᠨ ᠵᠠᠰᠠᠬᠤ ᠲᠠᠰᠤᠭ᠃ ᠪᠥᠬᠦ ᠬᠤᠰᠢᠭᠤᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠯᠪᠠᠨ ᠭᠡᠷ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠲᠣᠮᠣ ᠳᠤᠮᠳᠠ ᠰᠡᠯᠪᠢᠨ ᠵᠠᠰᠠᠬᠤ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠨᠠᠯᠲᠠ ᠲᠠᠯᠪᠢᠬᠤ ᠪᠠ ᠳᠡᠩᠰᠡᠯᠡᠨ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ︔ ᠪᠥᠬᠦ ᠬᠤᠰᠢᠭᠤᠨ ᠤ ᠠᠯᠪᠠᠯᠠᠬᠤ ᠲᠣᠭᠤᠷᠢᠭ ᠤᠨ ᠠᠯᠪᠠᠯᠠᠬᠤ ᠭᠡᠷ ᠪᠠᠶᠢᠰᠢᠩ ᠢ ᠰᠡᠯᠪᠢᠨ ᠵᠠᠰᠠᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠰᠢᠯᠭᠠᠨ ᠠᠪᠬᠤ ᠵᠡᠷᠭᠡ ᠠᠵᠢᠯ ᠢ ᠡᠭᠦᠷᠭᠡᠯᠡᠨ᠎ᠡ᠃      ︵5︶ ᠠᠳᠠᠯ ᠠᠬᠤᠢ ᠶᠢᠨ ᠬᠠᠮᠢᠶᠠᠷᠤᠯᠲᠠ ᠶᠢᠨ ᠲᠠᠰᠤᠭ᠃ ᠪᠥᠬᠦ ᠬᠤᠰᠢᠭᠤᠨ ᠤ ᠠᠯᠪᠠᠯᠠᠬᠤ ᠲᠣᠭᠤᠷᠢᠭ᠂ ᠭᠠᠵᠠᠷ ᠤᠨ ᠲᠠᠰ ᠤᠨ ᠺᠠᠳ᠋ᠷ ᠤᠨ ᠣᠷᠣᠨ ᠰᠠᠭᠤᠴᠠ ᠶᠢᠨ ᠬᠠᠩᠭᠠᠯᠭ᠎ᠠ ᠶᠢᠨ ᠠᠳᠠᠯ ᠠᠬᠤᠢ ᠶᠢᠨ ᠬᠠᠮᠢᠶᠠᠷᠤᠯᠲᠠ᠂ ᠬᠤᠷᠠᠯ ᠤᠨ ᠦᠢᠯᠡᠴᠢᠯᠡᠭᠡ ᠵᠡᠷᠭᠡ ᠠᠷᠤ ᠲᠠᠯ᠎ᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔ ᠠᠳᠠᠯ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠳᠠᠭᠠᠭᠠᠴᠢᠯᠠᠯᠲᠠ ᠵᠠᠷᠯᠠᠬᠤ᠂ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠠᠯᠪᠠᠯᠠᠬᠤ ᠲᠣᠭᠤᠷᠢᠭ ᠤᠨ ᠠᠮᠤᠷ ᠲᠦᠪᠰᠢᠨ ᠤ ᠬᠠᠮᠠᠭᠠᠯᠠᠯᠲᠠ᠂ ᠮᠡᠷᠭᠡᠵᠢᠯ ᠤᠨ ᠰᠡᠷᠭᠡᠶᠢᠯᠡᠯᠲᠡ ᠶᠢᠨ ᠬᠢᠨᠠᠨ ᠡᠵᠡᠮᠳᠡᠬᠦ ᠰᠢᠰᠲ᠋ᠧᠮ ᠤᠨ ᠠᠵᠢᠯᠯᠠᠭᠠᠨ ᠤ ᠰᠡᠯᠪᠢᠨ ᠵᠠᠰᠠᠯᠲᠠ᠂ ᠲᠡᠷᠭᠡᠨ ᠵᠣᠭᠰᠣᠭᠠᠯ ᠤᠨ ᠬᠠᠮᠢᠶᠠᠷᠤᠯᠲᠠ ᠪᠠ  ᠪᠡᠯᠡᠳᠭᠡᠮᠵᠢ ᠲᠥᠬᠦᠭᠡᠷᠦᠮᠵᠢ ᠶᠢᠨ ᠰᠡᠯᠪᠢᠨ ᠵᠠᠰᠠᠯᠲᠠ᠂ ᠭᠠᠯ ᠤᠨᠲᠠᠷᠠᠭᠠᠬᠤ ᠠᠶᠤᠩᠭ᠎ᠠ ᠠᠴᠠ ᠰᠡᠷᠭᠡᠶᠢᠯᠡᠬᠦ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠ ᠵᠢᠯᠤᠭᠤᠳᠬᠤ ᠠᠵᠢᠯ ᠢ ᠡᠭᠦᠷᠭᠡᠯᠡᠨ᠎ᠡ᠃ ᠠᠳᠠᠯ ᠠᠬᠤᠢ ᠶᠢᠨ ᠺᠣᠮᠫᠠᠨᠢ ᠶᠢᠨ ᠠᠮᠤᠷ ᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢ ᠰᠢᠯᠭᠠᠨ ᠬᠢᠨᠠᠬᠤ ᠵᠡᠷᠭᠡ ᠠᠵᠢᠯ︔ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠰᠠᠯᠠᠭ᠎ᠠ ᠮᠥᠴᠢᠷ ᠲᠠᠢ ᠬᠠᠷᠢᠯᠴᠠᠬᠤ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠲᠣᠰ ᠱᠠᠲᠤᠨ ᠤ ᠲᠥᠪᠯᠡᠷᠡᠭᠦᠯᠦᠨ ᠠᠵᠢᠯᠯᠠᠬᠤ ᠲᠣᠭᠤᠷᠢᠭ ᠤᠨ ᠠᠵᠢᠯᠲᠠᠨ ᠠᠵᠢᠯᠴᠢᠨ ᠤ ᠬᠤᠭᠤᠯᠠᠨ ᠭᠡᠷ ᠤᠨ ᠦᠢᠯᠡᠴᠢᠯᠡᠭᠡᠨ ᠤ ᠬᠠᠮᠢᠶᠠᠷᠤᠯᠲᠠ ᠪᠠ ᠠᠵᠢᠯᠯᠠᠭᠠᠨ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ︔ ᠬᠤᠭᠤᠯᠠᠨ ᠭᠡᠷ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠭᠠᠭᠠᠴᠢᠯᠠᠯᠲᠠ ᠵᠠᠷᠯᠠᠬᠤ᠂ ᠰᠢᠯᠭᠠᠨ ᠬᠢᠨᠠᠬᠤ ᠠᠵᠢᠯ ᠢ ᠥᠷᠨᠢᠭᠦᠯᠦᠨ᠎ᠡ᠃ᠬᠠᠷᠢᠯᠴᠠᠬᠤ ᠬᠠᠶ᠋ᠢᠭ᠄ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠠᠨᠲᠤᠬᠠᠢ ᠪᠠᠯᠭᠠᠰᠤᠨ ᠤ ᠲᠥᠪ ᠵᠡᠭᠡᠯᠢ  ᠬᠤᠰᠢᠭᠤᠨ ᠤ ᠨᠠᠮ ᠵᠠᠰᠠᠭ ᠤᠨ ᠲᠣᠮᠣ ᠠᠰᠠᠷᠰᠢᠤᠳᠠᠨ ᠳ᠋ᠤᠭᠠᠷ᠄ 021100ᠠᠵᠢᠯ ᠤᠨ ᠤᠲᠠᠰᠤ᠄ 0470 ︱ 8819170ᠠᠵᠢᠯᠯᠠᠬᠤ ᠴᠠᠭ᠄ 9᠄ 00 ︱ 12᠄ 00᠂ 14᠄ 00 ︱ 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ᠬᠠᠷᠢᠭᠤᠴᠠᠯᠭᠠᠲᠠᠨ᠄ ᠴᠣᠯᠮᠣᠨ
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ